︽ᠮᠥᠰᠥ ᠴᠠᠰᠤ + ᠵᠢᠭᠤᠯᠴᠢᠯᠠᠯ︾ ᠤᠨ ᠬᠥᠭᠵᠢᠯᠲᠡ ᠶᠢ ᠠᠬᠢᠭᠤᠯᠤᠶ᠎ᠠ — ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠥᠬᠦᠵᠦ ᠢᠷᠡᠬᠦ ᠲᠠᠰᠢᠷᠠᠮ ᠳᠤ ②
ᠨᠡᠶᠢᠲᠡᠯᠡᠭᠰᠡᠨ ᠴᠠᠭ᠄
2023/12/5
       ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ  ᠪᠠᠶᠢᠷᠢᠯᠠᠵᠤ᠂  ᠭᠠᠵᠠᠷ ᠵᠦᠢ ᠠᠭᠤᠷ ᠠᠮᠢᠰᠬᠤᠯ ᠤᠨ ᠨᠥᠯᠥᠭᠡ ᠪᠠᠷ ᠮᠥᠰᠥ ᠴᠠᠰᠤᠨ ᠤ  ᠡᠬᠢ ᠪᠠᠶᠠᠯᠢᠭ ᠡᠯᠪᠡᠭ ᠳᠡᠯᠪᠡᠭ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠤᠯᠠᠨ᠂ ᠣᠷᠣᠨ ᠨᠤᠲᠤᠭ ᠤᠨ ᠰᠣᠶᠣᠯ ᠲᠠᠮᠢᠷ ᠤᠨ ᠣᠨᠴᠠᠯᠢᠭ ᠢᠯᠡ ᠲᠣᠳᠣ ᠪᠠᠶᠢᠳᠠᠭ᠃ ᠵᠢᠯ ᠪᠦᠷᠢ ᠶᠢᠨ 11 ᠰᠠᠷ᠎ᠠ ᠠᠴᠠ ᠳᠠᠷᠠᠭ᠎ᠠ ᠵᠢᠯ ᠤᠨ 3᠂ 4 ᠰᠠᠷ᠎ᠠ ᠪᠣᠯ ᠮᠠᠨ ᠤ ᠣᠷᠣᠨ ᠤ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠬᠠᠮᠤᠭ ᠤᠨ  ᠬᠥᠭᠵᠢᠶᠡᠨᠲᠡᠢ ᠬᠤᠭᠤᠴᠠᠭ᠎ᠠ ᠪᠣᠯᠣᠨ᠎ᠠ᠃ ᠣᠨᠴᠠᠭᠠᠶᠢᠯᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤᠳᠠᠯ ᠦᠭᠡᠢ ᠮᠠᠨ ᠤ ᠣᠷᠣᠨ ᠳᠤ ᠶᠠᠪᠤᠭᠳᠠᠬᠤ ᠭᠡᠵᠦ ᠪᠠᠶᠢᠭ᠎ᠠ ᠨᠢ ᠡᠪᠦᠯ ᠤᠨ ᠤᠯᠠᠷᠢᠯ ᠤᠨ ᠲᠠᠮᠢᠷ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠭᠰᠠᠨ ᠪᠢᠯᠡ᠃       ︽ᠮᠥᠰᠥ ᠴᠠᠰᠤᠲᠤ ᠲᠠᠯ᠎ᠠ ᠭᠠᠵᠠᠷ ᠴᠸ ᠠᠯᠳᠠ ᠮᠥᠩᠭᠦᠨ ᠠᠭᠤᠯᠠ ᠮᠥᠨ︾᠃  ᠣᠶᠢᠷ᠎ᠠ ᠶᠢᠨ ᠵᠢᠯ ᠳᠤ᠂ ᠮᠠᠨ ᠤ ᠣᠷᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ  ᠴᠢᠬᠤᠯᠠ ᠠᠵᠠ ᠲᠣᠭᠢᠶᠠᠯ ᠪᠤᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠰᠢᠯᠢᠳᠡᠭᠵᠢᠭᠦᠯᠵᠦ᠂  ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ᠂ ᠳᠦᠷᠢᠮ ᠢ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨᠵᠤᠤᠷ ᠤᠨ ︽ᠮᠥᠰᠥ ᠴᠠᠰᠤᠲᠤ ᠬᠢᠯᠢ ᠬᠢᠵᠠᠭᠠᠷ ᠤᠨ ᠵᠢᠭᠤᠯᠴᠢᠯᠠᠯ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠮᠥᠰᠥ ᠴᠠᠰᠤᠨ ᠤ ᠨᠠᠶᠢᠷ᠂ ᠤᠯᠠᠭᠠᠨᠬᠠᠳᠠ ᠶᠢᠨ ︽ᠬᠤᠩᠱᠠᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠬᠦᠢ︾ ᠲᠡᠯᠡᠶ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ  ᠵᠡᠷᠭᠡ  12 ᠮᠥᠰᠥ ᠴᠠᠰᠤᠨ ᠤ  ᠰᠣᠶᠣᠯ ᠵᠢᠭᠤᠯᠴᠢᠯᠠᠯ ᠤᠨ ᠨᠡᠷᠡᠳᠦ ᠲᠦᠷᠦᠯ ᠲᠡᠮᠳᠡᠭ ᠢ ᠱᠤᠭᠤᠪᠠ᠃ ᠡᠭᠦᠨ ᠤ ᠰᠠᠭᠤᠷᠢᠨ ᠳᠡᠭᠡᠷ᠎ᠡ  ᠡᠯ᠎ᠡ ᠠᠶᠢᠮᠠᠭ ᠬᠤᠲᠠ ᠶᠢᠨ ᠬᠢᠨ 132 ᠵᠦᠢᠯ ᠤᠨ ᠥᠪᠡᠷᠮᠢᠴᠡ ᠣᠨᠴᠠᠯᠢᠭ ᠲᠠᠢ᠂ ᠠᠭᠤᠯᠭ᠎ᠠ ᠪᠠᠶᠠᠯᠢᠭ᠂ ᠭᠡᠯᠪᠡᠷᠢ ᠤᠯᠠᠨ ᠶᠠᠩᠵᠤ ᠶᠢᠨ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠠᠯᠢ ᠤᠯᠠᠨ ᠡᠪᠦᠯ ᠤᠨ ᠤᠯᠠᠷᠢᠯ ᠤᠨ ᠤᠷᠠᠨ ᠰᠠᠶᠢᠬᠠᠨ ᠤ ᠲᠣᠬᠯᠠᠯᠲᠠ ᠶᠢᠨ ᠠᠵᠢᠯᠯᠠᠭ᠎ᠠ ᠶᠢ ᠲᠥᠰᠥᠪᠯᠡᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ ᠪᠠᠶᠢᠨ᠎ᠠ᠃       ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠡᠪᠦᠯ ᠤᠨ ᠤᠯᠠᠷᠢᠯ ᠤᠨ ᠵᠢᠭᠤᠯᠴᠢᠯᠠᠯ ᠤᠨ  ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠤᠯᠬᠤ᠂ ᠬᠥᠲᠥᠯᠥᠨ ᠵᠢᠯᠤᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠬᠠᠮᠲᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ  ᠰᠠᠶᠢᠲᠤᠷ ᠠᠳᠬᠤᠵᠤ᠂ ᠣᠶᠤᠨᠴᠢ ᠵᠢᠭᠤᠯᠴᠢᠯᠠᠯ᠂ ᠣᠶᠤᠨᠴᠢ ᠦᠢᠯᠡᠴᠢᠯᠡᠭᠡ᠂ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠵᠢᠭᠤᠯᠴᠢᠯᠠᠬᠰᠠᠳ ᠲᠤ ᠲᠥᠭᠦᠮ ᠦᠵᠡᠭᠦᠯᠭᠦ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠂ ᠠᠭᠤᠯᠭ᠎ᠠ ᠶᠢ ᠪᠠᠶᠠᠯᠢᠭᠵᠢᠭᠤᠯᠵᠤ ᠪᠤᠢ᠃       ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠴᠢᠨᠠᠷ ᠰᠠᠶᠢᠲᠠᠢ ᠦᠢᠯᠡᠴᠢᠯᠡᠭᠡ ᠶᠢ ᠳᠡᠭᠡᠭᠰᠢᠯᠡᠭᠦᠯᠭᠦ ᠠᠵᠢᠯ ᠢ ᠰᠠᠶᠢᠲᠤᠷ ᠬᠢᠬᠦ ᠶᠢ ᠠᠩᠬᠠᠷᠴᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠵᠡᠷᠭᠡ ᠦᠢᠯᠡᠴᠢᠯᠡᠭᠡᠨ ᠤ ᠭᠤᠭᠴᠣᠭᠠᠨ ᠳᠠᠬᠢ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠵᠦ᠂ ᠥᠪᠥᠷ ᠮᠣᠩᠭᠤᠯᠴᠤᠳ ᠤᠨ ᠦᠨᠡᠨᠴᠢ ᠢᠲᠡᠭᠡᠮᠵᠢᠲᠡᠢ ᠪᠠᠶᠢᠬᠤ ᠪᠠ ᠵᠣᠴᠢᠨᠰᠠᠭ ᠬᠠᠯᠠᠭᠤᠮᠰᠤᠭ ᠰᠡᠳᠬᠢᠯᠭᠡ ᠶᠢ ᠢᠯᠡᠷᠡᠭᠦᠯᠵᠦ᠂ ᠥᠷᠭᠡᠨ ᠣᠯᠠᠨ ᠵᠢᠭᠤᠯᠴᠢᠯᠠᠬᠰᠠᠳ ᠲᠤ ᠲᠠᠭᠠᠯᠠᠮᠵᠢᠲᠠᠢ ᠪᠥᠭᠡᠳ ᠪᠠᠶᠠᠷ ᠭᠦᠷ ᠲᠠᠢ ᠵᠤᠭᠠᠴᠠᠨ ᠲᠣᠭᠤᠷᠢᠬᠤ ᠣᠷᠴᠢᠨ ᠢ ᠴᠢᠷᠮᠠᠶᠢᠨ ᠡᠭᠦᠳᠦᠨ᠎ᠡ᠃       ᠰᠢᠨ᠎ᠡ ᠠᠵᠠ ᠲᠤᠭᠢᠶᠠᠯ ᠰᠢᠨ᠎ᠡ ᠬᠥᠭᠵᠢᠯᠲᠡ ᠶᠢ ᠠᠪᠴᠢᠷᠠᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠭᠦ ᠰᠢᠨ᠎ᠡ ᠠᠵᠠ ᠲᠤᠭᠢᠶᠠᠯ ᠢ ᠪᠠᠲᠤᠲᠠᠢ ᠡᠵᠡᠮᠳᠡᠨ᠂  ᠥᠪᠥᠷ ᠮᠣᠩᠭᠤᠯ ᠤᠨ ︽ᠮᠥᠰᠥ ᠴᠠᠰᠤ + ᠰᠣᠶᠣᠯ +  ᠲᠠᠮᠢᠷ  + ᠵᠢᠭᠤᠯᠴᠢᠯᠠᠯ︾ ᠤᠨ  ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ  ᠰᠢᠨ᠎ᠡ ᠨᠢᠭᠡᠨ  ᠳᠡᠭᠲᠡᠷ  ᠲᠤ  ᠭᠠᠷᠭᠠᠰᠤᠭᠠᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ