︵ᠬᠤᠶᠠᠷ︶ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ | ᠦᠢᠯᠡᠰ ᠤᠨ ᠰᠢᠨ᠎ᠡ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠬᠦᠨᠵᠡᠭᠡᠶᠢᠷᠡᠬᠦᠯᠦᠨ ᠪᠤᠳᠠᠳᠠᠶᠢᠵᠢᠭᠤᠯᠵᠤ᠂ | ︽4+5+N︾ ᠪᠦᠬᠦᠯᠢ ᠴᠣᠭᠴᠠ ᠪᠠᠷ ᠠᠬᠢᠭᠤᠯᠬᠤ ᠲᠣᠭᠲᠠᠴᠠ ᠶᠢ ᠬᠡᠷᠡᠭᠵᠢᠭᠦᠯᠵᠦ᠂ ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠬᠤ᠂ | ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠵᠦ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠤᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠨᠢᠭᠡ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠵᠦ ᠬᠦᠭᠵᠢᠬᠦᠯᠬᠦ ᠣᠨᠴᠠᠯᠢᠭ ᠢ | ᠨᠠᠩ ᠲᠤᠪᠤᠶᠢᠯᠭᠠᠬᠤ ᠶᠢ ᠠᠬᠢᠭᠤᠯᠤᠨ᠎ᠠ᠃ ᠠᠮᠢ ᠠᠬᠤᠶ ᠦᠢᠯᠡᠳᠪᠦᠷᠢᠯᠡᠯ ᠠᠮᠢᠳᠤᠷᠠᠯ ︽ᠭᠤᠷᠪᠠ ᠶᠢ ᠠᠭᠤᠰᠤᠯᠴᠠᠭᠤᠯᠬᠤ︾ ᠤᠨᠤᠯᠵᠢᠬᠤᠨ ᠢ ᠪᠠᠲᠤ ᠪᠣᠶ ᠪᠣᠯᠭᠠᠵᠤ᠂ | ᠵᠠᠰᠠᠭ ᠤᠨ ᠣᠷᠳᠣᠨ ᠭᠤᠤᠯᠯᠠᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠭᠤᠤᠯ ᠴᠣᠭᠴᠠ ᠪᠤᠯᠭᠠᠬᠤ᠂ ᠵᠤᠭᠠᠴᠠᠭᠰᠠᠳ ᠢᠶᠠᠷ ᠭᠤᠤᠯ ᠳᠦᠷᠢ ᠲᠤᠭᠯᠠᠭᠤᠯᠬᠤ ᠶᠢ | ᠪᠠᠷᠢᠮᠲᠠᠯᠠᠵᠤ᠂ ᠨᠢᠭᠡ ᠴᠣᠭᠴᠠᠵᠢᠭᠤᠯᠤᠨ ᠲᠥᠯᠥᠪᠵᠢᠭᠦᠯᠬᠦ᠂ ᠨᠢᠭᠡ ᠴᠣᠭᠴᠠᠵᠢᠭᠤᠯᠤᠨ ᠪᠠᠶᠢᠭᠤᠯᠬᠤ᠂ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠡᠷᠡᠭᠵᠢᠭᠦᠯᠵᠦ᠂ ᠪᠥᠬᠦ | ᠪᠦᠰᠡ ᠪᠥᠬᠦ ᠤᠯᠠᠷᠢᠯ ᠪᠥᠬᠦ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠬᠥᠯᠥᠨ ᠪᠤᠶᠢᠷ ᠢ ᠤᠯᠤᠰ ᠤᠨ ᠳᠣᠲᠣᠭᠠᠳᠤ ᠭᠠᠳᠠᠭᠠᠳᠤ ᠶᠢᠨ | ᠵᠤᠭᠠᠴᠠᠭᠰᠠᠳ ᠤᠨ ᠡᠬᠡ ᠪᠠᠶᠢᠭᠠᠯᠢ ᠳᠤ ᠡᠭᠡᠨᠡᠭᠰᠢᠨ᠂ ᠨᠡᠬᠦᠳᠡᠯ ᠮᠠᠯᠵᠢᠯ ᠢ ᠭᠠᠶᠢᠬᠠᠨ ᠪᠠᠭ᠋ᠠᠷᠬᠠᠬᠤ᠂ ᠰᠡᠯᠡᠭᠦᠴᠡᠯ ᠵᠤᠭᠠᠴᠠᠯ ᠬᠢᠬᠦ ᠲᠡᠷᠢᠭᠦᠨ ᠰᠣᠩᠭᠤᠯᠲᠠ ᠶᠢᠨ ᠭᠠᠵᠠᠷ | ᠪᠣᠯᠭᠠᠨ᠎ᠠ᠃ ᠲᠦᠷᠦᠯ ᠲᠡᠮᠳᠡᠭᠲᠦ ᠡᠭᠦᠳᠬᠦ ᠪᠠᠷ ᠵᠢᠱᠢᠶ᠎ᠡ ᠦᠵᠡᠭᠦᠯᠬᠦ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠮᠡᠷᠭᠡᠯ ᠭᠤᠤᠯ ᠤᠨ 5A | ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠯᠥᠨ ᠪᠤᠶᠢᠷ ᠤᠨ ᠡᠷᠲᠡᠨ ᠤ ᠬᠤᠲᠠ ᠶᠢᠨ ᠤᠯᠤᠰ ᠤᠨ | ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠴᠢᠷᠮᠠᠶᠢᠨ ᠡᠭᠦᠳᠴᠦ᠂ ᠡᠷᠭᠦᠨ᠎ᠡ ᠶᠢᠨ ᠨᠤᠭᠤ ᠭᠠᠵᠠᠷ᠂ ᠵᠠᠯᠠᠨ ᠠᠶᠢᠯ ᠤᠨ ᠶᠢᠨ ᠯᠦᠩ ᠱᠠᠨ | ᠴᠠᠰᠤᠨ ᠳᠤ ᠭᠤᠯᠭᠤᠬᠤ ᠲᠠᠯᠠᠪᠠᠶ᠂ ᠮᠤᠷᠳᠠᠭ᠎ᠠ ᠶᠢᠨ ᠤᠯᠤᠰ ᠤᠨ ᠣᠶ ᠰᠢᠭᠤᠶ ᠶᠢᠨ ᠴᠡᠴᠡᠷᠯᠢᠭ ᠵᠡᠷᠭᠡ 6 ᠦᠵᠡᠮᠵᠢ ᠶᠢᠨ ᠣᠷᠣᠨ ᠤ ᠴᠢᠨᠠᠷ ᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠰᠢᠭᠤᠶᠢᠲᠤ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠣᠶ ᠰᠢᠭᠤᠶ ᠶᠢᠨ ᠠᠵᠤ | ᠦᠢᠯᠡᠳᠪᠦᠷᠢ ᠶᠢᠨ ᠪᠦᠯᠦᠭᠯᠡᠯ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠰᠢᠭᠤᠶᠢᠲᠤ ᠣᠷᠣᠨ ᠤ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠰᠣᠶᠣᠯ | ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠦᠭᠵᠢᠬᠦᠯᠦᠨ᠎ᠡ᠃ ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠶᠢᠷ ᠢ ᠴᠢᠨᠠᠷᠯᠢᠭ | ᠡᠷᠭᠢᠯᠡᠵᠦ᠂ ᠨᠠᠭᠠᠳᠤᠮ ᠤᠨ ᠶᠡᠭᠡ ᠬᠤᠷᠠᠯ ᠵᠡᠷᠭᠡ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ ᠡᠷᠭᠢᠯᠡᠵᠦ᠂ ᠵᠤᠭᠠᠴᠠᠭᠰᠠᠳ ᠲᠤ ᠲᠠᠯ᠎ᠠ | ᠨᠤᠲᠤᠭ ᠤᠨ ᠷᠢᠳᠢ ᠰᠢᠳᠢ ᠶᠢ ᠭᠦᠢᠴᠡᠳ ᠰᠣᠨᠢᠷᠬᠠᠭᠤᠯᠤᠨ᠎ᠠ᠃ ︽ᠠᠷᠪᠠᠨ ᠳᠥᠷᠪᠡᠳᠦᠭᠡᠷ ᠡᠪᠦᠯ ᠤᠨ ᠲᠠᠮᠢᠷ ᠤᠨ ᠴᠤᠭᠯᠠᠭᠠᠨ︾ ᠢ ᠪᠡᠯᠡᠳᠬᠡᠨ ᠡᠷᠬᠢᠯᠡᠬᠦ ᠲᠤᠬᠢᠶᠠᠯ ᠢᠶᠠᠷ᠂ | ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠬᠡᠨ ᠤ ᠲᠥᠬᠦᠭᠡᠷᠦᠮᠵᠢ ᠶᠢ ᠲᠡᠭᠦᠯᠳᠡᠷᠵᠢᠬᠦᠯᠵᠦ᠂ ᠬᠤᠷᠢᠳᠤᠭᠠᠷ ᠬᠤᠭᠤᠴᠠᠭᠠᠨ ᠤ ᠮᠥᠰᠥ ᠴᠠᠰᠤᠨ ᠤ | ᠨᠠᠭᠠᠳᠤᠮ ᠢ ᠰᠠᠶᠢᠲᠤᠷ ᠳᠠᠭᠠᠭᠠᠴᠢᠯᠠᠨ ᠡᠷᠭᠢᠯᠡᠵᠦ᠂ ᠡᠪᠦᠯ ᠤᠨ ᠤᠯᠠᠷᠢᠯ ᠤᠨ ᠪᠠᠭᠠᠲᠤᠷ ᠵᠤᠷᠢᠭᠳᠠᠳ ᠤᠨ ᠴᠤᠭᠯᠠᠭᠠᠨ ᠵᠡᠷᠭᠡ ᠮᠠᠰᠢᠨ ᠲᠡᠷᠭᠡ ᠥᠪᠡᠰᠦᠪᠡᠨ | ᠵᠢᠯᠤᠭᠤᠳᠴᠤ ᠲᠤᠷᠰᠢᠨ ᠵᠢᠯᠣᠭᠤᠳᠬᠤ ᠠᠵᠢᠯᠯᠠᠭ᠎ᠠ ᠶᠢᠨ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ᠬᠦᠢᠲᠡᠨ ᠲᠦᠢᠯ︾ ᠤᠨ ᠮᠥᠰᠥ ᠴᠠᠰᠤᠨ ᠤ | ᠵᠤᠭᠠᠴᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠤᠨ ᠤᠯᠠᠨ ᠶᠠᠩᠵᠤᠴᠢᠯᠠᠭᠰᠠᠨ᠂ ᠴᠢᠨᠠᠷᠵᠢᠭᠰᠠᠨ᠂ ᠦᠪᠡᠷᠮᠢᠴᠡᠵᠢᠭᠰᠡᠨ ᠬᠡᠷᠡᠭᠴᠡᠭᠡ ᠶᠢ | ᠬᠠᠩᠭᠠᠵᠤ᠂ ᠳᠡᠭᠡᠳᠦ ᠵᠡᠷᠭᠡᠯᠡᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠤᠷᠢᠯᠲᠠᠲᠤ ᠭᠠᠵᠠᠷ ᠢ ᠴᠣᠭᠴᠠᠯᠠᠵᠤ᠂ ︽ᠳᠥᠷᠪᠡᠨ ᠦᠩᠭᠡ︾ ᠶᠢ ᠵᠢᠷᠤᠭᠯᠠᠵᠤ᠂ | ︽ᠳᠥᠷᠪᠡᠨ ᠤᠯᠠᠷᠢᠯ ᠤᠨ ᠳᠠᠭᠤᠤ︾ ᠶᠢ ᠴᠤᠤᠷᠢᠶᠠᠲᠤᠭᠤᠯᠵᠤ᠂ ᠳᠦᠷᠪᠡᠨ ᠤᠯᠠᠷᠢᠯ ᠢᠯᠭᠠᠯ ᠦᠭᠡᠢ ᠪᠦᠬᠦ ᠵᠢᠯ ᠢᠶᠠᠷ ᠢᠶᠠᠨ ᠬᠦᠭᠵᠢᠶᠡᠨ ᠲᠠᠢ ᠪᠤᠯᠭᠠᠨ᠎ᠠ᠃ ᠶᠠᠰᠤ ᠴᠢᠨᠠᠷ | ᠦᠷ᠎ᠡ ᠠᠰᠢᠭ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠲᠤᠭᠠᠵᠢᠯᠳᠤ ᠰᠣᠶᠣᠯ ᠵᠢᠭᠤᠯᠴᠢᠯᠠᠯ ᠤᠨ ᠢᠨᠵᠧᠨᠧᠷᠢᠩ ᠢ ᠬᠡᠷᠡᠭᠵᠢᠭᠦᠯᠵᠦ᠂ ᠵᠤᠭᠠᠴᠠᠭᠰᠠᠳ ᠲᠤ | ᠲᠦᠳᠡᠴᠢᠯᠡᠭᠰᠡᠨ ᠪᠡᠯᠡᠳᠬᠡᠮᠵᠢ ᠪᠠ ᠦᠢᠯᠡᠴᠢᠯᠡᠭᠡ ᠬᠠᠩᠭᠠᠬᠤ ᠶᠢ ᠴᠢᠩᠭᠠᠳᠬᠠᠨ᠂ ︽ᠢᠳᠡᠬᠦ ᠬᠤᠨᠤᠭᠯᠠᠬᠤ ᠵᠤᠷᠴᠢᠬᠤ ᠵᠤᠭᠠᠴᠠᠬᠤ ᠬᠤᠳᠠᠯᠳᠤᠭᠠᠯᠠᠬᠤ ᠴᠡᠩᠭᠡᠯᠳᠦᠬᠦ︾ | ᠵᠢᠭᠤᠯᠴᠢᠯᠠᠯ ᠤᠨ ᠬᠦᠴᠦᠨ ᠵᠦᠢᠯ ᠤᠨ ᠳᠡᠰ ᠳᠡᠪᠰᠢᠬᠦ ᠶᠢ ᠲᠦᠷᠭᠡᠳᠬᠡᠵᠦ᠂ ᠤᠬᠠᠭᠤᠯᠤᠨ ᠲᠠᠨᠢᠯᠴᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠠᠶᠢᠯᠠᠷ ᠲᠣᠭᠤᠷᠢᠭ᠂ ᠡᠷᠭᠦᠨ᠎ᠡ ᠬᠤᠲᠠ᠂ ᠬᠠᠭᠤᠴᠢᠨ ᠪᠠᠷᠭᠤ | ᠬᠤᠰᠢᠭᠤᠨ ᠳᠤ ᠵᠢᠭᠤᠯᠴᠢᠯᠠᠯ ᠤᠨ ᠲᠥᠯᠥᠪᠦᠷᠢ ᠥᠭᠬᠦ ᠶᠢ ᠤᠷᠢᠳᠠᠪᠠᠷ ᠬᠡᠷᠡᠭᠵᠢᠬᠦᠯᠬᠦ ᠲᠣᠭᠲᠠᠴᠠ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠂ ᠵᠤᠭᠠᠴᠠᠭᠰᠠᠳ ᠢ | ᠦᠨᠡᠨ ᠬᠦ ᠦᠯᠡᠳᠡᠭᠡᠵᠦ ᠳᠡᠶᠢᠯᠬᠦ᠂ ᠬᠡᠷᠡᠭᠯᠡᠭᠡ ᠬᠢᠬᠦ ᠳᠤᠷᠠᠰᠢᠯ ᠲᠠᠢ᠂ ᠳᠠᠬᠢᠵᠤ ᠢᠷᠡᠬᠦ ᠳᠤᠷᠠᠳᠠᠢ ᠪᠤᠯᠭᠠᠵᠤ᠂ ︽ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ︾ ᠤᠨ | ᠨᠡᠷᠡᠲᠦ ᠲᠡᠮᠳᠡᠭᠲᠦ ᠶᠢ ᠦᠷᠭᠦᠯᠵᠢᠯᠡᠨ ᠪᠠᠬᠢᠵᠢᠬᠦᠯᠦᠨ ᠦᠷᠭᠡᠳᠬᠡᠨ᠎ᠡ᠃ | ᠬᠤᠶᠠᠷ ᠲᠤ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠡᠮᠵᠢᠶ᠎ᠡ ᠶᠢ ᠳᠡᠭᠡᠭᠰᠢᠯᠡᠬᠦᠯᠵᠦ ᠴᠢᠨᠠᠷ ᠢ ᠨᠡᠮᠡᠭᠳᠡᠬᠦᠯᠦᠨ ᠬᠦᠭᠵᠢᠬᠦᠯᠬᠦ ᠬᠠᠩᠭᠠᠯᠭ᠎ᠠ ᠶᠢ ᠨᠠᠩ | ᠲᠡᠭᠦᠯᠳᠡᠷᠵᠢᠬᠦᠯᠬᠦ ᠶᠢ ᠠᠬᠢᠭᠤᠯᠤᠨ᠎ᠠ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰᠵᠢᠬᠦᠯᠬᠦ ᠤᠨᠤᠯᠵᠢᠬᠤᠨ᠂ ᠠᠵᠤ ᠦᠢᠯᠡᠳᠪᠦᠷᠢᠵᠢᠭᠦᠯᠬᠦ ᠰᠡᠳᠬᠢᠬᠦᠶ᠂ ᠵᠠᠬ᠎ᠠ | ᠳᠡᠯᠭᠡᠭᠦᠷᠴᠢᠯᠡᠬᠦ ᠤᠳᠤᠷᠢᠳᠤᠮᠵᠢ ᠶᠢ ᠪᠠᠷᠢᠮᠲᠠᠯᠠᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠤᠨᠴᠠᠯᠢᠬᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠠᠷ ᠬᠤᠲᠠ ᠪᠠᠨ ᠬᠦᠴᠦᠷᠬᠡᠭᠵᠢᠬᠦᠯᠬᠦ ᠶᠢ ᠲᠦᠷᠭᠡᠳᠬᠡᠨ | ᠪᠠᠶᠢᠭᠤᠯᠤᠨ᠎ᠠ᠃ ᠲᠤᠭ᠎ᠠ ᠬᠡᠮᠵᠢᠶ᠎ᠡ ᠶᠢ ᠥᠷᠭᠡᠳᠬᠡᠬᠦ ᠪᠠᠷ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ 81 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠢᠨ᠎ᠡ ᠪᠠᠷ ᠪᠠᠶᠢᠭᠤᠯᠵᠤ᠂ 650 ᠲᠦᠮᠡᠨ ᠮᠤ᠋ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ︔ ᠬᠠᠶᠢᠯᠠᠷ ᠲᠣᠭᠤᠷᠢᠭ᠂ ᠵᠠᠯᠠᠨ ᠠᠶᠢᠯ | ᠬᠤᠲᠠ᠂ ᠠᠷᠤᠨ ᠬᠤᠰᠢᠭᠤ᠂ ᠮᠤᠷᠢᠨᠳᠠᠪᠠᠭ᠎ᠠ ᠬᠤᠰᠢᠭᠤ᠂ ᠣᠷᠴᠣᠨ ᠬᠤᠰᠢᠭᠤᠨ ᠳᠤ ᠲᠥᠬᠦᠭᠡᠷᠦᠮᠵᠢᠲᠦ ᠲᠠᠷᠢᠶᠠᠯᠠᠩ ᠢ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ 1. | 52 ᠲᠦᠮᠡᠨ ᠮᠦ ᠲᠠᠯᠠᠪᠠᠢ ᠳᠤ ᠬᠦᠷᠭᠡᠵᠦ᠂ ᠣᠯᠠᠨ ᠲᠦᠮᠡᠨ ᠤ ︽ᠬᠤᠯᠢᠰᠢᠨ ᠢᠳᠡᠭᠡᠨ︾ ︽ᠵᠢᠮᠢᠰ ᠤᠨ ᠲᠠᠪᠠᠭ︾ ᠢ ᠪᠠᠶᠠᠯᠢᠭᠵᠢᠭᠤᠯᠤᠨ᠎ᠠ︔ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠬᠦᠭᠡᠷᠦᠮᠵᠢᠲᠦ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ | 51.5% ᠳᠤ ᠬᠦᠷᠬᠡᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠪᠠᠷ ᠥᠷᠲᠡᠭ ᠢ ᠤᠷᠲᠤᠳᠬᠠᠬᠤ ᠶᠢ ᠪᠠᠷᠢᠮᠲᠠᠯᠠᠵᠤ᠂ ᠣᠷᠴᠣᠨ ᠬᠤᠰᠢᠭᠤ᠂ ᠮᠤᠷᠢᠨᠳᠠᠪᠠᠭ᠎ᠠ ᠬᠤᠰᠢᠭᠤ ᠶᠢᠨ | ᠰᠢᠷ᠎ᠠ ᠪᠤᠷᠴᠠᠭ ᠪᠣᠯᠤᠨ ᠶᠠᠭᠰᠢ ᠬᠤᠲᠠ ᠶᠢᠨ ᠲᠥᠮᠥᠰᠥᠨ ᠤ ᠦᠷ᠎ᠡ ᠶᠢᠨ ᠲᠥᠮᠥᠰᠥ ᠶᠢᠨ ᠤᠯᠤᠰ ᠤᠨ ᠲᠡᠰ ᠤᠨ ᠰᠠᠶᠢᠨ ᠦᠷ᠎ᠡ ᠶᠢ ᠦᠷᠡᠵᠢᠭᠦᠯᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠢᠯᠢ ᠶᠢᠨ ᠣᠷᠭᠠᠨᠢᠭ ᠴᠠᠭᠠᠨ ᠢᠳᠡᠭᠡᠨ ᠤ ᠪᠦᠲᠦᠭᠡᠭᠳᠡᠬᠦᠨ ᠤ 22 ᠵᠤᠷᠪᠤᠰ ᠦᠢᠯᠡᠳᠪᠦᠷᠢᠯᠡᠯ ᠤᠨ | ᠱᠤᠭᠤᠮ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠰᠠᠢ ᠱᠠᠩ ᠴᠠᠭᠠᠨ ᠢᠳᠡᠭᠡᠨ ᠤ ᠦᠢᠯᠡᠰ ᠤᠨ ᠲᠣᠭᠲᠠᠭᠤᠨ ᠦᠢᠯᠡᠳᠪᠦᠷᠢᠯᠡᠯ ᠢ ᠲᠡᠳᠬᠦᠨ ᠳᠠᠮᠵᠢᠵᠤ᠂ | ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠡᠳ᠋ᠰᠢᠭᠦᠯᠬᠦ ᠭᠤᠣᠯ ᠴᠣᠭᠴᠠ ᠶᠢ 80 ᠡᠷᠦᠬᠡ ᠳᠤ ᠬᠦᠷᠭᠡᠵᠦ᠂ ᠭᠤᠣᠯ ᠪᠣᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠶᠢ 74% ᠳᠤ ᠬᠦᠷᠭᠡᠨ᠎ᠡ︔ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠦᠷᠦᠯ ᠲᠡᠮᠳᠡᠭᠲᠦ ᠶᠢᠨ ᠶᠠᠰᠤ ᠴᠢᠨᠠᠷ ᠢ ᠪᠠᠶᠢᠴᠠᠭᠠᠬᠤ ᠲᠤᠭᠲᠠᠯᠴᠠᠭ᠎ᠠ᠂ ᠪᠠᠷᠢᠮᠵᠢᠶᠠᠳᠤ ᠲᠤᠭᠲᠠᠯᠴᠠᠭ᠎ᠠ ᠪᠠ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠬᠦᠯᠵᠦ᠂ | ᠡᠷᠬᠡ ᠣᠯᠭᠤᠭᠰᠠᠨ ᠭᠤᠤᠯ ᠴᠣᠭᠴᠠ ᠶᠢ 50 ᠡᠷᠦᠭᠡ ᠠᠴᠠ ᠳᠡᠭᠡᠭᠰᠢ ᠳᠤ ᠬᠦᠷᠭᠡᠵᠦ᠂ ᠲᠦᠷᠦᠯ ᠲᠡᠮᠳᠡᠭᠲᠦ ᠶᠢ ᠬᠦᠴᠦᠷᠬᠡᠭᠵᠢᠬᠦᠯᠦᠨ ᠮᠠᠨᠳᠤᠭᠤᠯᠤᠨ᠎ᠠ᠃ | ᠭᠠᠷᠤᠯᠲᠠ ᠪᠠᠨ ᠨᠡᠮᠡᠭᠳᠡᠭᠦᠯᠬᠦ ᠪᠠᠷ ᠬᠠᠩᠭᠠᠯᠭ᠎ᠠ ᠶᠢ ᠪᠠᠲᠤᠯᠠᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠤᠨᠠᠯᠲᠠ ᠶᠢ 120 ᠳ᠋ᠦᠩᠰᠢᠭᠤᠷ ᠵᠢᠩ ᠠᠴᠠ ᠳᠠᠪᠠᠭᠤᠯᠤᠨ | ᠲᠣᠭᠲᠠᠪᠤᠷᠢᠵᠢᠭᠤᠯᠵᠤ᠂ ᠮᠠᠯ ᠤᠨ ᠵᠣᠭᠰᠤᠭ᠎ᠠ ᠲᠤᠭ᠎ᠠ ᠶᠢ 1195 ᠲᠦᠮᠡᠨ ᠲᠤᠯᠤᠭᠠᠢ᠂ ᠮᠢᠬᠠᠨ ᠤ ᠭᠠᠷᠤᠯᠲᠠ ᠶᠢ 25.6 ᠲᠦᠮᠡᠨ ᠲᠣᠨ ᠳᠤ ᠬᠦᠷᠭᠡᠵᠦ᠂ ᠰᠦᠨ ᠤ | ᠭᠠᠷᠤᠯᠲᠠ ᠶᠢ 85 ᠲᠦᠮᠡᠨ ᠲᠣᠨ ᠠᠴᠠ ᠳᠡᠪᠡᠭᠤᠯᠤᠨ ᠲᠣᠭᠲᠠᠪᠤᠷᠢᠵᠢᠭᠤᠯᠵᠤ᠂ ︽ᠳᠤᠮᠳᠠᠳᠤ ᠤᠯᠤᠰ ᠤᠨ ᠠᠶᠠᠭ᠎ᠠ︾ ᠳᠤ ᠨᠠᠩ ᠣᠯᠠᠨ ᠴᠢᠨᠠᠷ ᠰᠠᠶᠢᠲᠠᠶ ︽ᠬᠦᠯᠦᠨ | ᠪᠦᠢᠷ ᠤᠨ ᠠᠮᠤ︾ ᠶᠢ ᠰᠠᠪᠠᠯᠠᠨ᠎ᠠ᠃ | ᠭᠤᠷᠪᠠ ᠳᠤ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠦᠨ ᠪᠦᠭᠡᠮᠨᠡᠷᠡᠬᠦᠯᠦᠨ ᠬᠦᠭᠵᠢᠬᠦᠯᠬᠦ ᠬᠥᠳᠡᠯᠭᠡᠭᠴᠢ ᠡᠨᠧᠷᠭᠢ ᠶᠢ ᠨᠡᠩ | ᠴᠢᠩᠭᠠᠷᠠᠭᠤᠯᠬᠤ ᠶᠢ ᠠᠬᠢᠭᠤᠯᠤᠨ᠎ᠠ᠃ ᠣᠷᠣᠨ ᠪᠦᠰᠡᠵᠢᠬᠦᠯᠦᠨ ᠪᠠᠶᠢᠷᠢᠰᠢᠭᠤᠯᠬᠤ᠂ ᠲᠤᠰᠬᠠᠶᠢᠵᠢᠭᠤᠯᠤᠨ ᠦᠢᠯᠡᠳᠪᠦᠷᠢᠯᠡᠬᠦ᠂ ᠬᠡᠪᠴᠢᠶᠡᠵᠢᠭᠦᠯᠦᠨ ᠡᠵᠡᠩᠨᠡᠬᠦ ᠪᠦᠬᠦ | ᠬᠡᠯᠬᠢᠶᠡᠰᠤ ᠳᠤ ᠬᠦᠴᠦᠯᠡᠬᠦ ᠶᠢ ᠪᠠᠷᠢᠮᠲᠠᠯᠠᠨ᠂ ᠤᠷᠤᠯᠳᠤᠭᠠᠨ ᠤ ᠵᠠᠮ ᠢ ᠤᠷᠢᠳᠴᠢᠯᠠᠨ ᠡᠵᠡᠯᠡᠬᠦ᠂ ᠲᠤᠭᠠᠵᠢᠯ ᠢᠶᠠᠷ ᠴᠢᠳᠠᠮᠵᠢ ᠣᠯᠭᠤᠬᠤ ᠶᠢ ᠴᠢᠩᠭᠠᠷᠠᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠳᠤᠯᠭᠠᠭᠤᠷᠢᠯᠠᠬᠤ ᠶᠢ ᠴᠢᠩᠭᠠᠳᠬᠠᠵᠤ᠂ ᠬᠦᠭᠵᠢᠯᠳᠡ ᠶᠢᠨ ᠰᠢᠨ᠎ᠡ ᠬᠦᠳᠡᠯᠭᠡᠭᠦᠷ ᠢ ᠪᠤᠶᠢᠵᠢᠭᠤᠯᠤᠨ᠎ᠠ᠃ ᠲᠡᠷᠢᠭᠦᠨ ᠤ ᠲᠤᠨᠤᠭᠯᠠᠯ | ᠦᠢᠯᠡᠳᠬᠦ ᠰᠠᠭᠤᠷᠢᠨ ᠭᠠᠵᠠᠷ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠦ ᠵᠢᠶᠠ ᠶᠢᠨ ᠵᠢᠯ ᠳᠤ 2000 ᠰᠠᠤᠷᠢ ᠲᠠᠷᠢᠶᠠᠯᠠᠩ ᠮᠠᠯ ᠠᠵᠤ ᠠᠬᠤᠢ ᠶᠢᠨ | ᠲᠤᠨᠤᠭᠯᠠᠯ ᠦᠢᠯᠡᠳᠬᠦ ᠦᠢᠯᠡᠳᠪᠦᠷᠢᠯᠡᠯ ᠤᠨ ᠱᠤᠭᠤᠮ᠂ ᠶᠧ ᠲᠢᠶᠠᠨ ᠲᠢᠶᠧ ᠨᠢᠤ ᠶᠢᠨ ᠲᠥᠷᠦᠯ ᠢ ᠨᠡᠮᠡᠭᠳᠡᠭᠦᠯᠦᠨ ᠴᠢᠳᠠᠮᠵᠢ ᠥᠷᠭᠡᠳᠬᠡᠬᠦ᠂ ᠶᠢᠨ ᠭᠧᠩ | ᠲᠠᠷᠢᠶᠠᠯᠠᠩ ᠤᠨ ᠮᠠᠰᠢᠨ ᠤ ᠵᠢᠯ ᠳᠤ 2000 ᠰᠠᠤᠷᠢ ᠲᠣᠮᠣ ᠬᠡᠯᠪᠡᠷᠢ ᠶᠢᠨ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ ᠢ ᠥᠷᠭᠡᠳᠬᠡᠨ ᠦᠢᠯᠡᠳᠬᠦ ᠵᠡᠷᠭᠡ | ᠲᠥᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ ᠮᠥᠰᠥ ᠴᠠᠰᠤᠨ ᠤ ᠲᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠳᠠ ᠶᠢ ᠲᠦᠷᠭᠡᠳᠬᠡᠵᠦ᠂ ᠲᠡᠷᠢᠭᠦᠨ ᠤ ᠮᠥᠰᠥ ᠴᠠᠰᠤᠨ ᠤ ᠲᠤᠨᠤᠭᠯᠠᠯ ᠪᠠ ᠴᠠᠰᠤ ᠠᠷᠢᠯᠭᠠᠬᠤ ᠮᠠᠰᠢᠨ ᠮᠧᠬᠠᠨᠢᠭ ᠦᠢᠯᠡᠳᠬᠦ ᠠᠵᠤ ᠠᠬᠤᠶᠢᠯᠠᠯ ᠢ | ᠤᠷᠤᠭᠤᠯᠤᠨ ᠠᠪᠴᠢᠷᠠᠵᠤ᠂ ᠲᠤᠨᠤᠭᠯᠠᠯ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠲᠥᠪᠯᠡᠷᠡᠯ ᠣᠷᠣᠨ ᠢ ᠴᠤᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠹᠦ᠋ ᠹᠸᠡᠭ ᠤᠨ | 50 ᠲᠦᠮᠡᠨ ᠲᠣᠨ ᠤ ᠰᠢᠪᠲᠦᠷᠲᠦ ᠬᠦᠴᠢᠯ᠂ ᠴᠢ ᠯᠦ ᠡᠮ ᠦᠢᠯᠡᠳᠬᠦ ᠡᠲ᠋ᠢᠯ ᠤᠯᠠᠨᠴᠢ ᠪᠠᠺᠲ᠋ᠧᠷᠢ ᠠᠯᠠᠬᠤ ᠡᠳ᠋ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠳᠡᠭᠡᠳᠦ ᠵᠡᠷᠭᠡᠯᠡᠯᠵᠢᠭᠰᠡᠨ ᠬᠥᠭᠵᠢᠯᠲᠡ ᠶᠢ | ᠠᠬᠢᠭᠤᠯᠤᠨ᠎ᠠ᠃ ᠠᠭᠠᠷ ᠠᠶᠠᠯᠠᠯ ᠤᠨ ᠨᠢᠰᠬᠡᠯ ᠤᠨ ᠪᠠᠭᠤᠳᠠᠯ ᠤᠨ ᠲᠤᠭᠤᠷᠢᠨ ᠳᠠᠬᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠶᠢᠯᠠᠷ ᠤᠨ ᠨᠢᠰᠬᠡᠯ ᠤᠨ ᠪᠠᠭᠤᠳᠠᠯ ᠤᠨ ᠬᠦᠢᠲᠡᠨ ᠳᠤ ᠳᠠᠭᠠᠭᠠᠬᠤ ᠲᠤᠷᠰᠢᠯᠲᠠ ᠶᠢᠨ ᠨᠡᠶᠢᠳᠠᠮ ᠬᠡᠷᠡᠭᠯᠡᠭᠡᠨ ᠤ ᠠᠭᠠᠷ ᠠᠶᠠᠯᠠᠯ ᠤᠨ | ᠰᠡᠯᠪᠢᠨ ᠵᠠᠰᠠᠬᠤ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠨᠡᠶᠢᠳᠡᠮ ᠬᠡᠷᠡᠭᠯᠡᠭᠡᠨ ᠤ | ᠨᠢᠰᠬᠡᠯ ᠤᠨ ᠺᠣᠮᠫᠠᠨᠢ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠵᠡᠷᠭᠡ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠬᠦᠯᠵᠦ᠂ ᠵᠠᠯᠠᠨ ᠠᠶᠢᠯ ᠤᠨ ᠨᠢᠰᠬᠡᠯ ᠤᠨ ᠪᠠᠭᠤᠳᠠᠯ ᠤᠨ ᠲᠤᠭᠤᠷᠢᠨ ᠳᠠᠬᠢ ᠠᠵᠤ ᠦᠢᠯᠡᠰ ᠤᠨ | ᠬᠦᠷᠢᠶᠡᠯᠡᠩ ᠤᠨ ᠴᠢᠳᠠᠮᠵᠢ ᠶᠢ ᠥᠷᠭᠡᠳᠬᠡᠵᠦ᠂ ᠠᠭᠠᠷ ᠤᠨ ᠭᠠᠷᠠᠮ ᠤᠨ ᠰᠢᠭᠤᠳ ᠲᠦᠬᠦᠷ ᠦᠢᠯᠡᠴᠢᠯᠡᠭᠡ᠂ ᠨᠢᠰᠬᠡᠯ ᠤᠨ ᠪᠠᠭᠤᠳᠠᠯ ᠤᠨ ᠲᠤᠭᠤᠷᠢᠨ ᠳᠠᠬᠢ ᠴᠠᠬᠢᠮ | ᠬᠤᠳᠠᠯᠳᠤᠭᠠᠨ ᠤ ᠬᠥᠮᠥᠷᠭᠡᠯᠡᠯᠲᠡ ᠵᠡᠷᠭᠡ ᠰᠢᠨ᠎ᠡ ᠵᠠᠭᠪᠤᠷ ᠢ ᠪᠤᠶᠢᠵᠢᠭᠤᠯᠤᠨ᠎ᠠ᠃ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠬᠦᠢᠲᠡᠨ ᠭᠠᠵᠠᠷ ᠤᠨ ᠲᠤᠷᠰᠢᠯᠲᠠ ᠶᠢᠨ | ᠬᠠᠷᠠᠯᠲᠠᠲᠤ ᠣᠷᠣᠨ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠲᠠ ᠪᠠᠷ ᠢᠶᠠᠨ ᠨᠢᠭᠡᠳᠦᠯᠲᠡᠢ ᠲᠦᠯᠦᠪᠯᠡᠬᠦ᠂ ᠵᠣᠬᠢᠰᠲᠠᠢ ᠪᠠᠶᠢᠷᠢᠯᠠᠭᠤᠯᠬᠤ ᠶᠢ | ᠪᠠᠷᠢᠮᠲᠠᠯᠠᠵᠤ᠂ ᠶᠠᠭᠰᠢ ᠶᠢᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ᠂ ᠮᠥᠰᠥ ᠴᠠᠰᠤᠨ ᠤ ᠠᠵᠤ ᠦᠢᠯᠡᠰ ᠤᠨ ᠰᠤᠳᠤᠯᠭᠠᠨ ᠤ | ᠬᠦᠷᠢᠶᠡᠯᠡᠩ ᠪᠣᠯᠤᠨ ︽ᠳᠤᠮᠳᠠᠳᠤ ᠤᠯᠤᠰ ᠤᠨ ᠬᠦᠢᠲᠡᠨ ᠲᠤᠶᠢᠯ︾ ᠤᠨ ᠬᠦᠢᠲᠡᠨ ᠡᠬᠢ ᠪᠠᠶᠠᠯᠢᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ | ᠪᠠᠳᠠᠷᠠᠭᠤᠯᠵᠤ᠂ ᠨᠢᠰᠬᠡᠯ᠂ ᠮᠠᠰᠢᠨ ᠲᠡᠷᠭᠡ ᠵᠢᠴᠢ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠳᠤ ᠳᠠᠭᠠᠭᠠᠬᠤ ᠲᠤᠷᠰᠢᠯᠳᠠ ᠪᠣᠯᠤᠨ ᠰᠢᠨᠵᠢᠯᠡᠬᠦ ᠤᠬᠠᠭᠠᠨ ᠤ | ᠰᠤᠳᠤᠯᠭᠠᠨ ᠢ ᠪᠠᠬᠢᠵᠢᠭᠦᠯᠦᠨ ᠥᠷᠭᠡᠳᠬᠡᠨ᠎ᠡ᠃ ᠲᠤᠭᠠᠵᠢᠯᠳᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠭᠠᠵᠢᠯᠳᠤ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠦᠷᠦ ᠶᠢᠨ | ᠪᠤᠳᠤᠯᠭ᠎ᠠ ᠨᠤᠭᠤᠳ ᠢ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ ᠤᠨ ᠲᠣᠭᠠᠴᠢᠯᠠᠭᠰᠠᠨ ᠰᠢᠨᠡᠴᠢᠯᠡᠯᠲᠡ᠂ ᠮᠠᠯ ᠠᠵᠤ ᠠᠬᠤᠢ ᠲᠠᠷᠢᠶᠠᠯᠠᠩ ᠪᠠ ᠦᠢᠯᠡᠴᠢᠯᠡᠭᠡᠨ ᠤ | ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠳᠡᠮᠵᠢᠵᠦ᠂ ᠬᠥᠯᠥᠨ ᠪᠤᠶᠢᠷ ᠤᠨ ᠲᠤᠮᠤ ᠳ᠋ᠠᠶᠢᠲ᠋ᠠ ᠶᠢᠨ ᠲᠥᠪ ᠤᠨ ᠡᠵᠡᠩᠨᠡᠯᠲᠡ ᠶᠢᠨ | ᠲᠦᠪᠰᠢᠨ ᠢ ᠳᠡᠭᠡᠭᠰᠢᠯᠡᠭᠦᠯᠵᠦ᠂ ᠲᠤᠭᠠᠵᠢᠯᠳᠤ ᠠᠵᠤ ᠠᠬᠤᠢ ᠶᠢᠨ ︽ᠲᠤᠭ᠎ᠠ ᠪᠠᠷᠢᠮᠲᠠ ᠲᠠᠢ︾ ︽ᠲᠤᠭ᠎ᠠ ᠪᠠᠷᠢᠮᠲᠠ ᠬᠤᠷᠢᠶᠠᠩᠭᠤᠶᠢᠯᠠᠬᠤ︾ ᠠᠴᠠ ︽ᠲᠤᠭ᠎ᠠ ᠪᠠᠷᠢᠮᠲᠠ | ᠬᠡᠷᠡᠭᠯᠡᠬᠦ︾ ︽ᠲᠤᠭ᠎ᠠ ᠪᠠᠷᠢᠮᠲᠠ ᠶᠢᠨ ᠦᠷᠳᠡᠭ ᠢ ᠨᠡᠮᠡᠭᠳᠡᠭᠦᠯᠬᠦ︾ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃ | ᠳᠥᠷᠪᠡ ᠳᠤ ᠠᠮᠢ ᠠᠬᠤᠶ ᠶᠢᠨ ᠠᠵᠤ ᠦᠢᠯᠡᠰ ᠤᠨ ᠴᠠᠭ ᠲᠣᠬᠢᠶᠠᠯ ᠢ ᠵᠠᠪᠳᠤᠨ ᠬᠦᠭᠵᠢᠬᠦᠯᠬᠦ ᠠᠷᠭ᠎ᠠ ᠬᠡᠮᠵᠢᠶ᠎ᠡ ᠶᠢ ᠨᠠᠩ ᠤᠨᠤᠴᠠᠲᠠᠢ ᠠᠬᠢᠭᠤᠯᠤᠨ᠎ᠠ᠃ ᠠᠮᠢ | ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷᠳᠡᠭ ᠢ ᠣᠨᠳᠣᠣᠰᠢᠭᠤᠯᠬᠤ ᠠᠷᠭ᠎ᠠ ᠵᠠᠮ ᠢ | ᠥᠷᠭᠡᠳᠬᠡᠵᠦ᠂ ︽ᠬᠦᠬᠡ ᠠᠭᠤᠯᠠ ᠬᠥᠬᠡᠮᠳᠦᠭ ᠤᠰᠤ︾ ᠶᠢ ︽ᠠᠯᠳᠠ ᠮᠥᠩᠭᠦᠨ ᠠᠭᠤᠯᠠ︾ ᠪᠣᠯᠭᠠᠨ ᠣᠨᠳᠣᠣᠰᠢᠭᠤᠯᠬᠤ ᠵᠠᠮ ᠢ ᠰᠢᠯᠤᠭᠤᠳᠬᠠᠵᠤ᠂ ᠨᠤᠮᠢᠨ ᠲᠠᠯ᠎ᠠ ᠶᠢ | ᠠᠰᠢᠭᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠠᠵᠤ ᠦᠢᠯᠡᠰ ᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠨ | ᠴᠤᠭᠴᠠᠯᠠᠬᠤ ᠪᠠᠷ ᠴᠢᠷᠮᠠᠶᠢᠨ᠎ᠠ᠃ ᠲᠡᠵᠢᠭᠡᠯ ᠡᠪᠡᠰᠦᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ 105 ᠲᠦᠮᠡᠨ ᠮᠥ | ᠲᠡᠵᠢᠭᠡᠯ ᠡᠪᠡᠰᠦ ᠳᠠᠷᠢᠵᠤ᠂ ᠡᠭᠦᠨ ᠳᠤ ᠬᠢᠶᠠᠭ ᠡᠪᠡᠰᠦ 20 ᠲᠦᠮᠡᠨ ᠮᠥ ᠳᠠᠷᠢᠵᠤ᠂ ᠬᠢᠶᠠᠭ ᠡᠪᠡᠰᠦ ᠲᠠᠷᠢᠵᠤ ᠦᠷᠡᠵᠢᠭᠦᠯᠬᠦ ᠰᠠᠭᠤᠷᠢᠨ ᠭᠠᠵᠠᠷ ᠢ 3 ᠲᠦᠮᠡᠨ ᠮᠥ | ᠰᠢᠨ᠎ᠡ ᠪᠠᠷ ᠪᠠᠶᠢᠭᠤᠯᠵᠤ᠂ 60 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ᠂ ᠣᠳᠣᠬᠢᠴᠢᠯᠠᠭᠰᠠᠨ ᠲᠡᠵᠢᠭᠡᠯ ᠡᠪᠡᠰᠦᠨ ᠤ ᠮᠠᠯ ᠠᠵᠤ | ᠠᠬᠤᠶ ᠶᠢᠨ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠵᠤ᠂ ︽ᠪᠤᠶᠢᠵᠢᠭᠤᠯᠬᠤ ᠲᠠᠷᠢᠬᠤ ᠬᠤᠷᠢᠶᠠᠬᠤ᠂ ᠨᠦᠭᠡᠴᠡᠯᠡᠬᠦ ᠡᠳ᠋ᠰᠢᠭᠦᠯᠬᠦ ᠪᠣᠷᠣᠯᠠᠭᠤᠯᠬᠤ︾ ᠪᠥᠬᠦ | ᠬᠡᠯᠬᠢᠶᠡᠳᠤ ᠠᠵᠤ ᠦᠢᠯᠡᠰ ᠤᠨ ᠲᠣᠭᠤᠷᠢᠭ ᠢ ᠪᠠᠶᠢᠭᠤᠯᠤᠨ᠎ᠠ᠃ ᠣᠢ ᠰᠢᠭᠤᠶ ᠶᠢᠨ ᠠᠵᠤ ᠠᠬᠤᠶ ᠠᠴᠠ ᠦᠷ᠎ᠡ ᠠᠰᠢᠭ ᠣᠯᠬᠤ ᠶᠢ ᠪᠠᠷᠢᠮᠲᠠᠯᠠᠵᠤ᠂ ᠣᠢ ᠰᠢᠭᠤᠶ ᠶᠢᠨ | ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠴᠣᠭᠴᠠᠵᠢᠭᠤᠯᠤᠨ ᠲᠦᠯᠦᠪᠵᠢᠭᠦᠯᠬᠦ᠂ ᠬᠠᠮᠵᠢᠯᠴᠠᠨ ᠪᠦᠲᠦᠭᠡᠨ | ᠪᠠᠶᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠣᠢ ᠰᠢᠭᠤᠶ ᠶᠢᠨ ᠢᠳᠡᠭᠡᠨ ᠤ ᠠᠵᠤ ᠦᠢᠯᠡᠰ ᠤᠨ ᠪᠦᠯᠦᠭᠵᠢᠯ ᠢ ᠴᠣᠭᠴᠠᠯᠠᠵᠤ᠂ ᠬᠢᠯᠢ ᠶᠢᠨ | ᠪᠣᠭᠤᠮᠲᠠ ᠪᠠᠷ ᠭᠤᠤᠯ ᠪᠣᠯᠭᠠᠭᠰᠠᠨ ᠮᠣᠳᠣᠨ ᠮᠠᠲ᠋ᠧᠷᠢᠶᠠᠯ ᠡᠳ᠋ᠰᠢᠭᠦᠯᠬᠦ ᠪᠦᠯᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠣᠳᠣᠨ ᠮᠠᠲ᠋ᠧᠷᠢᠶᠠᠯ ᠵᠢᠴᠢ | ᠳᠠᠭᠠᠯᠲᠠ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠡᠷᠡᠭᠦᠯᠵᠢᠯ | ᠰᠤᠪᠢᠯᠠᠯᠲᠠ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠦᠵᠡᠮᠵᠢ ᠶᠢᠨ ᠨᠠᠷᠠᠲᠤ ᠣᠷᠣᠨ᠂ ᠣᠶ ᠰᠢᠭᠤᠶ ᠶᠢᠨ ᠴᠡᠴᠡᠷᠯᠢᠭ᠂ ᠨᠤᠭᠤ ᠭᠠᠵᠠᠷ ᠤᠨ | ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠷᠰᠢᠯᠲᠠ ᠶᠢᠨ ᠲᠣᠭᠤᠷᠢᠭ ᠵᠡᠷᠭᠡ ᠡᠬᠡ ᠪᠠᠶᠢᠭᠠᠯᠢ ᠰᠤᠶᠤᠯ | ᠢᠷᠭᠡᠨᠰᠢᠯ ᠤᠨ ᠦᠵᠡᠮᠵᠢ ᠶᠢᠨ ᠡᠬᠢ ᠪᠠᠶᠠᠯᠢᠭ ᠲᠤ ᠲᠦᠰᠢᠭᠯᠡᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠣᠨ | ᠨᠤᠲᠤᠭ ᠤᠨ ᠣᠨᠴᠠᠯᠢᠭ ᠲᠠᠢ ᠡᠷᠡᠭᠦᠯᠵᠢᠯ ᠰᠤᠪᠢᠯᠠᠯᠲᠠ ᠶᠢᠨ ᠪᠦᠲᠦᠭᠡᠭᠳᠡᠬᠦᠨ ᠢ ᠨᠠᠩ ᠣᠯᠠᠨ ᠨᠡᠭᠡᠭᠡᠨ ᠬᠥᠭᠵᠢᠭᠦᠯᠦᠨ᠎ᠡ᠃ ᠤᠯᠤᠰ ᠤᠨ ᠠᠮᠢ ᠠᠬᠤᠶ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠢᠶᠠᠷ ᠤᠳᠤᠷᠢᠳᠤᠮᠵᠢ ᠪᠤᠯᠭᠠᠵᠤ᠂ ᠥᠪᠡᠷᠲᠡᠭᠡᠨ ᠵᠠᠰᠠᠬᠤ | ᠣᠷᠣᠨ ᠠᠴᠠ ᠮᠠᠨ ᠤ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠳᠡᠮᠵᠢᠬᠦ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠨᠡᠭᠦᠷᠡᠰᠦᠲᠥ᠋ᠷᠥᠭᠴᠢ | ᠬᠤᠷᠠᠭᠤᠯᠬᠤ ᠲᠥᠷᠥᠯ ᠵᠦᠢᠯ ᠢ ᠨᠥᠭᠡᠴᠡᠯᠡᠬᠦ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠶᠢᠵᠢᠭᠤᠯᠤᠯᠳᠠ ᠪᠠᠷ ᠨᠡᠭᠦᠷᠡᠰᠦᠲᠥ᠋ᠷᠥᠭᠴᠢ ᠬᠤᠷᠠᠭᠤᠯᠬᠤ ᠪᠠ | ᠣᠢ ᠰᠢᠭᠤᠶ ᠶᠢᠨ ᠡᠵᠡᠩᠨᠡᠯᠲᠡ ᠪᠠᠷ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠢ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠵᠦ᠂ ᠨᠤᠲᠤᠭ ᠪᠡᠯᠴᠢᠭᠡᠷ ᠤᠨ | ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠢ ᠵᠣᠬᠢᠬᠤ ᠬᠡᠮᠵᠢᠶ᠎ᠡ ᠪᠠᠷ ᠬᠦᠭᠵᠢᠬᠦᠯᠵᠦ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠢᠨᠠᠨ ᠬᠡᠮᠵᠢᠬᠦ ᠲᠤᠭᠲᠠᠯᠴᠠᠭ᠎ᠠ | ᠪᠠ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠡᠮᠵᠢᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠣᠢ | ᠰᠢᠭᠤᠶ ᠶᠢᠨ ᠵᠢᠷᠭᠤᠭᠠᠨ ᠲᠣᠪᠴᠢᠶ᠎ᠠ ᠶᠢᠨ ᠣᠢ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠬᠤ ᠲᠣᠷᠰᠢᠯᠲᠠ ᠶᠢᠨ ᠴᠡᠭ ᠢᠶᠠᠷ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯ︾ ᠤᠨ ᠠᠷᠠᠯᠵᠢᠶᠠᠨ ᠤ ᠲᠠᠪᠴᠠᠩ ᠳᠤ ᠠᠮᠢ ᠠᠬᠤᠶ ᠶᠢᠨ ᠪᠦᠲᠦᠭᠡᠭᠳᠡᠬᠦᠨ ᠤ | ᠥᠷᠲᠡᠭ ᠤᠨ ᠬᠤᠪᠢᠷᠠᠭᠤᠯᠤᠯᠲᠠ ᠶᠢ ᠡᠩ ᠲᠡᠷᠢᠭᠦᠨ ᠳᠤ ᠪᠡᠶᠡᠯᠡᠭᠦᠯᠬᠦ ᠪᠠᠷ ᠴᠢᠷᠮᠠᠶᠢᠵᠤ᠂ ᠨᠡᠭᠦᠷᠡᠰᠦᠲᠥ᠋ᠷᠥᠭᠴᠢ ᠬᠤᠷᠠᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠤᠨ | ᠨᠢᠭᠡᠳᠦᠭᠡᠷ ᠡᠩᠨᠡᠭᠡᠨ ᠳᠤ ᠴᠢᠷᠮᠠᠶᠢᠨ ᠤᠷᠤᠵᠤ᠂ ᠬᠥᠯᠥᠨ ᠪᠤᠶᠢᠷ ᠤᠨ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠤᠨ ᠪᠡᠶᠡᠯᠡᠬᠦᠯᠦᠯᠲᠡ ᠶᠢ ᠲᠡᠷᠢᠭᠦᠨ ᠳᠤ ᠨᠢ | ᠪᠠᠶᠢᠷᠢᠯᠠᠭᠤᠯᠵᠤ᠂ ᠵᠢᠱᠢᠶ᠎ᠡ ᠦᠵᠡᠬᠦᠯᠦᠨ᠎ᠡ᠃ | ᠲᠠᠪᠤ ᠳᠤ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠦᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠨᠠᠩ | ᠡᠷᠴᠢᠮᠳᠡᠢ ᠠᠬᠢᠭᠤᠯᠤᠨ᠎ᠠ᠃ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠤᠷᠤᠨ ᠨᠤᠲᠤᠭ ᠲᠤ ᠰᠠᠭᠤᠭ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠭᠤᠤᠯ ᠬᠦᠴᠦᠨ ᠴᠡᠷᠢᠭ ᠤᠨ ᠦᠢᠯᠡᠳᠦᠯ ᠢ | ᠪᠠᠳᠠᠷᠠᠭᠤᠯᠵᠤ᠂ ᠰᠢᠨ᠎ᠡ ᠦᠢᠯᠡᠳᠬᠦᠨ ᠢ ᠰᠤᠳᠤᠯᠤᠨ ᠨᠡᠬᠡᠬᠡᠬᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠠᠵᠤ ᠦᠢᠯᠡᠰ ᠤᠨ ᠬᠦᠷᠢᠶᠡᠯᠡᠩ ᠢ | ᠳᠠᠭᠠᠭᠤᠯᠤᠨ ᠡᠷᠬᠢᠯᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠶᠢᠵᠢᠭᠰᠡᠨ᠂ ᠳᠡᠭᠡᠳᠦ ᠵᠡᠷᠭᠡᠯᠡᠯᠵᠢᠭᠰᠡᠨ᠂ | ᠤᠶᠤᠨᠴᠢᠯᠠᠭᠰᠠᠨ ᠬᠥᠭᠵᠢᠯᠲᠡ ᠶᠢ ᠲᠦᠷᠭᠡᠳᠬᠡᠨ᠎ᠡ᠃ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠢᠨᠠᠷᠵᠢᠭᠤᠨ | ᠦᠢᠯᠡᠳᠪᠦᠷᠢᠯᠡᠯ ᠤᠨ ᠴᠢᠳᠠᠮᠵᠢ ᠶᠢ ᠥᠷᠭᠡᠳᠬᠡᠨ ᠪᠠᠳᠠᠷᠠᠭᠤᠯᠵᠤ᠂ ᠯᠢᠩ ᠳ᠋ᠦᠩ ᠨᠡᠭᠦᠷᠡᠰᠦᠨ ᠠᠭᠤᠷᠬᠠᠢ ᠶᠢᠨ 150 ᠲᠦᠮᠡᠨ ᠲᠣᠨ ᠤ ᠦᠢᠯᠡᠳᠪᠦᠷᠢᠯᠡᠯ ᠤᠨ | ᠴᠢᠳᠠᠮᠵᠢ ᠶᠢ ᠬᠠᠷᠭᠤᠭᠤᠯᠤᠨ ᠨᠡᠮᠡᠭᠳᠡᠭᠦᠯᠬᠦ ᠭᠠᠷᠳᠠᠮ ᠢ ᠭᠦᠢᠴᠡᠳᠬᠡᠬᠦ ᠶᠢ ᠠᠬᠢᠭᠤᠯᠵᠤ᠂ ᠪᠦᠬᠦ ᠬᠤᠲᠠ ᠶᠢᠨ ᠨᠡᠭᠦᠷᠡᠰᠦᠨ ᠤ ᠭᠠᠷᠤᠯᠲᠠ ᠶᠢ 1.1 ᠳ᠋ᠦᠩᠰᠢᠭᠤᠷ | ᠲᠣᠨ ᠳᠤ ᠬᠦᠷᠭᠡᠬᠦ ᠪᠠᠷ ᠴᠢᠷᠮᠠᠶᠢᠨ᠎ᠠ᠃ 184 ᠲᠦᠮᠡᠨ ᠺᠢᠯᠤᠸᠠᠲ ᠤᠨ ᠰᠢᠨ᠎ᠡ ᠪᠠᠷ ᠨᠡᠮᠡᠭᠳᠡᠬᠦ ᠴᠠᠬᠢᠯᠭᠠᠨ ᠡᠭᠦᠰᠭᠡᠭᠴᠢ ᠶᠢ ᠲᠣᠣᠷ ᠲᠤ ᠨᠡᠶᠢᠯᠡᠭᠦᠯᠬᠦ ᠠᠵᠢᠯ ᠢ | ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 4 ᠳ᠋ᠦᠩᠰᠢᠭᠤᠷ ᠭᠷᠠᠳᠦ᠋ᠰ ᠰᠢᠨ᠎ᠡ ᠪᠠᠷ ᠨᠡᠮᠡᠭᠳᠡᠬᠦᠯᠦᠨ᠎ᠡ᠃ ᠨᠡᠭᠦᠷᠡᠰᠦ᠂ ᠴᠠᠬᠢᠯᠭᠠᠨ | ᠬᠦᠴᠦᠨ ᠵᠡᠷᠭᠡ ᠤᠯᠠᠮᠵᠢᠯᠠᠯᠲᠤ ᠠᠵᠤ ᠦᠢᠯᠡᠰ ᠤᠨ ᠰᠢᠨᠡᠴᠢᠯᠡᠨ ᠳᠡᠰ ᠳᠡᠪᠰᠢᠬᠦ ᠶᠢ ᠠᠬᠢᠭᠤᠯᠵᠤ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠡᠬᠢ ᠪᠠᠶᠠᠯᠢᠭ ᠢ | ᠤᠷᠴᠢᠯᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠤᠰᠤ ᠠᠷᠪᠢᠯᠠᠬᠤ᠂ | ᠠᠷᠢᠭᠤᠨ ᠴᠡᠪᠡᠷ ᠦᠢᠯᠡᠳᠪᠦᠷᠢᠯᠡᠬᠦ᠂ ᠣᠶᠤᠨᠴᠢ ᠪᠠᠷ ᠡᠵᠡᠮᠳᠡᠬᠦ ᠵᠡᠷᠭᠡ ᠮᠡᠷᠭᠡᠵᠢᠯ ᠤᠨ ᠰᠢᠨᠡᠴᠢᠯᠡᠯᠳᠡ ᠶᠢ ᠥᠷᠨᠢᠭᠦᠯᠵᠦ᠂ ᠢᠮᠢᠨ ᠤ ᠵᠠᠳᠠᠭᠠᠶ ᠠᠭᠤᠷᠬᠠᠶ ᠶᠢᠨ ᠵᠢᠯ ᠳᠤ | 3500 ᠲᠦᠮᠡᠨ ᠲᠣᠨ ᠦᠢᠯᠡᠳᠪᠦᠷᠢᠯᠡᠬᠦ ᠰᠢᠰᠲ᠋ᠧᠮ ᠢ ᠪᠦᠷᠢᠨᠰᠢᠬᠦᠯᠬᠦ᠂ ᠤᠯᠤᠰ ᠤᠨ ᠡᠨᠧᠷᠭᠢ ᠶᠢᠨ ᠪᠤᠷᠤᠰᠢᠯᠢ ᠶᠢᠨ ᠨᠢᠭᠡᠳᠦᠭᠡᠷ ᠳᠡᠰ ᠤᠨ ᠬᠡᠮᠬᠡᠯᠬᠦ ᠥᠷᠲᠡᠭᠡ᠂ ᠶᠢᠨ | ᠰᠢᠨ ᠬᠢᠮᠢ ᠶᠢᠨ ᠠᠵᠤ ᠦᠢᠯᠡᠳᠪᠦᠷᠢ ᠶᠢᠨ ᠰᠢᠩᠭᠡᠨ ᠠᠽᠣᠲ ᠤᠬᠢᠶᠠᠬᠤ ᠲᠤᠨᠤᠭᠯᠠᠯ ᠤᠨ ᠡᠨᠧᠷᠭᠢ ᠠᠷᠪᠢᠯᠠᠬᠤ ᠵᠡᠷᠭᠡ 24 ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ ᠢ ᠬᠡᠷᠡᠭᠵᠢᠭᠦᠯᠵᠦ᠂ 4 ᠡᠷᠦᠬᠡ ᠪᠣᠬᠢᠷᠲᠤᠯ ᠦᠭᠡᠶ ᠦᠢᠯᠡᠳᠪᠦᠷᠢ ᠪᠠᠶᠢᠭᠤᠯᠬᠤ ᠪᠠᠷ ᠴᠢᠷᠮᠠᠶᠢᠨ᠎ᠠ᠃ ᠲᠥᠪᠯᠡᠷᠡᠩᠭᠦᠶ ᠰᠠᠯᠬᠢᠨ ᠬᠦᠴᠦᠨ ᠤ ᠴᠠᠬᠢᠯᠭᠠᠨ᠂ | ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 39.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 12 | ᠵᠦᠢᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠬᠦᠯᠵᠦ᠂ ᠳᠠᠪᠠᠭᠠᠨ ᠤ ᠵᠡᠭᠦᠨᠳᠡᠬᠢ ᠢᠮᠦ᠋ ᠶᠢᠨ 100 ᠲᠦᠮᠡᠨ ᠺᠢᠯᠤᠸᠠᠲ ᠤᠨ ᠲᠣᠭᠲᠠᠮᠠᠯ ᠭᠥᠶᠥᠳᠡᠯᠳᠦ | ᠭᠠᠳᠠᠭᠰᠢ ᠳᠠᠮᠵᠢᠭᠤᠯᠭ᠎ᠠ᠂ ᠳᠤᠮᠳᠠᠳᠤ ᠤᠯᠤᠰ ᠤᠨ ᠴᠥᠮ᠎ᠡ ᠶᠢᠨ ᠡᠨᠧᠷᠭᠢ ᠶᠢᠨ ᠵᠠᠯᠠᠨ ᠠᠶᠢᠯ ᠳᠠᠬᠢ 20 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ | ᠵᠡᠷᠭᠡ ᠲᠥᠷᠥᠯ ᠵᠦᠢᠯ ᠢ ᠪᠠᠶᠢᠭᠤᠯᠤᠨ ᠲᠤᠤᠷ ᠲᠤ ᠨᠡᠶᠢᠯᠡᠭᠦᠯᠵᠦ᠂ ᠶᠠᠭᠰᠢ ᠬᠤᠲᠠ᠂ ᠣᠷᠴᠣᠨ ᠬᠤᠰᠢᠭᠤᠨ ᠤ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ | ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠭᠤᠷᠪᠠᠳᠤᠭᠠᠷ ᠪᠦᠯᠦᠭ ᠤᠨ ᠤᠯᠤᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠲᠥᠷᠥᠯ ᠵᠦᠢᠯ ᠢ ᠢᠳᠡᠪᠬᠢᠯᠡᠨ ᠣᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠢ 300 ᠲᠦᠮᠡᠨ ᠺᠢᠯᠤᠸᠠᠲ ᠲᠤ ᠬᠦᠷᠬᠡᠬᠦ ᠪᠠᠷ | ᠴᠢᠷᠮᠠᠶᠢᠨ᠎ᠠ᠃ |