2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ︵ᠳᠥᠷᠪᠡ︶ ᠣᠷᠣᠨ ᠪᠦᠰᠡ ᠶᠢᠨ ᠬᠠᠮᠲᠤᠷᠠᠯ ᠬᠦᠴᠦᠨ ᠢ ᠨᠢᠭᠡᠳᠦᠯᠲᠡᠶ ᠲᠦᠯᠦᠪᠯᠡᠵᠦ᠂ ᠵᠤᠬᠢᠴᠠᠩᠭᠤᠢ ᠬᠤᠯᠪᠣᠭᠠᠯᠠᠨ ᠬᠥᠳᠡᠯᠦᠯᠴᠡᠬᠦ ᠰᠢᠨ᠎ᠡ ᠲᠤᠭᠲᠠᠮᠵᠢ ᠶᠢ ᠠᠭᠤᠰᠤᠯᠴᠠᠭᠤᠯᠤᠨ ᠪᠠᠶᠢᠭᠤᠯᠤᠨ᠎ᠠ᠃ ᠣᠷᠣᠨ ᠵᠠᠢ᠂ ᠬᠡᠪᠴᠢᠶᠡᠵᠢᠯ᠂ ᠠᠵᠤ ᠦᠢᠯᠡᠰ ᠭᠤᠷᠪᠠᠨ ᠶᠡᠭᠡ ᠪᠦᠲᠦᠴᠡ ᠶᠢ ᠨᠢᠭᠡᠳᠦᠯᠲᠡᠢ ᠲᠦᠯᠦᠪᠯᠡᠵᠦ᠂ ᠲᠥᠷᠦ ᠶᠢᠨ ᠪᠣᠳᠣᠯᠭ᠎ᠠ ᠶᠢᠨ ᠵᠢᠯᠣᠭᠤᠳᠤᠮᠵᠢ ᠶᠢ ᠴᠢᠩᠭᠠᠷᠠᠭᠤᠯᠬᠤ᠂ ᠬᠦᠴᠦᠨ ᠵᠦᠢᠯ ᠤᠨ ᠰᠢᠯᠵᠢᠯᠲᠡ ᠶᠢ ᠰᠢᠯᠤᠭᠤᠳᠬᠠᠨ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠬᠢᠭᠤᠯᠬᠤ᠂ ᠪᠦᠬᠦ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠤᠭᠲᠠᠮᠵᠢ ᠶᠢ ᠪᠠᠶᠢᠭᠤᠯᠤᠨ᠎ᠠ᠃        ᠨᠢᠭᠡ ᠳᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠣᠷᠣᠰᠢᠨ ᠠᠮᠢᠳᠤᠷᠠᠬᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ᠂ ᠤᠶᠠᠨ ᠠᠮᠢᠳᠤᠯᠢᠭ ᠪᠠᠭᠲᠠᠭᠠᠮᠵᠢᠲᠠᠶ᠂ ᠳᠥᠭᠦᠮ ᠳᠥᠲᠡ ᠤᠶᠤᠨᠲᠤ ᠬᠤᠲᠠ ᠶᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠬᠤᠲᠠ ᠶᠢᠨ ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠶᠢᠯᠠᠷ ᠲᠣᠭᠤᠷᠢᠭ ᠤᠨ ᠵᠢᠶᠠᠨ ᠱᠧ ᠲᠠᠪᠤᠳᠤᠭᠠᠷ ᠵᠡᠭᠡᠯᠢ᠂ ᠸᠠᠩ ᠴᠧᠩ ᠵᠠᠮ ᠤᠨ ᠡᠮᠦᠨ᠎ᠡ ᠬᠡᠰᠡᠭ ᠪᠠ ᠡᠸᠡᠩᠬᠢ ᠬᠤᠰᠢᠭᠤᠨ ᠤ ᠤᠭᠤᠨᠤ ᠶᠢᠨ ᠭᠤᠤᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 165 ᠬᠠᠭᠤᠴᠢᠨ ᠰᠠᠭᠤᠭᠠᠯᠢ ᠲᠣᠭᠤᠷᠢᠭ᠂ 17941 ᠡᠷᠦᠬᠡ ᠶᠢ ᠥᠭᠡᠷᠡᠴᠢᠯᠡᠨ ᠰᠢᠨᠡᠳᠬᠡᠵᠦ᠂ 18.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 131 ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠠᠷᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠣᠷᠴᠣᠨ ᠬᠤᠰᠢᠭᠤ ᠵᠡᠷᠭᠡ ᠭᠠᠵᠠᠷ ᠣᠷᠣᠨ ᠤ ᠳᠤᠯᠠᠭᠠᠯᠠᠭ᠎ᠠ ᠶᠢᠨ ᠲᠣᠭᠲᠠᠭᠤᠨ ᠡᠵᠡᠩᠨᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠬᠦᠯᠦᠨ᠎ᠡ᠃ ᠬᠤᠲᠠ ᠶᠢᠨ ᠴᠢᠳᠠᠮᠵᠢ ᠶᠢ ᠨᠡᠩ ᠨᠠᠷᠢᠯᠢᠭ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠪᠠᠷᠢᠮᠵᠢᠶᠠᠲᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠬᠤᠲᠠ ᠶᠢᠨ ᠦᠪᠡᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠯᠠᠷ ᠲᠣᠭᠤᠷᠢᠭ ᠤᠨ ᠭᠤᠷᠪᠠᠯᠵᠢᠨ ᠲᠤᠭᠤᠷᠢᠭ ᠤᠨ ᠬᠤᠳᠠᠯᠳᠤᠭᠠᠨ ᠤ ᠵᠡᠭᠡᠯᠢ ᠶᠢᠨ ᠲᠡᠷᠭᠡ ᠵᠣᠭᠰᠣᠬᠤ ᠳᠤ ᠬᠦᠴᠢᠷᠲᠡᠶ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠲᠦᠪ ᠬᠤᠲᠠ ᠶᠢᠨ ᠲᠣᠭᠤᠷᠢᠭ ᠤᠨ 120 ᠰᠠᠤᠷᠢ ᠤᠶᠤᠨᠲᠤ ᠨᠡᠶᠢᠲᠡ ᠶᠢᠨ ᠵᠠᠮ ᠬᠠᠷᠢᠯᠴᠠᠭᠠᠨ ᠤ ᠴᠠᠬᠢᠮ ᠥᠷᠲᠡᠭᠡᠨ ᠤ ᠫᠠᠶᠢᠰᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠡᠨᠧᠷᠬᠢᠲᠤ ᠨᠡᠶᠢᠲᠡ ᠶᠢᠨ ᠮᠠᠰᠢᠨ ᠲᠡᠷᠭᠡ ᠪᠠᠷ ᠤᠷᠤᠯᠠᠬᠤ ᠶᠢ ᠲᠦᠷᠭᠡᠳᠬᠡᠨ᠂ ᠭᠤᠷᠪᠠᠳᠤᠭᠠᠷ ᠳᠡᠰ ᠤᠨ ᠤᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠬᠠᠷᠢᠯᠴᠠᠨ ᠬᠤᠯᠪᠤᠭᠠᠯᠠᠬᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠦᠷᠭᠦᠯᠵᠢᠯᠡᠨ ᠬᠡᠷᠡᠭᠵᠢᠭᠦᠯᠵᠦ᠂ ᠪᠡᠯᠡᠳᠬᠡᠮᠵᠢ ᠶᠢ ᠨᠠᠩ ᠪᠦᠷᠢᠨ ᠲᠡᠭᠦᠯᠳᠡᠷ᠂ ᠬᠤᠲᠠ ᠶᠢ ᠨᠠᠩ ᠭᠤᠶᠢᠲᠠ ᠴᠢᠨᠠᠷᠵᠢᠭᠤᠨ ᠪᠣᠯᠭᠠᠨ᠎ᠠ᠃       ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠬᠠᠪᠰᠤᠷᠤᠨ ᠲᠡᠳᠬᠦᠬᠦ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠤᠰᠬᠤᠨ ᠲᠠᠢ ᠬᠤᠯᠪᠤᠭᠠᠯᠠᠬᠤ ᠬᠥᠳᠡᠭᠡ ᠲᠤᠰᠬᠤᠨ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠶᠠᠰᠤ ᠴᠢᠨᠠᠷ ᠢ ᠳᠡᠭᠡᠭᠰᠢᠯᠡᠬᠦᠯᠵᠦ ᠪᠦᠬᠦᠶᠢᠯᠡ ᠰᠢᠶᠡᠨ ᠢᠶᠠᠷ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠬᠦᠨᠵᠡᠭᠡᠶᠢᠷᠡᠬᠦᠯᠵᠦ᠂ ᠵᠢᠱᠢᠶᠡᠴᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ ᠲᠦᠷᠭᠡᠳᠬᠡᠨ᠂ ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ 1100 ᠳᠤ ᠬᠦᠷᠭᠡᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠵᠢᠬᠤ ᠲᠠᠷᠢᠶᠠᠯᠠᠬᠤ ᠰᠢᠭᠤᠶᠢᠲᠤ ᠣᠷᠣᠨ ᠤ ᠵᠠᠰᠠᠮᠠᠯ ᠵᠠᠮ ᠢ 550 ᠺᠢᠯᠣᠮᠧᠲᠷ ᠰᠢᠨ᠎ᠡ ᠪᠠᠷ ᠪᠠᠶᠢᠭᠤᠯᠤᠨ ᠰᠢᠨᠡᠳᠬᠡᠨ ᠵᠠᠰᠠᠵᠤ᠂ ᠡᠸᠡᠩᠬᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠢᠯᠴᠢ ᠬᠠᠩᠭᠠᠬᠤ ᠤᠰᠤ ᠬᠠᠩᠭᠠᠬᠤ ᠬᠤᠭᠤᠯᠠᠶ ᠲᠤᠤᠷ ᠤᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠰᠢᠭᠤᠶᠢᠲᠤ ᠣᠷᠣᠨ ᠳᠤ ᠴᠢᠮᠡᠭᠡ ᠬᠤᠯᠪᠤᠭ᠎ᠠ ᠲᠤᠤᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠳᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 5G ᠰᠠᠭᠤᠷᠢ ᠦᠷᠲᠡᠭᠡ ᠶᠢ 1000 ᠰᠢᠨ᠎ᠡ ᠪᠠᠷ ᠪᠠᠶᠢᠭᠤᠯᠵᠤ᠂ ᠰᠤᠮᠤ ᠰᠢᠶᠠᠩ ᠪᠠᠯᠭᠠᠰᠤ ᠪᠠ ᠭᠤᠤᠯ ᠪᠤᠯᠬᠤ ᠵᠠᠮ ᠬᠠᠷᠢᠯᠴᠠᠭᠠᠨ ᠤ ᠭᠤᠤᠯ ᠱᠤᠭᠤᠮ ᠤᠨ5G ᠲᠤᠤᠷ ᠰᠦᠯᠵᠢᠶ᠎ᠡ ᠶᠢᠨ ᠪᠦᠷᠬᠦᠯᠲᠡ ᠶᠢᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠵᠦ᠂ 4G ᠰᠠᠭᠤᠷᠢ ᠦᠷᠲᠡᠭᠡ ᠶᠢ 41 ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠤ 4G ᠰᠠᠭᠤᠷᠢ ᠦᠷᠲᠡᠭᠡ ᠶᠢᠨ ᠲᠤᠤᠷ ᠰᠦᠯᠵᠢᠶ᠎ᠡ ᠶᠢᠨ ᠪᠦᠷᠬᠦᠯᠲᠡ ᠶᠢᠨ ᠨᠣᠷᠮ᠎ᠠ ᠶᠢ 100% ᠳᠤ ᠬᠦᠷᠭᠡᠵᠦ᠂ ᠭᠠᠴᠠᠭ᠎ᠠ ᠲᠣᠰᠬᠤᠨ ᠤ ᠢᠯᠡᠬᠡᠨ ᠬᠦᠷᠭᠡᠬᠦ ᠪᠠᠷᠠᠭᠠᠨ ᠤ ᠭᠦᠢᠯᠭᠡᠭᠡᠨ ᠤ ᠴᠡᠭ ᠢ 168 ᠰᠢᠨ᠎ᠡ ᠪᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠢᠯᠡᠬᠡᠨ ᠬᠦᠷᠭᠡᠬᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃  ︽ᠬᠥᠯᠥᠨ ᠪᠤᠶᠢᠷ ᠬᠤᠲᠠ ᠶᠢᠨ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠢ ᠬᠢᠨᠠᠮᠠᠭᠠᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠲᠦᠪᠯᠡᠷᠡᠩᠭᠦᠢ ᠤᠰᠤ ᠬᠠᠩᠭᠠᠬᠤ 14 ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ 4508 ᠰᠢᠨᠡᠳᠬᠡᠨ ᠵᠠᠰᠠᠵᠤ᠂ 94 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠡᠭᠦᠷᠭᠡ ᠶᠢ ᠪᠡᠶᠡᠯᠡᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠷᠠᠭᠤᠯᠵᠤ᠂ ᠬᠡᠪᠰᠢᠯ ᠳᠠᠳᠬᠠᠯ ᠢ ᠥᠭᠡᠷᠡᠴᠢᠯᠡᠬᠦ ᠶᠢ ᠭᠦᠨᠵᠡᠭᠡᠶ ᠠᠬᠢᠭᠤᠯᠵᠤ᠂ ᠣᠷᠣᠰᠢᠨ ᠠᠮᠢᠳᠤᠷᠠᠬᠤ ᠠᠳᠠᠯ ᠦᠢᠯᠡᠰ ᠴᠤᠭᠴᠠᠯᠠᠬᠤ ᠳᠤ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃       ᠭᠤᠷᠪᠠ ᠳᠤ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠲᠤᠭᠲᠠᠮᠵᠢ ᠶᠢ ᠴᠤᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠭᠤᠷᠪᠠᠨ ᠶᠡᠭᠡ ᠣᠷᠣᠨ ᠵᠠᠶ ᠶᠢ ᠨᠢᠭᠡᠳᠦᠯᠲᠡᠶ ᠲᠥᠯᠥᠪᠯᠡᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠣᠷᠣᠨ ᠪᠦᠰᠡ ᠪᠠ ᠬᠤᠲᠠ ᠬᠥᠳᠡᠭᠡ ᠶᠢᠨ ᠴᠢᠳᠠᠮᠵᠢ ᠶᠢᠨ ᠪᠠᠶᠢᠷᠢᠰᠢᠯ᠂ ᠭᠠᠵᠠᠷ ᠰᠢᠷᠣᠶ ᠬᠡᠷᠡᠭᠯᠡᠬᠦ ᠪᠦᠲᠦᠴᠡ ᠪᠠ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠨᠢᠭᠡ ᠵᠢᠷᠤᠭ︾ ᠢᠶᠠᠷ ᠬᠢᠨᠠᠯᠲᠠ ᠲᠠᠯᠪᠢᠬᠤ ᠰᠢᠰᠲ᠋ᠧᠮ ᠪᠠ ᠬᠢᠨᠠᠨ ᠰᠢᠨᠵᠢᠬᠦ ᠲᠤᠤᠷ ᠰᠦᠯᠵᠢᠶ᠎ᠡ ᠶᠢ ᠪᠠᠶᠢᠭᠤᠯᠤᠨ᠎ᠠ᠃ ᠲᠦᠪ ᠬᠤᠲᠠ ᠶᠢᠨ ᠲᠣᠭᠤᠷᠢᠭ᠂ ᠬᠢᠯᠢ ᠶᠢᠨ ᠪᠣᠭᠤᠮᠲᠠ ᠶᠢᠨ ᠬᠤᠲᠠ᠂ ᠳᠠᠪᠠᠭᠠᠨ ᠤ ᠵᠡᠭᠦᠨᠳᠡᠬᠢ᠂ ᠳᠠᠪᠠᠭᠠᠨ ᠤ ᠪᠠᠷᠠᠭᠤᠨᠳᠠᠬᠢ᠂ ᠳᠠᠪᠠᠭᠠᠨ ᠳᠡᠭᠡᠷᠡᠬᠢ ᠵᠡᠷᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠶᠣᠰᠣᠭᠠᠷ᠂ ᠲᠤᠰ ᠲᠤᠰ ᠤᠨ ᠤᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠪᠦᠰᠡ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠦᠢᠯᠡᠰ ᠤᠨ ᠢᠵᠢᠯᠢᠰᠢᠬᠦ ᠪᠠ ᠢᠵᠢᠯ ᠴᠢᠨᠠᠷᠵᠢᠬᠤ ᠠᠴᠠ ᠵᠠᠶᠢᠯᠠᠰᠬᠢᠵᠦ᠂ ᠰᠤᠯᠪᠢᠴᠠᠭᠤᠯᠤᠨ ᠬᠦᠭᠵᠢᠬᠦᠯᠬᠦ᠂ ᠵᠦᠷᠢᠶᠡᠵᠢᠬᠦᠯᠦᠨ ᠬᠦᠭᠵᠢᠬᠦᠯᠬᠦ ᠶᠢ ᠪᠡᠶᠡᠯᠡᠭᠦᠯᠦᠨ᠎ᠡ᠃ ᠲᠥᠪ ᠬᠤᠲᠠ ᠶᠢᠨ ᠲᠣᠭᠤᠷᠢᠭ ᠤᠨ ᠠᠵᠤ ᠦᠢᠯᠡᠰ ᠤᠨ ᠳᠠᠶᠢᠴᠢᠯᠠᠨ ᠨᠥᠯᠥᠭᠡᠯᠡᠬᠦ ᠴᠢᠳᠠᠪᠤᠷᠢ᠂ ᠭᠤᠣᠯᠳᠠᠯᠭ᠎ᠠ ᠲᠠᠢ ᠰᠢᠶᠠᠨ ᠤ ᠬᠡᠪᠴᠢᠶᠡᠨ ᠤ ᠬᠤᠲᠠ ᠪᠠᠯᠭᠠᠰᠤ ᠶᠢᠨ ᠬᠦᠲᠦᠯᠦᠮᠵᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠣᠷᠣᠨ ᠪᠦᠰᠡ ᠶᠢᠨ ᠳᠣᠲᠣᠷᠠᠬᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠯᠲᠠ ᠶᠢ ᠴᠢᠩᠭᠠᠷᠠᠭᠤᠯᠵᠤ᠂ ᠡᠷᠭᠢᠨ ᠲᠣᠭᠤᠷᠢᠨ ᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠳᠠᠶᠢᠴᠢᠯᠠᠵᠦ᠂ ᠰᠢᠶᠠᠨ ᠤ ᠬᠡᠪᠴᠢᠶᠡᠨ ᠳᠣᠲᠣᠷ᠎ᠠ ᠬᠤᠲᠠ ᠬᠥᠳᠡᠭᠡ ᠶᠢᠨ ᠵᠠᠭᠠᠭ ᠬᠢᠵᠠᠭᠠᠷ ᠢ ᠠᠭᠠᠵᠢᠮ ᠢᠶᠠᠷ ᠦᠭᠡᠶᠢᠰᠬᠡᠵᠦ᠂ ᠬᠤᠰᠢᠭᠤ ᠰᠢᠶᠠᠨ ᠤ ᠬᠡᠪᠴᠢᠶ᠎ᠡ ᠶᠢ ᠦᠢᠯᠡᠳᠪᠦᠷᠢ ᠲᠠᠷᠢᠶᠠᠯᠠᠩ ᠢ ᠬᠤᠯᠪᠤᠬᠤ᠂ ᠬᠤᠲᠠ ᠬᠥᠳᠡᠭᠡ ᠶᠢ ᠠᠭᠤᠰᠣᠯᠴᠠᠭᠤᠯᠬᠤ ᠴᠢᠬᠤᠯᠠ ᠬᠤᠯᠪᠣᠭᠠᠰᠤ ᠪᠣᠯᠭᠠᠨ ᠪᠠᠶᠢᠭᠤᠯᠵᠤ᠂ ᠡᠯ᠎ᠡ ᠭᠠᠵᠠᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ᠂ ᠠᠵᠤ ᠦᠢᠯᠡᠰ ᠪᠠ ᠬᠤᠲᠠ ᠶᠢ ᠨᠢᠭᠲᠠ ᠠᠭᠤᠰᠤᠯᠴᠠᠭᠤᠯᠬᠤ᠂ ᠬᠦᠴᠦᠨ ᠵᠦᠢᠯ ᠢ ᠭᠦᠢᠴᠡᠳ ᠡᠷᠭᠢᠯᠳᠦᠬᠦᠯᠬᠦ᠂ ᠣᠨᠴᠠᠯᠢᠭ ᠢ ᠨᠡᠩ ᠲᠣᠳᠣᠷᠠᠭᠤᠯᠬᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠤᠭᠲᠠᠮᠵᠢ ᠶᠢ ᠪᠦᠷᠢᠯᠳᠦᠬᠦᠯᠦᠨ᠎ᠡ᠃       ᠳᠥᠷᠪᠡ ᠳᠤ ᠳᠡᠭᠡᠳᠤ ᠴᠢᠨᠠᠷᠯᠢᠭ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠵᠢᠱᠢᠶ᠎ᠡ ᠦᠵᠡᠭᠦᠯᠬᠦ ᠲᠤᠭᠤᠷᠢᠭ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠶᠢ ᠡᠭᠦᠳᠬᠦ ᠲᠤᠭᠤᠷᠢᠭ᠂ ᠡᠷᠴᠢᠮᠵᠢᠭᠦᠯᠦᠨ ᠪᠦᠭᠡᠮᠨᠡᠷᠡᠬᠦᠯᠵᠦ ᠬᠥᠲᠥᠯᠥᠨ ᠳᠠᠭᠠᠭᠤᠯᠬᠤ ᠲᠤᠭᠤᠷᠢᠭ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠥᠯᠢᠭᠡᠷ ᠳᠠᠭᠤᠷᠢᠶᠠᠯ ᠲᠤᠭᠤᠷᠢᠭ ᠪᠣᠯᠬᠤ ︽ᠳᠥᠷᠪᠡᠨ ᠲᠤᠭᠤᠷᠢᠭ︾ ᠢ ᠴᠤᠭᠴᠠᠯᠠᠬᠤ ᠪᠠᠶᠢᠷᠢ ᠲᠣᠭᠲᠠᠭᠠᠯᠲᠠ ᠶᠢᠨ ᠶᠣᠰᠣᠭᠠᠷ᠂ ᠬᠥᠯᠥᠨ ᠪᠤᠶᠢᠷ ᠤᠨ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠤᠨ ᠤᠯᠤᠰ ᠤᠨ ᠲᠠᠰ ᠤᠨ ᠨᠡᠭᠡᠭᠡᠯᠲᠡ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠢᠵᠢ ᠲᠦᠬᠦᠷ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠶᠤᠨᠲᠤ ᠬᠦᠷᠢᠶᠡᠯᠡᠩ ᠲᠣᠭᠤᠷᠢᠭ ᠤᠨ ᠲᠠᠪᠴᠠᠩ ᠤᠨ ᠠᠵᠢᠯᠯᠠᠭᠠᠨ ᠤ ᠬᠠᠮᠠᠭᠠᠯᠠᠯᠳᠠ ᠶᠢ ᠴᠢᠩᠭᠠᠳᠬᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠦᠪᠯᠡᠷᠡᠯ ᠲᠤᠭᠤᠷᠢᠭ ᠢ ᠮᠠᠭᠠᠳᠯᠠᠨ ᠲᠣᠭᠲᠠᠭᠠᠬᠤ ᠶᠢ ᠴᠢᠷᠮᠠᠶᠢᠨ ᠪᠡᠶᠡᠯᠡᠭᠦᠯᠵᠦ᠂ ᠮᠠᠯ ᠠᠵᠤ ᠠᠬᠤᠶ ᠶᠢᠨ ᠮᠠᠰᠢᠨ ᠦᠢᠯᠡᠳᠬᠦ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ᠂ ᠶᠡᠷᠦᠩᠬᠡᠶᠢᠯᠡᠭᠰᠡᠨ ᠬᠤᠭᠤᠯᠠᠶ ᠲᠤᠤᠷ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠮᠠᠨᠵᠤᠤᠷ ᠤᠨ ᠬᠢᠮᠢ ᠶᠢᠨ ᠠᠵᠤ ᠦᠢᠯᠡᠳᠪᠦᠷᠢ ᠶᠢᠨ ᠲᠦᠪᠯᠡᠷᠡᠯ ᠣᠷᠣᠨ ᠪᠠ ᠠᠷᠤᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠮᠠᠭᠠᠳᠯᠠᠨ ᠲᠣᠭᠲᠠᠭᠠᠬᠤ ᠶᠢ ᠢᠳᠡᠪᠬᠢᠯᠡᠨ ᠣᠯᠵᠤ᠂ ᠶᠠᠭᠰᠢ ᠶᠢᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠷᠴᠢᠯᠲᠤ ᠰᠢᠨᠡᠳᠬᠡᠯᠲᠡ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠪᠠ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠬᠦᠯᠬᠦ ᠦᠷ᠎ᠡ ᠪᠦᠲᠦᠭᠡᠯ ᠢ ᠪᠠᠬᠢᠵᠢᠭᠦᠯᠵᠦ᠂ ︽ᠣᠷᠣᠨ ᠪᠦᠰᠡ ᠶᠢᠨ ᠦᠨᠡᠯᠡᠨ ᠵᠢᠱᠢᠯᠲᠡ + ᠪᠠᠷᠢᠮᠵᠢᠶᠡᠳᠤ ᠭᠠᠵᠠᠷ︾ ᠤᠨ ᠵᠠᠭᠪᠤᠷ ᠢ ᠭᠦᠨᠵᠡᠭᠡᠶᠢᠷᠡᠭᠦᠯᠦᠨ᠂ ᠬᠦᠷᠢᠶᠡᠯᠡᠩ ᠲᠣᠭᠤᠷᠢᠭ ᠤᠨ ᠮᠥ ᠪᠦᠷᠢ ᠶᠢᠨ ᠳᠤᠮᠳᠠᠴᠢ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠪᠦᠲᠦᠴᠡ ᠶᠢ ᠳᠣᠭᠢᠷᠠᠭᠤᠯᠬᠤ᠂ ᠠᠷᠭ᠎ᠠ ᠮᠠᠶ᠋ᠢᠭ ᠢᠶᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠨ᠂ ᠭᠤᠤᠯᠯᠠᠬᠤ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠤᠨ᠎ᠠ᠃ ᠬᠤᠲᠠ ᠶᠢᠨ ᠬᠡᠪᠴᠢᠶᠡᠨ ᠤ ︽ᠰᠢᠭᠤᠳ ᠬᠤᠷᠰᠢᠯᠴᠠᠬᠤ ᠠᠵᠤ ᠠᠬᠤᠶ︾ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ ᠬᠢᠵᠠᠭᠠᠷ ᠢ ᠡᠪᠳᠡᠵᠦ᠂ ︽ᠰᠢᠭᠤᠳ ᠬᠤᠷᠰᠢᠯᠴᠠᠬᠤ︾ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠭᠡᠭᠡᠨ ᠭᠤᠤᠯ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠣᠷᠴᠣᠨ ᠬᠤᠰᠢᠭᠤ᠂ ᠡᠷᠭᠦᠨ᠎ᠡ ᠬᠤᠲᠠ ᠵᠡᠷᠭᠡ ᠭᠠᠵᠠᠷ ᠣᠷᠣᠨ ᠤ ︽ᠰᠢᠭᠤᠳ ᠬᠤᠷᠰᠢᠯᠴᠠᠬᠤ ᠠᠵᠤ ᠠᠬᠤᠶ︾ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠠᠬᠢᠭᠤᠯᠵᠤ᠂   ︽ᠰᠢᠭᠤᠳ ᠬᠤᠷᠰᠢᠯᠴᠠᠬᠤ ᠠᠵᠤ ᠠᠬᠤᠶ︾ ᠶᠢᠨ ᠲᠥᠷᠥ ᠶᠢᠨ ᠪᠣᠳᠣᠯᠭ᠎ᠠ ᠶᠢ ᠬᠥᠳᠡᠯᠦᠩᠭᠦᠶ ᠪᠠᠷ ᠰᠢᠯᠢᠳᠡᠭᠵᠢᠭᠦᠯᠵᠦ᠂ ᠬᠤᠰᠢᠭᠤ ᠬᠤᠲᠠ ᠲᠣᠭᠤᠷᠢᠭ ᠤᠨ ᠬᠤᠭᠤᠷᠣᠨᠳᠣᠬᠢ ︽ᠬᠤᠷᠰᠢᠬᠤ ᠶᠤᠰᠤᠳᠠᠢ ᠶᠢ  ᠨᠢ ᠪᠦᠬᠦᠨ ᠢ ᠬᠤᠷᠰᠢᠯᠴᠠᠭᠤᠯᠬᠤ︾ ᠶᠢ ᠠᠬᠢᠭᠤᠯᠵᠤ᠂ ︽ᠬᠤᠲᠠ ᠶᠢᠨ ᠬᠡᠪᠴᠢᠶᠡᠨ ᠳᠤ ᠨᠢᠭᠡᠳᠦᠯᠲᠡᠶ ᠲᠥᠯᠥᠪᠯᠡᠬᠦ᠂ ᠣᠷᠣᠨ ᠪᠦᠰᠡ ᠬᠠᠮᠵᠢᠯᠴᠠᠬᠤ᠂ ᠪᠦᠯᠦᠭᠯᠡᠨ ᠬᠥᠭᠵᠢᠬᠦ︾ ᠰᠢᠨ᠎ᠡ ᠵᠠᠮ ᠢᠶᠠᠷ ᠵᠠᠮᠨᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ