—— ᠪᠢᠳᠡ ᠪᠦᠬᠦ ᠬᠦᠴᠦᠨ ᠢᠶᠠᠷ ᠢᠶᠠᠨ ᠠᠮᠢ ᠠᠬᠤᠢ ᠶᠢ ᠬᠠᠮᠠᠭᠠᠯᠠᠵᠤ᠂ ᠪᠣᠬᠢᠷᠲᠤᠯ ᠦᠭᠡᠢ ᠤᠤᠷ ᠦᠨᠳᠦᠰᠦ ᠶᠢ ᠢᠯᠡᠷᠡᠭᠦᠯᠦᠨ ᠲᠤᠪᠤᠶᠢᠯᠭᠠᠪᠠ᠃ | ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ 18 ᠲᠥᠷᠥᠯ ᠵᠦᠢᠯ ᠢ ᠬᠡᠷᠡᠭᠵᠢᠭᠦᠯᠵᠦ᠂ 3.9 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠠᠮᠠᠭᠠᠯᠠᠯᠲᠠ ᠶᠢᠨ ᠣᠷᠣᠨ ᠤ ᠲᠣᠭᠠᠴᠢᠯᠠᠭᠰᠠᠨ ᠬᠢᠨᠠᠨ ᠬᠡᠮᠵᠢᠯᠲᠡ ᠶᠢᠨ ᠨᠡᠶᠢᠳᠡᠮ | ᠬᠠᠮᠤᠷᠬᠤ ᠶᠢ ᠪᠡᠶᠡᠯᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠨᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ | ᠬᠡᠷ ᠤᠨ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠵᠢᠭᠰᠠᠭᠠᠭᠳᠠᠪᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠲᠣᠭᠲᠠᠭᠤᠨ ᠢᠶᠠᠷ ᠠᠬᠢᠵᠤ᠂ | ᠦᠨᠳᠦᠰᠦᠨ ᠨᠤᠲᠤᠭ ᠪᠡᠯᠴᠢᠭᠡᠷ ᠢ ᠲᠤᠬᠢᠷᠠᠭᠤᠯᠤᠨ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ | 3573 ᠲᠦᠮᠡᠨ ᠮᠦ ᠬᠡᠷᠡᠭᠵᠢᠭᠦᠯᠵᠦ᠂ 78.5 ᠲᠦᠮᠡᠨ ᠮᠦ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ᠂ 28.6 ᠲᠦᠮᠡᠨ ᠮᠦ ᠴᠦᠯᠯᠡᠷᠬᠡᠭᠵᠢᠯ ᠢ ᠵᠠᠰᠠᠬᠤ᠂ 650 | ᠵᠤᠷᠪᠤᠰ ᠢᠳᠡᠭᠳᠡᠮᠡᠯ ᠭᠤᠤ ᠶᠢ ᠵᠠᠰᠠᠬᠤ ᠶᠢ ᠪᠡᠶᠡᠯᠡᠭᠦᠯᠪᠡ᠃ ᠴᠡᠯᠮᠡᠭ ᠠᠭᠠᠷ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ 100% ᠳᠤ ᠬᠦᠷᠴᠦ᠂ 7 ᠵᠢᠯ ᠳᠠᠷᠠᠭᠠᠯᠠᠨ ᠪᠥᠬᠦ ᠣᠷᠣᠨ ᠳᠤ | ᠲᠦᠷᠦᠭᠦᠯᠡᠵᠦ᠂ ᠤᠯᠤᠰ ᠤᠨ ᠬᠢᠨᠠᠨ ᠰᠢᠯᠭᠠᠯᠲᠠ ᠶᠢᠨ ᠣᠭᠲᠣᠯᠤᠭᠠᠰᠤ ᠳᠠᠬᠢ ᠴᠡᠪᠡᠷ ᠰᠠᠶᠢᠨ ᠤᠰᠤᠨ ᠴᠣᠭᠴᠠ ᠶᠢᠨ ᠬᠠᠷᠢᠴᠠᠯ 68.6% ᠳᠤ ᠬᠦᠷᠴᠦ᠂ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠰᠠᠶᠢᠨ ᠪᠠᠶᠢᠪᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠥᠷᠥ ᠶᠢᠨ ᠪᠣᠳᠣᠯᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠨᠢᠭᠡᠴᠢ GDP ᠶᠢᠨ ᠡᠨᠧᠷᠭᠢ ᠶᠢᠨ ᠬᠤᠷᠤᠭᠳᠠᠯ ᠤᠨ ᠡᠭᠦᠷᠭᠡ ᠶᠢ ᠪᠡᠶᠡᠯᠡᠭᠦᠯᠪᠡ᠃ ᠤᠯᠤᠰ ᠤᠨ ᠳᠡᠰ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠨ | ᠳᠠᠭᠤᠰᠬᠠᠵᠤ᠂ ᠪᠠᠷᠢᠨ ᠭᠦᠢᠴᠡᠳᠬᠡᠵᠦ ᠰᠠᠶᠢᠵᠢᠷᠠᠭᠤᠯᠬᠤ ᠲᠣᠭᠲᠠᠴᠠ ᠨᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠤ ᠭᠦᠢᠴᠡᠳ ᠨᠤᠲᠠᠯᠠᠭᠳᠠᠵᠤ᠂ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ︽ᠲᠠᠪᠤ ᠶᠢ | ᠲᠤᠶᠢᠯᠪᠤᠷᠢᠲᠠᠢ ᠡᠬᠢᠯᠡᠭᠦᠯᠬᠦ︾ ᠠᠵᠢᠯᠯᠠᠭ᠎ᠠ ᠶᠢ ᠪᠠᠲᠤᠲᠠᠢ ᠠᠬᠢᠭᠤᠯᠵᠤ᠂ 3400 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠵᠣᠬᠢᠴᠠᠭᠤᠯᠤᠨ | ᠲᠣᠬᠢᠷᠠᠭᠤᠯᠵᠤ᠂ 3497 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠵᠦ᠂ 4.9 ᠳ᠋ᠦᠩᠰᠢᠭᠤᠷ ᠲᠥᠭᠦᠷᠢᠭ ᠤᠨ ᠲᠤᠨᠤᠮᠠᠯ ᠪᠡᠯᠡ ᠮᠥᠩᠭᠦ ᠶᠢ ᠬᠤᠷᠢᠶᠠᠨ | ᠠᠪᠴᠤ᠂ ᠨᠡᠭᠡᠭᠡᠯᠲᠡ ᠶᠢᠨ ᠲᠤᠭᠤᠷᠢᠭ ᠤᠨ ᠠᠵᠢᠯ ᠵᠤᠭᠰᠤᠭᠰᠠᠨ 14 ᠡᠷᠦᠬᠡ ᠠᠵᠤ ᠠᠬᠤᠶᠢᠯᠠᠯ᠂ ᠪᠠᠷᠢᠯᠭ᠎ᠠ ᠵᠤᠭᠰᠤᠭᠰᠠᠨ 4 ᠲᠦᠷᠦᠯ ᠵᠦᠢᠯ ᠢ ᠰᠡᠷᠭᠦᠭᠡᠵᠦ᠂ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠡᠬᠡᠪᠡᠷ ᠳᠡᠭᠡᠭᠰᠢᠯᠡᠪᠡ᠃ | —— ᠪᠢᠳᠡ ᠪᠦᠬᠦ ᠬᠦᠴᠦᠨ ᠢᠶᠠᠷ ᠢᠶᠠᠨ ᠴᠢᠳᠠᠯ ᠬᠤᠷᠠᠮᠳᠤᠭᠤᠯᠵᠤ᠂ ᠥᠭᠡᠷᠡᠴᠢᠯᠡᠯᠲᠡ ᠨᠡᠬᠡᠬᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠨᠢᠭᠡ | ᠴᠣᠩᠬᠤᠪᠴᠢ︾ ᠨᠡᠭᠡᠭᠡᠭᠰᠡᠨ ᠨᠣᠷᠮ᠎ᠠ᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠤᠨ ᠨᠣᠷᠮ᠎ᠠ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ | ᠲᠣᠰ ᠪᠦᠷᠢ 94%᠂ 98.7% ᠪᠠ 97.1% ᠳᠤ ᠬᠦᠷᠴᠦ᠂ 12345 ᠬᠠᠯᠠᠮᠰᠢᠯ ᠤᠲᠠᠰᠤᠨ ᠤ ᠨᠢᠭᠡᠳᠦᠭᠡᠷ ᠨᠣᠮᠧᠷᠲᠤ ᠭᠠᠳᠠᠭᠰᠢ ᠦᠢᠯᠡᠴᠢᠯᠡᠬᠦ ᠶᠢ ᠪᠥᠬᠦ | ᠣᠷᠣᠨ ᠳᠤ ᠲᠦᠷᠦᠭᠦᠯᠡᠨ ᠪᠡᠶᠡᠯᠡᠭᠦᠯᠵᠦ᠂ ᠴᠠᠭ ᠤᠷᠲᠤᠳᠬᠠᠨ ᠦᠢᠯᠡᠴᠢᠯᠡᠬᠦ ᠵᠠᠭᠪᠤᠷ ᠨᠢ ᠣᠯᠠᠨ ᠲᠦᠮᠡᠨ ᠤ ᠰᠠᠶᠢᠰᠢᠶᠠᠯ ᠢ ᠤᠯᠪᠠ᠃ ᠪᠦᠬᠦ ᠬᠤᠲᠠ ᠶᠢᠨ | ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ︽ᠪᠣᠬᠢᠷᠲᠤᠯ ᠦᠭᠡᠢ | ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ | ᠠᠮᠵᠢᠯᠲᠠ ᠲᠠᠢ ᠰᠡᠭᠦᠯ ᠬᠤᠷᠢᠶᠠᠵᠤ᠂ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠳᠤᠮᠳᠠᠳᠤ ᠤᠯᠤᠰ ᠤᠨ ᠲᠠᠷᠢᠶᠠᠯᠠᠩ ᠤᠨ ᠠᠵᠤ | ᠠᠬᠤᠶᠢᠯᠠᠯ ᠤᠨ 500 ᠬᠦᠴᠦᠷᠬᠡᠭ ᠲᠤ ᠣᠷᠣᠵᠤ᠂ ᠲᠦᠷᠦᠯ ᠲᠡᠮᠳᠡᠭᠲᠦ ᠶᠢᠨ ᠥᠷᠲᠡᠭ ᠨᠢ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠲᠤ ᠣᠷᠣᠪᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠨᠢ ᠢᠯᠡᠳᠲᠡ ᠴᠢᠩᠭᠠᠷᠠᠵᠤ᠂ ᠬᠤᠲᠠ ᠶᠢᠨ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ | ᠮᠥᠩᠭᠦ 20% ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ ᠶᠢ ᠡᠭᠦᠳᠬᠦ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | ᠬᠦᠮᠦᠷᠭᠡ ᠳᠤ ᠤᠷᠤᠭᠤᠯᠤᠭᠰᠠᠨ ᠨᠢ ᠲᠣᠰ ᠪᠦᠷᠢ 6 ᠡᠷᠦᠬᠡ᠂ 17 ᠡᠷᠦᠬᠡ ᠪᠠ 35 ᠡᠷᠦᠬᠡ ᠨᠡᠮᠡᠭᠳᠡᠵᠦ᠂ ︽ᠲᠤᠰᠬᠠᠶ ᠨᠠᠷᠢᠯᠢᠭ ᠤᠨᠴᠠ ᠰᠢᠨ᠎ᠡ︾ ᠠᠵᠤ ᠠᠬᠤᠶᠢᠯᠠᠯ | 9 ᠡᠷᠦᠬᠡ ᠰᠢᠨ᠎ᠡ ᠪᠠᠷ ᠨᠡᠮᠡᠭᠳᠡᠨ᠂ ᠳ᠋ᠦ᠋ ᠴᠧᠩ ᠠᠭᠤᠷᠬᠠᠶ ᠶᠢᠨ ᠦᠢᠯᠡᠰ ᠤᠨ ᠵᠠᠬ᠎ᠠ ᠳᠤ ᠭᠠᠷᠬᠤ ᠠᠵᠢᠯ ᠬᠠᠪᠰᠤᠷᠤᠨ ᠵᠢᠯᠣᠭᠤᠳᠬᠤ ᠬᠤᠭᠤᠴᠠᠭᠠᠨ ᠳᠤ ᠣᠷᠣᠵᠤ᠂ | ᠲᠥᠷᠥᠯ ᠵᠦᠢᠯ ᠤᠨ ᠲᠤᠬᠢᠯᠢᠭ ᠴᠢᠨᠠᠷ ᠢᠶᠠᠷ ᠳᠠᠮᠵᠢᠨ 233 ᠨᠡᠷᠡᠰ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ︽ᠳᠤᠮᠳᠠᠳᠤ ᠤᠯᠤᠰ ᠤᠨ ᠬᠦᠢᠲᠡᠨ ᠲᠦᠢᠯ︾ ᠤᠨ | ᠬᠦᠢᠲᠡᠨ ᠡᠬᠢ ᠪᠠᠶᠠᠯᠢᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠠᠮᠵᠢᠯᠲᠠ ᠲᠠᠢ ᠪᠠᠶᠢᠭᠤᠯᠵᠤ᠂ ᠮᠠᠨ ᠤ ᠬᠤᠲᠠ ᠶᠢᠨ ᠠᠩᠬᠠᠳᠠᠭᠴᠢ ᠭᠠᠳᠠᠷ ᠮᠤᠵᠢ | ᠤᠷᠤᠨ ᠳᠤ ᠰᠠᠭᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠬᠤᠯᠪᠣᠭ᠎ᠠ ᠠᠪᠬᠤ ᠭᠠᠵᠠᠷ ᠰᠢᠶᠠᠮᠧᠨ ᠳᠤ ᠪᠠᠶᠢᠭᠤᠯᠤᠭᠳᠠᠪᠠ᠃ ᠮᠠᠨᠵᠤᠤᠷ ᠤᠨ ᠬᠢᠯᠢ | ᠠᠯᠤᠰᠯᠠᠭᠰᠠᠨ ᠴᠠᠬᠢᠮ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠮᠠᠨᠵᠤᠤᠷ᠂ ᠡᠪᠦᠳᠦᠭ᠂ | ᠠᠷᠤᠬᠠᠰᠢᠶᠠᠲᠤ ᠬᠢᠯᠢ ᠶᠢᠨ ᠪᠣᠭᠤᠮᠲᠠ ᠶᠢᠨ ᠪᠤᠭᠤᠮᠲᠠ ᠭᠠᠲᠤᠯᠬᠤ ᠶᠢ ᠰᠡᠷᠭᠦᠭᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠶ ᠲᠤᠭ᠎ᠠ 195.8 ᠳ᠋ᠦᠩᠰᠢᠭᠤᠷ ᠲᠥᠭᠦᠷᠢᠭ ᠲᠤ ᠬᠦᠷᠴᠦ᠂ 24.2% ᠨᠡᠮᠡᠭᠳᠡᠨ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ | 4818 ᠴᠤᠪᠤᠭ᠎ᠠ ᠨᠡᠪᠲᠡᠷᠡᠵᠦ᠂ 40.7% ᠨᠡᠮᠡᠭᠳᠡᠪᠡ᠃ ᠭᠤᠷᠪᠠᠨ ᠲᠠᠯ᠎ᠠ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠬᠥᠯᠥᠨ ᠪᠤᠶᠢᠷ·ᠳᠤᠮᠳᠠᠳᠤ ᠣᠷᠣᠰ | ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠰᠦᠯᠵᠢᠶᠡᠨ ᠳᠠᠬᠢ ᠲᠠᠨᠢᠯᠴᠠᠭᠤᠯᠬᠤ | ᠬᠤᠷᠠᠯ ᠢ ᠠᠮᠵᠢᠯᠲᠠ ᠲᠠᠢ ᠡᠷᠭᠢᠯᠡᠵᠦ᠂ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠶᠠᠪᠤᠯᠴᠠᠭ᠎ᠠ ᠶᠢ ᠨᠠᠩ ᠭᠦᠨᠵᠡᠭᠡᠶᠢᠷᠡᠭᠦᠯᠪᠡ᠃ | —— ᠪᠢᠳᠡ ᠪᠦᠬᠦ ᠬᠦᠴᠦᠨ ᠢᠶᠠᠷ ᠢᠶᠠᠨ ᠨᠢᠭᠡᠳᠦᠯᠲᠡᠢ ᠲᠦᠯᠦᠪᠯᠡᠬᠦ ᠶᠢ ᠠᠳᠬᠤᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ | ᠰᠠᠶᠢᠵᠢᠷᠠᠪᠠ᠃ ᠲᠦᠪ ᠬᠤᠲᠠ ᠲᠣᠭᠤᠷᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠠ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠢᠯᠡᠳᠲᠡ ᠦᠷ᠎ᠡ ᠪᠦᠲᠦᠮᠵᠢ | ᠣᠯᠵᠤ᠂ ᠬᠤᠲᠠ ᠶᠢᠨ ᠶᠠᠪᠤᠳᠠᠯ ᠤᠨ 123 ᠲᠥᠷᠦᠯ ᠵᠦᠢᠯ ᠢ ᠬᠡᠷᠡᠭᠵᠢᠭᠦᠯᠵᠦ᠂ ᠲᠦᠪ ᠬᠤᠲᠠ ᠲᠣᠭᠤᠷᠢᠭ ᠤᠨ ᠭᠤᠣᠯ ᠳᠡᠳ᠋ ᠵᠠᠮ ᠢ 23 ᠵᠤᠷᠪᠤᠰ ᠥᠭᠡᠷᠡᠴᠢᠯᠡᠨ | ᠵᠠᠰᠠᠵᠤ᠂ ︽ᠮᠤᠬᠤᠷ ᠵᠠᠮ︾ ᠢ 15 ᠵᠤᠷᠪᠤᠰ ᠨᠡᠪᠲᠡᠷᠡᠭᠦᠯᠵᠦ᠂ ᠲᠦᠪ ᠬᠤᠲᠠ ᠲᠣᠭᠤᠷᠢᠭ ᠢ ᠬᠤᠯᠪᠣᠭᠰᠠᠨ ᠵᠠᠮ ᠬᠠᠷᠢᠯᠴᠠᠭᠠᠨ ᠤ ᠭᠤᠤᠯ ᠰᠤᠳᠠᠰᠤ ᠪᠤᠯᠬᠤ ᠵᠢᠶᠠᠨ | ᠬᠤᠸᠠ ᠵᠠᠮ ᠢ ᠪᠦᠬᠦ ᠱᠤᠭᠤᠮ ᠢᠶᠠᠷ ᠲᠡᠷᠭᠡ ᠨᠡᠪᠲᠡᠷᠡᠭᠦᠯᠵᠦ᠂ 240 ᠭᠠᠷᠤᠢ ᠠᠷᠠᠳ ᠤᠨ ᠠᠮᠢᠳᠤᠷᠠᠯ ᠤᠨ ᠵᠦᠢᠯᠡᠰ ᠢ ᠪᠦᠬᠦ ᠬᠡᠪᠴᠢᠶᠡᠨ ᠳᠤ ᠨᠡᠶᠢᠳᠡᠮ | ᠭᠦᠢᠴᠡᠳᠭᠡᠬᠦ ᠶᠢ ᠪᠡᠶᠡᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ | 668 ᠨᠠᠶᠢᠷᠠᠭᠤᠯᠤᠨ ᠵᠣᠬᠢᠶᠠᠵᠤ᠂ ᠡᠯ᠎ᠡ ᠱᠠᠲᠤᠨ ᠤ ᠵᠣᠯᠭᠠᠭᠤᠯᠤᠭᠰᠠᠨ ᠪᠠᠯᠠ ᠮᠥᠩᠭᠦ ᠶᠢ 11.1 ᠳ᠋ᠦᠩᠰᠢᠭᠤᠷ ᠲᠥᠭᠦᠷᠢᠭ ᠤᠷᠤᠭᠤᠯᠤᠨ᠂ 468 ᠲᠥᠷᠥᠯ | ᠵᠦᠢᠯ ᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢ 1.1 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ 47 | ᠲᠥᠷᠥᠯ ᠵᠦᠢᠯ ᠢ ᠬᠡᠷᠡᠭᠵᠢᠭᠦᠯᠵᠦ᠂ ᠡᠷᠦᠬᠡ ᠶᠢᠨ ᠠᠷᠢᠭᠤᠨ ᠴᠡᠪᠡᠷ ᠵᠣᠷᠯᠣᠩ ᠢ 8909 ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠰᠠᠭᠤᠷᠢ ᠪᠡᠯᠡᠳᠭᠡᠮᠵᠢ ᠲᠠᠰᠤᠷᠠᠯᠲᠠ ᠥᠬᠡᠶ ᠲᠦᠬᠦᠷᠵᠢᠵᠦ᠂ ︽ᠴᠢᠴᠢᠬᠠᠷ ᠬᠠᠶᠢᠯᠠᠷ ᠮᠠᠨᠵᠤᠤᠷ︾ ᠤᠨ | ᠳᠡᠭᠡᠳᠦ ᠬᠤᠷᠳᠤ ᠶᠢᠨ ᠲᠡᠮᠦᠷ ᠵᠠᠮ ᠤᠨ ᠲᠥᠷᠥᠯ ᠵᠦᠢᠯ ᠤᠨ ᠴᠢᠴᠢᠬᠠᠷ — ᠬᠠᠶᠢᠯᠠᠷ ᠬᠦᠷᠬᠦ ᠶᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ | ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠪᠠ︔ ᠮᠠᠯᠵᠢᠬᠤ ᠲᠠᠷᠢᠶᠠᠯᠠᠬᠤ ᠰᠢᠭᠤᠶᠢᠲᠤ ᠣᠷᠣᠨ ᠤ ᠵᠠᠰᠠᠮᠠᠯ ᠵᠠᠮ ᠢ 997 ᠺᠢᠯᠣᠮᠧᠲᠷ ᠰᠢᠨ᠎ᠡ ᠪᠠᠷ | ᠥᠭᠡᠷᠡᠴᠢᠯᠡᠨ ᠵᠠᠰᠠᠵᠤ᠂ ᠮᠠᠩᠭᠦᠢ — ᠭᠡᠭᠡᠨ ᠭᠤᠣᠯ᠂ ᠨᠢᠷᠬᠢ — ᠲᠡᠩᠭᠡ᠂ ᠥᠨᠢᠷ — ᠲᠠᠷᠴᠢ ᠵᠡᠷᠭᠡ 8 ᠭᠤᠣᠯ ᠱᠤᠭᠤᠮ ᠤᠨ ᠵᠠᠰᠠᠮᠠᠯ ᠵᠠᠮ ᠤᠨ ᠲᠡᠷᠭᠡ | ᠨᠡᠪᠲᠡᠷᠡᠬᠦ ᠶᠢ ᠪᠡᠶᠡᠯᠡᠭᠦᠯᠵᠦ᠂ ᠲᠡᠩᠭᠡ — ᠭᠠᠨ ᠭᠤᠣᠯ ᠲᠠᠷᠢᠶᠠᠯᠠᠩ ᠤᠨ ᠲᠠᠯᠠᠪᠠᠢ᠂ ᠬᠦᠪᠴᠢ ᠣᠢ ᠰᠢᠭᠤᠢ ᠶᠢᠨ ᠲᠠᠯᠠᠪᠠᠢ — ᠭᠡᠭᠡᠨ ᠭᠤᠣᠯ ᠵᠡᠷᠭᠡ ᠲᠥᠷᠥᠯ | ᠵᠦᠢᠯ ᠢ ᠯᠠᠪᠳᠠᠭᠤᠨ ᠢᠶᠠᠷ ᠠᠬᠢᠭᠤᠯᠪᠠ︔ ᠬᠠᠶᠢᠯᠠᠷ ᠤᠨ ᠨᠢᠰᠬᠡᠯ ᠤᠨ ᠪᠠᠭᠤᠳᠠᠯ ᠤᠨ ᠬᠦᠢᠲᠡᠨ ᠳᠤ ᠳᠠᠭᠠᠭᠠᠬᠤ ᠲᠣᠷᠰᠢᠯᠲᠠ ᠶᠢᠨ ᠨᠡᠶᠢᠳᠡᠮ ᠬᠡᠷᠡᠭᠯᠡᠭᠡᠨ ᠤ ᠠᠭᠠᠷ ᠤᠨ | ᠠᠶᠠᠯᠠᠯ ᠤᠨ ᠰᠡᠯᠪᠢᠨ ᠵᠠᠰᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠡᠮᠬᠢ ᠵᠢᠷᠤᠮ ᠲᠠᠢ ᠪᠠᠷ ᠠᠬᠢᠪᠠ︔ 5G ᠰᠠᠭᠤᠷᠢ | ᠥᠷᠲᠡᠭᠡ ᠶᠢ 1474 ᠪᠠ ᠪᠤᠶᠢᠳᠠ ᠪᠦᠭᠯᠡᠭᠦᠦ ᠭᠠᠵᠠᠷ ᠣᠷᠣᠨ ᠳᠤ 4G ᠰᠠᠭᠤᠷᠢ ᠥᠷᠲᠡᠭᠡ ᠶᠢ 524 ᠰᠢᠨ᠎ᠡ ᠪᠠᠷ ᠪᠠᠶᠢᠭᠤᠯᠪᠠ᠃ | —— ᠪᠢᠳᠡ ᠪᠥᠬᠦ ᠬᠦᠴᠦᠨ ᠢᠶᠠᠷ ᠢᠶᠠᠨ ᠠᠷᠠᠳ ᠲᠤ ᠠᠰᠢᠭ ᠬᠦᠷᠲᠡᠭᠡᠵᠦ᠂ ᠨᠡᠶᠢᠭᠡᠮ ᠤᠨ ᠪᠠᠲᠤᠯᠠᠭ᠎ᠠ ᠨᠠᠩ ᠡᠷᠴᠢᠮᠵᠢᠪᠡ᠃ ᠪᠦᠬᠦ ᠬᠤᠲᠠ ᠶᠢᠨ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ ᠶᠢᠨ 70.3% ᠶᠢ ᠡᠵᠡᠯᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠠᠵᠤ ᠠᠬᠤᠢ ᠶᠢᠨ ᠨᠡᠮᠡᠭᠳᠡᠯ ᠲᠠᠢ | ᠵᠡᠷᠭᠡ ᠳᠤ ᠨᠢ ᠪᠠᠶᠢᠬᠤ ᠶᠢ ᠪᠠᠲᠤᠯᠠᠪᠠ᠃ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠰᠠᠭᠤᠷᠢ ᠠᠴᠠ ᠨᠢ ᠪᠠᠲᠤᠯᠠᠵᠤ᠂ ᠬᠤᠲᠠ ᠪᠠᠯᠭᠠᠰᠤᠨ ᠤ 1.22 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ︔ | ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰ | ᠪᠦᠷᠢ 4%᠂ 7% ᠪᠠ 3% ᠨᠡᠮᠡᠭᠳᠡᠪᠡ︔ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠲᠣᠰ ᠲᠣᠰ ᠬᠦᠮᠦᠨ ᠪᠦᠷᠢ | ᠰᠠᠷ᠎ᠠ ᠳᠤ 775 ᠲᠥᠭᠦᠷᠢᠭ᠂ ᠬᠦᠮᠦᠨ ᠪᠦᠷᠢ ᠵᠢᠯ ᠳᠤ 7644 ᠲᠥᠭᠦᠷᠢᠭ ᠲᠤ ᠬᠦᠷᠪᠡ᠃ ᠨᠡᠶᠢᠭᠡᠮ ᠤᠨ ᠠᠵᠢᠯ ᠦᠢᠯᠡᠰ ᠪᠥᠬᠦ ᠲᠠᠯ᠎ᠠ ᠪᠠᠷ ᠳᠡᠪᠰᠢᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠱᠠᠲᠤᠴᠢ | ᠴᠢᠨᠠᠷᠲᠠᠶ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠦᠯᠵᠢᠶᠡᠨ ᠭᠠᠳᠠᠨᠠᠬᠢ ᠬᠢᠴᠢᠶᠡᠯ ᠬᠦᠮᠦᠵᠢᠯ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠭᠠᠰᠬᠠᠭᠰᠠᠨ ᠨᠣᠷᠮ᠎ᠠ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠰᠠᠨ ᠨᠣᠷᠮ᠎ᠠ ᠲᠣᠰ ᠪᠦᠷᠢ 96.6% ᠪᠠ 96.8% ᠳᠤ | ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ 88% ᠳᠤ ᠬᠦᠷᠴᠦ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷᠯᠢᠭ ᠲᠡᠩᠴᠡᠭᠦᠷᠢᠲᠡᠶ ᠰᠢᠶᠠᠨ ᠢ ᠡᠭᠦᠳᠦᠨ ᠪᠠᠶᠢᠭᠤᠯᠬᠤ ᠠᠵᠢᠯ ᠢ | ᠪᠡᠶᠡᠯᠡᠭᠦᠯᠵᠦ᠂ ᠳᠤᠮᠳᠠᠳᠤ ᠰᠤᠷᠭᠠᠭᠤᠯᠢ᠂ ᠶᠡᠭᠡ ᠰᠤᠷᠭᠠᠭᠤᠯᠢ ᠶᠢᠨ ᠰᠢᠯᠭᠠᠯᠲᠠ ᠶᠢᠨ ᠥᠭᠡᠷᠡᠴᠢᠯᠡᠯᠲᠡ ᠯᠠᠪᠳᠠᠭᠤᠨ ᠢᠶᠠᠷ ᠠᠬᠢᠵᠤ᠂ ᠳ᠋ᠠ ᠶᠠᠩ ᠱᠤ᠋ ᠪᠠᠯᠭᠠᠰᠤᠨ ᠳᠤ ᠶᠡᠭᠡ | ᠰᠤᠷᠭᠠᠭᠤᠯᠢ ᠰᠢᠯᠭᠠᠭᠠᠤᠯᠬᠤ ᠴᠡᠭ ᠲᠤᠬᠢᠷᠠᠭᠤᠯᠵᠤ᠂ 34 ᠵᠢᠯ ᠤᠨ ︽ᠤᠨᠳᠤᠤ ᠭᠠᠵᠠᠷ ᠲᠤ ᠶᠡᠭᠡ ᠰᠤᠷᠭᠠᠭᠤᠯᠢ ᠶᠢᠨ ᠡᠯᠰᠡᠬᠦ ᠰᠢᠯᠭᠠᠯᠲᠠ ᠳᠤ ᠤᠷᠤᠯᠴᠠᠵᠤ︾ | ᠪᠠᠶᠢᠭᠰᠠᠨ ᠲᠡᠤᠬᠡ ᠶᠢ ᠡᠴᠦᠰᠯᠡᠭᠦᠯᠪᠡ︔ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠪᠤᠳᠠᠷ ᠡᠪᠡᠳᠴᠢᠨ ᠢ ᠡᠮᠨᠡᠨ ᠵᠠᠰᠠᠬᠤ ᠲᠥᠪ ᠤᠨ ᠡᠮᠴᠢᠯᠡᠭᠡᠨ ᠤ | ᠮᠡᠷᠭᠡᠵᠢᠯ ᠤᠨ ᠡᠪᠡᠳᠴᠢᠲᠡᠨ ᠤ ᠥᠷᠥᠭᠡ ᠶᠢᠨ ᠶᠡᠷᠦᠩᠬᠡᠶᠢᠯᠡᠭᠰᠡᠨ ᠠᠰᠠᠷ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ | ᠵᠡᠷᠭᠡ ᠲᠥᠷᠥᠯ ᠵᠦᠢᠯ ᠢ ᠤᠳᠠᠯ ᠥᠬᠡᠶ ᠠᠰᠢᠭᠯᠠᠯᠲᠠ ᠳᠤ ᠤᠷᠤᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ | ᠮᠠᠶ᠋ᠢᠭ ᠤᠨ ᠨᠡᠶᠢᠭᠡᠮ ᠲᠣᠭᠤᠷᠢᠭ ᠢ 3 ᠪᠠᠶᠢᠭᠤᠯᠵᠤ᠂ ᠨᠢᠯᠬᠠᠰ ᠤᠨ ᠣᠷᠤᠨ ᠲᠤᠭ᠎ᠠ 3989 ᠰᠢᠨ᠎ᠡ ᠪᠠᠷ ᠨᠡᠮᠡᠭᠳᠡᠪᠡ︔ ᠪᠥᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠵᠤ᠂ ᠢᠮᠢᠨ ᠭᠤᠤᠯ ᠤᠨ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ | ᠤᠯᠠᠷᠢᠯ ᠤᠨ ᠠᠵᠢᠯᠯᠠᠭ᠎ᠠ ᠶᠢ ᠦᠷᠨᠢᠭᠦᠯᠵᠦ᠂ ᠲᠥᠪ ᠬᠤᠲᠠ ᠶᠢᠨ ᠲᠣᠭᠤᠷᠢᠭ ᠲᠤ ᠤᠯᠠᠭᠠᠨ ᠲᠤᠭ ᠨᠣᠮ ᠤᠨ ᠪᠠᠭᠠᠷ ᠵᠡᠷᠭᠡ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ 12 ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠂ ᠤᠯᠠᠭᠠᠨᠮᠥ᠋ᠴᠢᠷ ᠪᠠ ᠰᠣᠶᠣᠯ ᠤᠨ ᠲᠠᠯᠠᠪᠤᠷ ᠣᠷᠳᠣᠨ ᠳᠤ 2096 ᠲᠠᠯᠠᠪᠤᠷ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠭᠠᠷᠭᠠᠵᠤ᠂ ︽ᠣᠶ ᠶᠢᠨ ᠳᠤᠮᠳᠠᠬᠢ ᠺᠤᠺᠤᠷᠡ︾ ᠪᠥᠵᠢᠭ ᠨᠢ ᠤᠯᠤᠰ ᠤᠨ ᠤᠳᠤᠳ ᠱᠠᠩᠨᠠᠯ ᠬᠦᠷᠲᠡᠨ᠂ ᠮᠤᠷᠢᠨᠳᠠᠪᠠᠭ᠎ᠠ ᠬᠤᠰᠢᠭᠤ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠤᠷᠤᠨ ᠢᠶᠠᠷ ᠨᠡᠷᠡᠶᠢᠳᠦᠭᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠫᠠᠶᠢᠰᠠ ᠰᠡᠬᠦᠵᠦ ᠪᠠᠶᠢᠭᠤᠯᠤᠭᠳᠠᠨ᠂ ᠬᠥᠯᠥᠨ ᠪᠤᠶᠢᠷ ᠬᠤᠲᠠ ᠶᠢᠨ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠡᠬᠢᠯᠡᠨ ᠪᠠᠶᠢᠭᠤᠯᠪᠠ︔ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠪᠠᠲᠤᠲᠠᠢ ᠪᠥᠭᠡᠳ ᠡᠷᠴᠢᠮᠲᠡᠢ | ᠰᠢᠢᠳᠪᠦᠷᠢᠯᠡᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠭᠲᠠᠭᠤᠨᠵᠢᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠵᠤᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠤᠭᠠᠲᠤ ᠬᠤᠷᠠᠯ᠂ ᠬᠠᠷᠢᠶᠠᠲᠤ ᠨᠠᠷ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠠᠵᠢᠯ | ᠦᠢᠯᠡᠰ ᠤᠨ ᠬᠥᠭᠵᠢᠯᠲᠡ ᠶᠢ ᠶᠡᠭᠡ ᠪᠠᠷ ᠳᠡᠮᠵᠢᠵᠦ᠂ ᠭᠠᠳᠠᠭᠠᠳᠤ ᠶᠠᠪᠤᠳᠠᠯ᠂ ᠭᠠᠵᠠᠷ ᠬᠥᠳᠡᠯᠦᠯᠲᠡ᠂ ᠴᠠᠭ ᠠᠭᠤᠷ᠂ ᠬᠤᠶᠠᠷ ᠢ ᠬᠦᠷᠢᠶᠡᠯᠡᠬᠦ᠂ ᠲᠤᠭ᠎ᠠ ᠪᠦᠷᠢᠳᠬᠡᠯ᠂ ᠬᠢᠨᠠᠨ | ᠪᠤᠳᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠥᠬᠦ ᠬᠤᠲᠠ ᠶᠢᠨ ᠬᠦᠴᠦᠨ ᠢ | ᠳᠠᠶᠢᠴᠢᠯᠠᠨ᠂ ᠪᠥᠬᠦ ᠬᠤᠲᠠ ᠶᠢᠨ ᠣᠶᠤᠨ ᠤᠬᠠᠭᠠᠨ ᠢ ᠲᠥᠪᠯᠡᠷᠡᠭᠦᠯᠵᠦ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ︽2.15︾ | ︽4.23︾ ︽10. 06︾ ︽11.16︾ ᠵᠡᠷᠭᠡ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ 1090 ᠬᠥᠮᠦᠨ ᠤᠳᠠᠭ᠎ᠠ ᠶᠢᠨ | ᠡᠮᠴᠢᠯᠡᠭᠡᠨ ᠤ ᠠᠵᠢᠯᠲᠠᠨ ᠢ ᠰᠣᠩᠭᠤᠨ ᠲᠣᠮᠢᠯᠠᠵᠤ ᠬᠢᠷᠢᠨ᠂ ᠱᠠᠩᠬᠠᠶ᠂ ᠬᠥᠬᠡᠬᠤᠲᠠ ᠵᠡᠷᠭᠡ ᠭᠠᠵᠠᠷ ᠢ ᠲᠤᠰᠠᠯᠠᠭᠤᠯᠵᠤ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ | ᠰᠤᠷᠭᠠᠭᠤᠯᠢ ᠶᠢᠨ 11862 ᠰᠣᠷᠣᠭᠴᠢ ᠶᠢ ᠰᠢᠯᠵᠢᠭᠦᠯᠦᠨ ᠬᠦᠷᠭᠡᠬᠦ ᠨᠤᠲᠤᠭ ᠲᠠᠭᠠᠨ ᠪᠤᠴᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠰᠢᠨ᠎ᠡ ᠠᠷᠪᠠᠨ | ᠵᠤᠷᠪᠤᠰ︾ ᠨᠡᠶᠢᠲᠡᠯᠡᠭᠳᠡᠭᠰᠡᠨ ᠤ ᠳᠠᠷᠠᠭ᠎ᠠ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ ᠬᠦᠨᠳᠦ ᠡᠪᠡᠳᠴᠢᠯᠡᠬᠦ ᠶᠢ ᠰᠡᠷᠭᠡᠶᠢᠯᠡᠨ᠂ ︽ᠬᠦᠬᠡᠭᠴᠢᠨ ᠲᠦᠷᠦᠯ ᠳᠤ | ᠬᠦᠬᠡᠭᠴᠢᠨ ᠳᠡᠰ ᠤᠨ ᠬᠠᠮᠢᠶᠠᠷᠤᠯᠲᠠ ᠬᠢᠬᠦ︾ ᠶᠢ ᠬᠡᠷᠡᠭᠵᠢᠭᠦᠯᠦᠭᠰᠡᠨ ᠤ ᠳᠠᠷᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠤᠭᠲᠠᠭᠤᠨ ᠢᠶᠠᠷ | ᠰᠢᠯᠵᠢᠯᠲᠡ ᠭᠠᠷᠬᠤ ᠶᠢ ᠪᠡᠶᠡᠯᠡᠭᠦᠯᠪᠡ᠃ ᠬᠢᠵᠢᠭ ᠲᠠᠢ ᠲᠡᠮᠡᠴᠡᠬᠦ ᠪᠠ ᠡᠮᠨᠡᠨ ᠵᠠᠰᠠᠬᠤ ᠶᠠᠪᠤᠴᠠ ᠳᠤ᠂ ᠥᠷᠭᠡᠨ ᠣᠯᠠᠨ ᠡᠮᠴᠢ ᠰᠤᠪᠢᠯᠠᠭᠴᠢ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ᠂ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠠᠶᠢᠨ ᠳᠤᠷᠠᠴᠤᠳ ᠡᠮᠦᠨ᠎ᠡ ᠨᠢ ᠭᠠᠪᠰᠢᠭᠠᠶᠢᠯᠠᠨ᠂ | ᠡᠷᠡᠯᠬᠡᠭᠯᠡᠨ ᠤᠷᠤᠭᠰᠢᠯᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠥᠷᠭᠡᠨ ᠣᠯᠠᠨ ᠬᠠᠶᠢᠷ᠎ᠠ | ᠬᠠᠯᠠᠮᠵᠢ ᠬᠦᠷᠭᠡᠭᠰᠡᠳ ᠬᠠᠷᠠᠮ ᠥᠬᠡᠶ ᠲᠡᠳᠬᠦᠵᠦ᠂ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠬᠠᠮᠠᠭᠠᠯᠠᠬᠤ ᠪᠠᠲᠤ ᠪᠠᠬᠢ ᠬᠠᠯᠬᠠᠪᠴᠢ ᠶᠢ ᠴᠣᠭᠴᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | 265 ᠬᠤᠪᠢ ᠠᠷᠠᠳ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ᠂ 359 ᠬᠤᠪᠢ ᠤᠯᠤᠰ ᠲᠥᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠪᠦᠬᠦᠨ ᠢ | ᠬᠤᠭᠤᠴᠠᠭ᠎ᠠ ᠶᠣᠰᠣᠭᠠᠷ ᠭᠦᠢᠴᠡᠳᠭᠡᠵᠦ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠬᠤᠲᠠ ᠶᠢᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠣᠭᠤᠶᠢᠯᠠᠩ ᠤᠨ ᠠᠵᠢᠯ ᠤᠨ ᠳᠦᠷᠢᠮ ᠳᠤ | ᠰᠢᠨ᠎ᠡ ᠪᠠᠷ ᠵᠠᠰᠠᠪᠤᠷᠢ ᠤᠷᠤᠭᠤᠯᠤᠨ᠂ ᠪᠢᠴᠢᠭ ᠮᠠᠲ᠋ᠧᠷᠢᠶᠠᠯ᠂ ᠬᠤᠷᠠᠯ ᠴᠤᠭᠯᠠᠭ᠎ᠠ ᠶᠢ ᠲᠤᠰ ᠪᠦᠷᠢ 7% ᠪᠠ 12% ᠢᠶᠠᠷ ᠴᠣᠮᠬᠠᠳᠬᠠᠵᠤ᠂ ᠨᠠᠮ ᠵᠠᠰᠠᠭ ᠤᠨ | ᠪᠠᠶᠢᠭᠤᠯᠭ᠎ᠠ ᠳᠤ ᠬᠤᠯᠪᠤᠭᠳᠠᠬᠤ ᠬᠦᠴᠦᠨ ᠲᠠᠢ ᠪᠣᠯᠤᠭᠰᠠᠨ ᠰᠢᠭᠦᠨ ᠲᠠᠰᠤᠯᠬᠤ ᠬᠡᠷᠡᠭ ᠢ ᠪᠦᠬᠦᠨ ᠢ ᠭᠦᠢᠴᠡᠳᠬᠡᠨ ᠳᠠᠭᠤᠰᠬᠠᠵᠤ᠂ ᠨᠡᠶᠢᠲᠡᠯᠡᠭᠳᠡᠭᠰᠡᠨ ᠲᠥᠷᠦ ᠶᠢᠨ | ᠪᠣᠳᠣᠯᠭ᠎ᠠ᠂ ᠠᠮᠠᠯᠠᠭᠰᠠᠨ ᠵᠦᠢᠯᠡᠰ᠂ ᠲᠣᠭᠲᠠᠭᠰᠠᠨ ᠬᠡᠯᠡᠯᠴᠡᠭᠡᠷ ᠢ ᠢᠳᠡᠪᠬᠢᠲᠡᠢ ᠪᠡᠶᠡᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠦᠬᠦ | ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠦᠵᠡᠯᠲᠡ ᠪᠠᠨ | ᠬᠤᠪᠢᠷᠠᠭᠤᠯᠬᠤ᠂ ᠰᠤᠷᠲᠠᠯ ᠢᠶᠠᠨ ᠴᠢᠩᠳᠠᠯᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ | ᠱᠤᠭᠤᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ | ᠨᠠᠩ ᠵᠤᠵᠠᠭᠠᠳᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠪᠣᠳᠠᠲᠤ ᠥᠷᠢᠰᠥᠯᠳᠦᠭᠡᠨ ᠢ ᠠᠷᠭᠠᠴᠠᠭᠠᠬᠤ ᠳᠤᠮᠳᠠ ᠳᠠᠷᠤᠯᠲᠠ ᠠᠴᠠ | ᠠᠶᠤᠬᠤ ᠥᠬᠡᠶ᠂ ᠬᠦᠴᠢᠷ ᠠᠴᠠ ᠠᠶᠤᠬᠤ ᠥᠬᠡᠶ᠂ ᠢᠯᠠᠭᠳᠠᠯ ᠠᠴᠠ ᠠᠶᠤᠬᠤ ᠥᠬᠡᠶ᠂ ᠬᠠᠮᠲᠤ ᠪᠠᠷ ᠰᠠᠯᠬᠢ ᠳᠠᠪᠠᠯᠭᠠᠨ ᠢ ᠲᠤᠭᠤᠯᠤᠨ᠂ ᠬᠠᠮᠲᠤ ᠪᠠᠷ ᠡᠷᠡᠮᠡᠬᠡᠶᠢᠯᠡᠨ | ᠲᠡᠮᠡᠴᠡᠵᠦ᠂ ᠠᠮᠵᠢᠯᠲᠠ ᠪᠦᠲᠦᠮᠵᠢ ᠶᠢ ᠬᠢᠯᠪᠠᠷ ᠪᠣᠰᠤ ᠪᠠᠷ ᠣᠯᠤᠭᠰᠠᠨ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠣᠭᠰᠠᠨ ᠤ ᠦᠷ᠎ᠡ ᠳ᠋ᠦᠩ ᠮᠥᠨ᠂ ᠬᠤᠲᠠ ᠶᠢᠨ | ᠨᠠᠮ ᠤᠨ ᠬᠤᠷᠢᠶ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠥᠯᠥᠨ ᠪᠣᠶᠢᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ | ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠳᠠᠭᠠᠤ ᠳᠤ᠂ ᠪᠢᠳᠡ ᠪᠠᠰᠠ᠄ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠡᠷᠡᠭᠴᠡᠭᠡ ᠪᠠᠭᠤᠷᠠᠢ᠂ ᠭᠠᠳᠠᠭᠠᠳᠤ | ᠠᠷᠠᠯᠵᠢᠶ᠎ᠠ ᠲᠤᠷᠪᠢ ᠮᠠᠭᠤᠲᠠᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠲᠤᠲᠠᠮᠠᠭ᠂ ᠲᠣᠮᠣ ᠲᠥᠷᠥᠯ ᠵᠦᠢᠯ ᠰᠠᠶᠢᠨ ᠲᠥᠷᠥᠯ | ᠵᠦᠢᠯ ᠤᠨ ᠨᠥᠭᠡᠴᠡ ᠴᠦᠬᠡᠨ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠤᠨ ᠡᠵᠡᠯᠡᠬᠦ ᠬᠠᠷᠢᠴᠠᠯ ᠳᠣᠣᠷ᠎ᠠ᠂ ᠬᠤᠳᠠᠯᠳᠤᠭᠠᠴᠢᠨ ᠤᠷᠢᠵᠤ ᠪᠡᠯᠡ | ᠤᠷᠤᠭᠤᠯᠬᠤ ᠳᠤ ᠬᠦᠴᠦ ᠲᠠᠯᠪᠢᠨ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠢ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠢᠲᠡᠭᠡᠮᠵᠢ ᠶᠢᠨ ᠣᠷᠴᠢᠨ | ᠲᠣᠭᠤᠷᠢᠨ᠂ ᠦᠢᠯᠡᠴᠢᠯᠡᠭᠡᠨ ᠤ ᠣᠷᠴᠢᠨ ᠲᠣᠭᠤᠷᠢᠨ ᠢ ᠪᠠᠰᠠ ᠡᠷᠴᠢᠮᠲᠡᠢ ᠰᠢᠯᠢᠳᠡᠭᠵᠢᠭᠦᠯᠬᠦ ᠴᠢᠬᠤᠯᠠᠲᠠᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠦᠷᠦᠯᠴᠡᠬᠦ ᠦᠭᠡᠢ᠂ ᠦᠨᠳᠦᠷ ᠲᠡᠰ ᠤᠨ ᠴᠢᠳᠠᠪᠤᠷᠢᠲᠠᠨ | ᠳᠤᠲᠠᠭᠳᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠴᠠᠷᠠᠭᠠᠨ ᠳᠤ ᠮᠥᠨ ᠯᠡ ᠴᠥᠭᠡᠨ ᠪᠤᠰᠤ ᠳᠤᠲᠠᠭᠤᠳᠠᠯ ᠣᠷᠣᠰᠢᠵᠤ᠂ ᠤᠯᠠᠨ ᠲᠦᠮᠡᠨ ᠤ ᠬᠦᠰᠡᠯ | ᠡᠷᠡᠮᠡᠯᠵᠡᠯ ᠠᠴᠠ ᠪᠠᠰᠠ ᠪᠠᠭ᠎ᠠ ᠪᠤᠰᠤ ᠵᠦᠷᠢᠶ᠎ᠡ ᠲᠠᠢ ᠪᠠᠶᠢᠭᠰᠠᠭᠠᠷ︔ ᠵᠠᠰᠠᠭ ᠤᠨ ᠣᠷᠳᠣᠨ ᠤ ᠰᠢᠰᠲ᠋ᠧᠮ ᠤᠨ ᠵᠠᠷᠢᠮ ᠺᠠᠳ᠋ᠷ ᠤᠨ ᠠᠵᠢᠯ ᠤᠨ ᠰᠤᠷᠲᠠᠯ ᠦᠨᠡᠨ ᠪᠣᠳᠠᠲᠠᠢ | ᠪᠢᠰᠢ᠂ ᠡᠷᠴᠢ ᠵᠣᠷᠢᠭ ᠬᠦᠷᠦᠯᠴᠡᠬᠦ ᠦᠭᠡᠢ᠂ ᠡᠭᠦᠷᠭᠡᠯᠡᠬᠦ ᠵᠣᠷᠢᠭ ᠦᠭᠡᠢ᠂ ᠬᠠᠷᠢᠭᠤᠴᠠᠬᠤ ᠳᠤᠷ᠎ᠠ ᠦᠭᠡᠢ ᠪᠠᠶᠢᠬᠤ ᠦᠵᠡᠭᠳᠡᠯ ᠪᠠᠰᠠ ᠬᠠᠶᠠ ᠭᠠᠷᠴᠤ᠂ ᠠᠵᠢᠯ ᠳᠠᠭᠠᠨ | ︽ᠠᠯᠵᠠᠭᠤ᠂ ᠵᠠᠳᠠᠭᠠᠢ᠂ ᠬᠤᠶᠢᠷᠭᠤ︾ ᠪᠠᠶᠢᠬᠤ᠂ ᠢᠯᠠᠩᠭᠤᠶ᠎ᠠ ︽ᠤᠳᠠᠭᠠᠨ︾ ᠪᠠᠶᠢᠬᠤ ᠠᠰᠠᠭᠤᠳᠠᠯ ᠨᠡᠯᠢᠶᠡᠳ ᠳᠤᠪᠤᠶᠢᠭᠰᠠᠨ ᠵᠡᠷᠭᠡ ᠶᠢ ᠰᠡᠷᠭᠡᠭ ᠢᠶᠠᠷ ᠲᠠᠨᠢᠵᠤ ᠣᠯᠬᠤ | ᠬᠡᠷᠡᠭᠲᠡᠢ᠃ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠦᠨᠵᠡᠭᠡᠢ ᠰᠤᠳᠤᠯᠵᠤ᠂ ᠳᠡᠰ ᠳᠠᠷᠠᠭᠠᠯᠠᠨ ᠰᠢᠢᠳᠪᠦᠷᠢᠯᠡᠵᠦ᠂ ᠠᠷᠠᠳ | ᠲᠦᠮᠡᠨ ᠤ ᠢᠲᠡᠭᠡᠯ ᠪᠠ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠦᠰᠡᠷᠳᠡᠭᠦᠯᠵᠦ ᠪᠤᠯᠬᠤ ᠦᠭᠡᠢ᠃ | |