ᠬᠠᠮᠲᠤ ᠪᠠᠷ ᠮᠥᠰᠥ ᠴᠠᠰᠤᠨ ᠤ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠶ᠎ᠡ
ᠨᠡᠶᠢᠲᠡᠯᠡᠭᠰᠡᠨ ᠴᠠᠭ᠄
2023/12/5
       — ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠥᠬᠦᠵᠦ ᠢᠷᠡᠬᠦ ᠲᠠᠰᠢᠷᠠᠮ ᠳᠤ ③       ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ ᠪᠦᠭᠦ ᠣᠷᠣᠨ ᠤ ᠡᠯ᠎ᠡ ᠭᠠᠵᠠᠷ ᠤᠨ ᠮᠥᠰᠥ ᠴᠠᠰᠤᠨ ᠤ ᠬᠥᠳᠡᠯᠭᠡᠭᠡᠨ ᠤ ᠲᠠᠯᠠᠪᠠᠶ ᠳᠤ ᠭᠦᠷ ᠬᠥᠭᠵᠢᠶᠡᠨ ᠢᠶᠠᠷ ᠪᠢᠯᠬᠠᠵᠤ᠂ ᠬᠡᠦᠬᠡᠳ ᠪᠠᠭᠠᠴᠤᠳ ᠢᠳᠡᠷ ᠵᠠᠯᠠᠭᠤᠴᠤᠳ ᠮᠥᠰᠥ ᠴᠠᠰᠤᠨ ᠤ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠨ᠎ᠡ᠃ ᠣᠶᠢᠷ᠎ᠠ ᠶᠢᠨ ᠵᠢᠯ ᠳᠤ᠂ ᠮᠠᠨ ᠤ ᠣᠷᠣᠨ ᠥᠪᠡᠷᠮᠢᠴᠡ ᠣᠨᠴᠠᠯᠢᠭ ᠪᠦᠬᠦᠢ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ᠂ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠬᠥᠳᠡᠯᠭᠡᠭᠡᠨ ᠳᠤ ᠣᠷᠣᠯᠴᠠᠭᠤᠯᠬᠤ︾ ᠶᠢ ᠭᠦᠨᠵᠡᠭᠡᠢ ᠲᠦᠯᠬᠢᠨ ᠠᠬᠢᠭᠤᠯᠵᠤ᠂ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠯᠠᠨ ᠵᠦᠢᠯ ᠤᠨ ᠮᠥᠰᠥ ᠴᠠᠰᠤᠨ ᠤ ᠲᠥᠷᠥᠯ ᠵᠦᠢᠯ ᠢ ᠥᠷᠭᠡᠨ ᠢᠶᠠᠷ ᠥᠷᠨᠢᠭᠦᠯᠵᠦ᠂ ᠡᠯ᠎ᠡ ᠭᠠᠵᠠᠷ ᠤᠨ ᠤᠯᠠᠨ ᠲᠦᠮᠡᠨ ᠤ ᠮᠥᠰᠥ ᠴᠠᠰᠤᠨ ᠤ ᠠᠵᠢᠯᠯᠠᠭ᠎ᠠ ᠳᠤ ᠣᠷᠤᠯᠴᠠᠬᠤ ᠬᠠᠯᠠᠭᠤᠨ ᠰᠡᠳᠬᠢᠯᠭᠡ ᠡᠳᠦᠷ ᠢᠷᠡᠬᠦᠶ᠎ᠡ ᠥᠨᠳᠥᠷᠵᠢᠵᠦ᠂ ᠮᠥᠰᠥ ᠴᠠᠰᠤᠨ ᠤ ᠬᠥᠳᠡᠯᠭᠡᠭᠡᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ ᠪᠤᠢ᠃       ᠭᠡᠷ ᠤᠨ ᠭᠠᠳᠠᠭ᠎ᠠ ᠠᠴᠠ ᠭᠡᠷ ᠳᠣᠲᠣᠷ᠎ᠠ᠂ ᠮᠥᠰᠥ ᠴᠠᠰᠤᠨ ᠤ ᠬᠥᠳᠡᠯᠭᠡᠭᠡᠨ ᠠᠴᠠ ᠮᠥᠰᠥ ᠴᠠᠰᠤᠨ ᠤ ᠵᠤᠭ᠎ᠠ ᠰᠡᠯᠡᠭᠦᠴᠡᠯ᠂ ᠲᠠᠩ ᠭᠠᠭᠴᠠ ᠡᠪᠦᠯ ᠤᠨ ᠤᠯᠠᠷᠢᠯ ᠳᠤ ᠥᠷᠨᠢᠭᠦᠯᠵᠦ ᠪᠠᠶᠢᠭᠰᠠᠨ ᠠᠴᠠ ᠳᠦᠷᠪᠡᠨ ᠤᠯᠠᠷᠢᠯ ᠳᠤ ᠪᠠᠶᠢᠩᠭᠤᠵᠢᠭᠤᠯᠤᠭᠰᠠᠨ ᠭᠦᠷᠲᠡᠯ᠎ᠡ᠂ ᠮᠠᠨ ᠤ ᠣᠷᠣᠨ ᠮᠥᠰᠥ ᠴᠠᠰᠤᠨ ᠤ ᠬᠥᠳᠡᠯᠭᠡᠭᠡᠨ ᠢ ᠤᠯᠠᠨ ᠲᠦᠮᠡᠨ ᠤ ᠳᠤᠮᠳᠠ ᠦᠷᠭᠦᠯᠵᠢᠯᠡᠨ ᠲᠦᠭᠡᠮᠡᠯᠵᠢᠭᠦᠯᠵᠦ᠂ ᠤᠯᠠᠨ ᠲᠦᠮᠡᠨ ᠤ ᠠᠮᠢᠳᠤᠷᠠᠯ ᠳᠤ ᠠᠭᠤᠰᠬᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠮᠥᠰᠥ ᠴᠠᠰᠤᠨ ᠤ ᠷᠢᠳᠢ ᠰᠢᠳᠢ ᠶᠢ ᠤᠬᠠᠭᠤᠯᠤᠨ ᠳᠡᠯᠭᠡᠷᠡᠭᠦᠯᠦᠨ᠎ᠡ᠃ ᠳᠦᠷᠪᠡᠨ ᠤᠯᠠᠷᠢᠯ ᠢᠶᠠᠷ ᠪᠠᠶᠢᠩᠭᠤᠵᠢᠭᠤᠯᠤᠭᠰᠠᠨ ᠮᠥᠰᠥ ᠴᠠᠰᠤᠨ ᠤ ᠬᠥᠳᠡᠯᠭᠡᠭᠡᠨ ᠨᠢ ᠣᠯᠠᠨ ᠲᠦᠮᠡᠨ ᠤ ᠲᠠᠮᠢᠷ ᠤᠨ ᠬᠥᠳᠡᠯᠭᠡᠭᠡᠨ ᠵᠤᠭ᠎ᠠ ᠰᠡᠯᠡᠭᠦᠴᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠢ ᠤᠯᠠᠷᠢᠯ ᠪᠠ ᠴᠠᠭ ᠲᠤ ᠬᠢᠵᠠᠭᠠᠷᠯᠠᠭᠳᠠᠬᠤ ᠦᠭᠡᠢ ᠪᠤᠯᠭᠠᠵᠤ᠂ ᠵᠢᠯ ᠤᠨ ᠳᠥᠷᠪᠡᠨ ᠤᠯᠠᠷᠢᠯ ᠳᠤ ᠴᠥᠮ ᠮᠥᠰᠥ ᠴᠠᠰᠤᠨ ᠤ ᠬᠠᠪᠤ ᠴᠡᠩᠭᠡᠯ ᠢ ᠡᠳ᠋ᠯᠡᠭᠦᠯᠭᠦ ᠪᠣᠯᠪᠠ᠃ ᠳᠥᠷᠪᠡᠨ ᠤᠯᠠᠷᠢᠯ ᠳᠤ ᠪᠠᠶᠢᠩᠭᠤᠵᠢᠭᠰᠠᠨ ᠮᠥᠰᠥ ᠴᠠᠰᠤᠨ ᠤ ᠬᠥᠳᠡᠯᠭᠡᠭᠡᠨ ᠤ ᠲᠥᠷᠥᠯ ᠵᠦᠢᠯ ᠨᠢ ᠨᠥᠬᠦᠴᠡᠯ ᠱᠠᠭᠠᠷᠳᠠᠯᠭ᠎ᠠ ᠦᠭᠡᠢ᠂ ᠰᠦᠢᠳᠬᠡᠯ ᠪᠠᠭ᠎ᠠ᠂ ᠳᠦᠭᠦᠮ ᠳᠥᠲᠡ ᠪᠠᠶᠢᠳᠠᠭ ᠢᠶᠠᠷ ᠣᠯᠠᠨ ᠤ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠃ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ ᠠᠴᠠ ᠮᠥᠰᠥ ᠴᠠᠰᠤᠨ ᠤ ᠡᠬᠢ ᠪᠠᠶᠠᠯᠢᠭ ᠢ ᠠᠰᠢᠭᠯᠠᠬᠤ᠂ ᠲᠠᠭᠢᠭᠠᠳ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠦᠭᠰᠡᠨ ᠭᠦᠷᠲᠡᠯ᠎ᠡ᠂ ᠮᠠᠨ ᠤ ᠣᠷᠣᠨ  ᠮᠥᠰᠥ ᠴᠠᠰᠤᠨ ᠤ  ᠲᠦᠷᠦᠯ ᠲᠡᠮᠳᠡᠭ ᠢ  ᠲᠠᠰᠤᠷᠠᠯᠳᠠ ᠦᠭᠡᠢ ᠱᠤᠭᠤᠨ᠎ᠠ᠃ ︽ᠮᠥᠰᠥ ᠴᠠᠰᠤ +︾ ᠠᠷᠭ᠎ᠠ ᠭᠡᠯᠪᠡᠷᠢ ᠶᠢ ᠰᠦᠪᠡᠭᠴᠢᠯᠡᠵᠦ᠂ ᠮᠥᠰᠥ ᠴᠠᠰᠤᠨ ᠤ ᠬᠥᠳᠡᠯᠭᠡᠭᠡᠨ ᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠠᠭᠤᠰᠤᠯᠴᠠᠭᠤᠯᠬᠤ ᠶᠢ ᠭᠦᠨᠵᠡᠭᠡᠢ ᠠᠬᠢᠭᠤᠯᠵᠤ᠂ ᠪᠦᠭᠦ ᠣᠷᠣᠨ ᠳᠠᠶᠠᠭᠠᠷ ᠲᠤ ︽ᠬᠥᠮᠥᠨ ᠪᠦᠭᠦᠨ ᠮᠥᠰᠥ ᠴᠠᠰᠤᠨ ᠤ ᠬᠥᠳᠡᠯᠭᠡᠭᠡᠨ ᠢ ᠣᠶᠢᠯᠠᠭᠠᠵᠤ᠂ ᠬᠥᠮᠥᠨ ᠪᠦᠭᠦᠨ ᠮᠥᠰᠥ ᠴᠠᠰᠤᠨ ᠤ ᠬᠥᠳᠡᠯᠭᠡᠭᠡᠨ ᠳᠤ ᠣᠷᠤᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠡᠢ᠃       ᠤᠯᠤᠰ ᠠᠴᠠ ︽ᠮᠥᠰᠥ ᠴᠠᠰᠤᠨ ᠤ ᠬᠥᠳᠡᠯᠭᠡᠭᠡᠨ ᠤ ᠬᠥᠭᠵᠢᠭᠦᠯᠦᠯᠲᠡ ᠶᠢᠨ ᠲᠥᠯᠦᠪᠵᠢᠭᠦᠯᠭᠡ︾ ᠪᠣᠯᠣᠨ ︽ᠪᠦᠭᠦ ᠠᠷᠠᠳ ᠤᠨ ᠮᠥᠰᠥ ᠴᠠᠰᠤᠨ ᠤ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ᠵᠡᠷᠭᠡ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ 2025 ᠣᠨ ᠪᠤᠯᠬᠤ ᠳᠤ᠂ ᠮᠥᠰᠥ ᠴᠠᠰᠤᠨ ᠤ ᠬᠥᠳᠡᠯᠭᠡᠭᠡᠨ ᠳᠤ ᠰᠢᠭᠤᠳ ᠣᠷᠣᠯᠴᠠᠬᠰᠠᠨ ᠬᠥᠮᠥᠨ ᠤ ᠲᠤᠭ᠎ᠠ ᠶᠢ 5000 ᠲᠦᠮᠡ ᠠᠴᠠ ᠳᠠᠪᠠᠭᠤᠯᠵᠤ᠂ 3 ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠭᠤᠯᠤᠨ᠎ᠠ; 2025 ᠣᠨ ᠪᠤᠯᠬᠤ ᠳᠤ᠂ ᠮᠠᠨ ᠤ ᠤᠯᠤᠰ ᠤᠨ ᠮᠥᠰᠥ ᠴᠠᠰᠤᠨ ᠤ ᠬᠥᠳᠡᠯᠭᠡᠭᠡᠨ ᠤ ᠠᠵᠤ ᠦᠢᠯᠡᠰ ᠤᠨ ᠶᠡᠷᠦᠩᠬᠡᠢ ᠬᠡᠪᠴᠢᠶ᠎ᠡ ᠶᠢ 1ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ ᠭᠡᠵᠦ ᠳᠤᠷᠠᠳᠤᠨ ᠭᠠᠷᠭᠠᠪᠠ᠃ ᠢᠯᠠᠩᠭᠤᠶ᠎ᠠ᠂ ᠮᠠᠨ ᠤ ᠣᠷᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠭᠦ ᠪᠣᠯᠤᠭᠰᠠᠨ ᠨᠢ ᠪᠦᠭᠦ ᠣᠷᠣᠨ ᠤ ᠮᠥᠰᠥ ᠴᠠᠰᠤᠨ ᠤ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠵᠠ ᠲᠤᠭᠢᠶᠠᠯ ᠬᠠᠩᠭᠠᠭᠰᠠᠨ ᠨᠢ ᠶᠠᠷᠢᠶᠠᠨ ᠦᠭᠡᠢ᠃ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠲᠤᠵᠤ᠂ ᠪᠦᠭᠦ ᠠᠷᠠᠳ ᠢᠶᠠᠷ ᠢᠶᠠᠨ ᠮᠥᠰᠥ ᠴᠠᠰᠤᠨ ᠤ ᠬᠥᠳᠡᠯᠭᠡᠭᠡᠨ ᠳᠤ ᠤᠷᠤᠯᠴᠠᠵᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠭᠦᠭ ᠨᠡᠮᠡᠷᠢᠯᠡᠶ᠎ᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ