︵ᠲᠠᠪᠤ︶ ᠰᠢᠰᠲ᠋ᠧᠮ ᠲᠠᠢ ᠵᠠᠰᠠᠯᠲᠠ ᠬᠢᠵᠦ ᠡᠷᠴᠢᠮᠵᠢᠭᠦᠯᠦᠯᠲᠡ ᠶᠢ ᠠᠳᠬᠤᠵᠤ᠂ ᠠᠭᠤᠯᠤᠭᠳᠠᠬᠤᠨ ᠤ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ | ᠦᠷᠭᠦᠯᠵᠢᠯᠡᠨ ᠡᠭᠦᠳᠦᠨ᠎ᠡ᠃ ︽ᠠᠷᠪᠢᠯᠠᠨ ᠭᠠᠮᠨᠠᠪᠠᠯ ᠦᠷ᠎ᠡ ᠠᠰᠢᠭ ᠡᠭᠦᠰᠬᠡᠵᠦ᠂ ᠬᠤᠬᠢᠷᠠᠯ ᠢ ᠪᠠᠭᠠᠰᠬᠠᠪᠠᠯ ᠣᠷᠣᠯᠭ᠎ᠠ ᠨᠡᠮᠡᠭᠳᠡᠬᠦᠯᠬᠦ︾ ᠤᠨᠤᠯᠵᠢᠬᠤᠨ ᠢ ᠪᠠᠲᠤ ᠪᠣᠶ | ᠪᠣᠯᠭᠠᠵᠤ᠂ ᠠᠵᠤ ᠦᠢᠯᠡᠰ ᠢ ᠪᠦᠭᠡᠮᠨᠡᠷᠡᠬᠦᠯᠬᠦ᠂ ᠡᠬᠢ ᠪᠠᠶᠠᠯᠢᠭ ᠢ ᠠᠷᠪᠢᠯᠠᠬᠤ᠂ ᠠᠮᠢ ᠠᠬᠤᠶ ᠶᠢ ᠬᠠᠮᠠᠭᠠᠯᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠬᠢᠵᠠᠭᠠᠷ ᠲᠠᠢ | ᠡᠬᠢ ᠪᠠᠶᠠᠯᠢᠭ ᠤᠨ ᠬᠢᠵᠠᠭᠠᠷ ᠥᠬᠡᠶ ᠥᠷᠲᠡᠭ ᠢ ᠪᠠᠳᠠᠷᠠᠭᠤᠯᠤᠨ᠎ᠠ᠃ | ᠨᠢᠭᠡ ᠳᠤ ᠠᠵᠤ ᠦᠢᠯᠡᠰ ᠤᠨ ᠬᠡᠯᠬᠢᠶᠡᠰᠦᠯᠡᠯ ᠮᠠᠶ᠋ᠢᠭ ᠤᠨ ᠬᠥᠭᠵᠢᠯᠲᠡ ᠶᠢ ᠲᠦᠷᠭᠡᠳᠬᠡᠨ᠎ᠡ᠃ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ | ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠦᠬᠦᠪᠦᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽ᠬᠤᠣᠰ ᠬᠡᠯᠬᠢᠶ᠎ᠡ ᠶᠢᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ | ᠤᠳᠤᠷᠢᠳᠤᠯᠭ᠎ᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠮᠲᠤᠪᠠᠷ ᠬᠡᠯᠬᠢᠶ᠎ᠡ ᠶᠢᠨ ᠳᠠᠷᠤᠭ᠎ᠠ ᠶᠢᠨ ᠡᠭᠦᠷᠭᠡ ᠶᠢ ᠡᠭᠦᠷᠭᠡᠯᠡᠵᠦ᠂ ᠠᠵᠤ ᠦᠢᠯᠡᠰ ᠤᠨ | ᠡᠷᠴᠢᠮᠵᠢᠬᠦᠯᠦᠨ ᠪᠦᠭᠡᠮᠨᠡᠷᠡᠬᠦᠯᠵᠦ ᠬᠦᠭᠵᠢᠬᠦᠯᠬᠦ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ ᠬᠦᠴᠦᠷᠬᠡᠭᠵᠢᠭᠦᠯᠬᠦ ᠶᠢ ᠠᠬᠢᠭᠤᠯᠵᠤ᠂ ᠵᠡᠭᠦᠨ ᠬᠤᠶᠢᠲᠤ ᠶᠢᠨ ᠹᠦ᠋ ᠹᠧᠩ᠂ ᠴᠢ ᠯᠦ ᠡᠮ ᠦᠢᠯᠡᠳᠬᠦ ᠵᠡᠷᠭᠡ ᠬᠥᠲᠥᠴᠢ ᠠᠵᠤ | ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠤ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ | ᠳᠠᠮᠵᠢᠵᠤ᠂ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠷᠳᠠᠭᠤᠯ ᠤᠨ ᠲᠥᠷᠥᠯ ᠪᠠ ᠭᠤᠣᠯ | ᠢᠳᠡᠭᠡᠨ ᠤ ᠲᠥᠷᠥᠯ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠷᠳᠡᠨᠢ ᠰᠢᠰᠢ᠂ ᠰᠢᠷ᠎ᠠ ᠪᠤᠷᠴᠠᠭ᠂ | ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 250 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ | ᠢᠳᠡᠰᠢᠨ ᠦᠬᠡᠷ ᠢᠳᠡᠰᠢᠨ ᠬᠤᠨᠢᠨ ᠤ ᠠᠵᠤ ᠦᠢᠯᠡᠰ ᠤᠨ ᠰᠢᠯᠢᠳᠡᠭ ᠨᠠᠷᠢᠯᠢᠭ ᠬᠡᠯᠬᠢᠶ᠎ᠡ ᠶᠢ ᠠᠬᠢᠭᠤᠯᠵᠤ᠂ ᠮᠠᠯᠵᠢᠬᠤ ᠣᠷᠣᠨ ᠲᠠᠷᠢᠶᠠᠯᠠᠬᠤ ᠣᠷᠣᠨ ᠤ ᠲᠡᠵᠢᠭᠡᠨ | ᠦᠷᠡᠵᠢᠭᠦᠯᠬᠦ ᠠᠵᠤ ᠦᠢᠯᠡᠰ ᠤᠨ ᠪᠦᠰᠡ ᠶᠢ ᠴᠤᠭᠴᠠᠯᠠᠵᠤ᠂ ᠪᠠᠷᠢᠮᠵᠢᠶᠠᠵᠢᠭᠰᠠᠨ ᠰᠠᠭᠤᠷᠢᠨ ᠭᠠᠵᠠᠷ ᠪᠠ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 130 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠬᠦ ᠪᠠᠷ | ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠷᠤᠨ ᠬᠤᠰᠢᠭᠤ ᠪᠠᠷ ᠭᠤᠤᠯ ᠪᠣᠯᠭᠠᠨ᠂ | ᠳᠠᠪᠠᠭᠠᠨ ᠤ ᠵᠡᠭᠦᠨᠳᠡᠬᠢ ᠡᠯ᠎ᠡ ᠬᠤᠰᠢᠭᠤ ᠬᠤᠲᠠ ᠶᠢ ᠳᠠᠶᠢᠴᠢᠯᠠᠵᠦ᠂ ᠢᠯᠢ ᠰᠦ ᠶᠢᠨ ᠦᠢᠯᠡᠰ᠂ ᠰᠠᠶ ᠱᠠᠩ ᠰᠦ ᠶᠢᠨ ᠦᠢᠯᠡᠰ ᠵᠡᠷᠭᠡ ᠬᠥᠲᠥᠴᠢ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠳᠡᠮᠵᠢᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 30 ᠳ᠋ᠦᠩᠰᠢᠭᠤᠷ ᠲᠥᠭᠦᠷᠢᠭ | ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠬᠤᠸᠠ ᠳ᠋ᠧ᠂ ᠮᠧᠩ ᠲᠦᠸᠧ᠂ ᠷᠦᠢ ᠹᠧᠩ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠦᠢᠯᠡᠳᠬᠦ ᠴᠢᠳᠠᠪᠤᠷᠢ ᠶᠢ | ᠦᠷᠭᠡᠳᠬᠡᠨ ᠳᠡᠰ ᠳᠡᠪᠰᠢᠭᠦᠯᠬᠦ ᠶᠢ ᠳᠡᠮᠵᠢᠵᠦ᠂ ᠦᠢᠯᠡᠳᠪᠦᠷᠢᠯᠡᠯ ᠤᠨ ᠬᠡᠪᠴᠢᠶ᠎ᠡ ᠪᠠ ᠦᠢᠯᠡᠳᠬᠦᠨ ᠤ ᠵᠠᠬ᠎ᠠ ᠳᠡᠯᠭᠡᠭᠦᠷ ᠲᠤ ᠡᠵᠡᠯᠡᠬᠦ ᠨᠣᠷᠮ᠎ᠠ ᠶᠢ ᠤᠯᠤᠰ ᠤᠨ | ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠭᠡᠬᠦ ᠶᠢ ᠲᠦᠯᠬᠢᠨ ᠠᠬᠢᠭᠤᠯᠤᠨ᠎ᠠ᠃ ᠣᠶ ᠶᠢᠨ ᠬᠤᠷᠮᠣᠶ ᠶᠢᠨ ᠠᠵᠤ ᠦᠢᠯᠡᠰ ᠤᠨ ᠬᠡᠯᠬᠢᠶ᠎ᠡ ᠶᠢ | ᠪᠤᠵᠠᠭᠠᠶᠢᠷᠠᠭᠤᠯᠤᠨ ᠨᠠᠷᠢᠯᠢᠭᠵᠢᠭᠤᠯᠵᠤ᠂ ︽ᠣᠶ + ᠡᠮ + ᠵᠢᠮᠢᠰ + ᠮᠥᠭᠦ + ᠡᠪᠡᠰᠦ + ᠮᠠᠯ ᠵᠢᠭᠦᠷᠲᠡᠨ︾ ᠳᠠᠷᠢᠵᠤ ᠲᠡᠵᠢᠭᠡᠨ ᠦᠷᠡᠵᠢᠬᠦᠯᠬᠦ ᠵᠠᠭᠪᠤᠷ ᠢ | ᠬᠡᠷᠡᠭᠵᠢᠭᠦᠯᠵᠦ᠂ ᠬᠢᠲᠠᠳ ᠡᠪᠡᠰᠦᠨ ᠡᠮ 3 ᠲᠦᠮᠡᠨ ᠮᠥ᠂ ᠤᠯᠠᠭᠠᠨ ᠨᠠᠷᠠᠰᠤᠨ ᠣᠶ ᠶᠢ 1.5 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠰᠢᠳ ᠤᠨ ᠣᠶ ᠶᠢ 3 | ᠲᠦᠮᠡᠨ ᠮᠥ ᠰᠢᠨᠡᠳᠬᠡᠨ ᠪᠠᠶᠢᠭᠤᠯᠵᠤ᠂ 2 ᠬᠥᠲᠥᠴᠢ ᠠᠵᠤ ᠠᠬᠤᠶᠢᠯᠠᠯ ᠢ ᠲᠡᠳᠬᠦᠨ ᠳᠡᠮᠵᠢᠵᠦ᠂ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠳᠠᠶᠢᠴᠢᠯᠠᠵᠤ᠂ ᠶᠡᠭᠡ ᠬᠢᠩᠭᠠᠨ ᠳᠠᠪᠠᠭ᠎ᠠ ᠳᠠᠭᠠᠤ ᠶᠢᠨ ᠭᠠᠵᠠᠷ ᠣᠷᠣᠨ ᠤ ᠣᠶ ᠶᠢᠨ ᠬᠤᠷᠮᠣᠶ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠬᠢᠲᠠᠳ ᠡᠪᠡᠰᠦᠨ ᠡᠮ ᠤᠨ ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠬᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠰᠦᠩ ᠯᠦ ᠡᠮ | ᠦᠢᠯᠡᠳᠬᠦ᠂ ᠲᠢᠶᠠᠨ ᠯᠢ ᠶᠤᠸᠠᠨ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ︽ᠰᠢᠨ᠎ᠡ ᠶᠢ ᠡᠭᠦᠳᠬᠦ ᠮᠠᠶ᠋ᠢᠭ︾ ︽ᠲᠤᠰᠬᠠᠶ ᠨᠠᠷᠢᠯᠢᠭ ᠣᠨᠴᠠ ᠰᠢᠨ᠎ᠡ︾ | ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ ᠪᠠ ᠳᠠᠳᠠᠨ ᠤᠷᠤᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 4 | ᠳ᠋ᠦᠩᠰᠢᠭᠤᠷ ᠲᠥᠭᠦᠷᠢᠭ ᠤᠨ ᠤᠷᠴᠢᠮ ᠬᠦᠷᠭᠡᠬᠦ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ | ᠨᠠᠷᠢᠯᠢᠭᠵᠢᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ᠂ ᠡᠵᠡᠩᠨᠡᠨ ᠪᠣᠷᠣᠯᠠᠭᠤᠯᠬᠤ ᠵᠡᠷᠭᠡ ᠨᠢᠭᠡ | ᠴᠣᠭᠴᠠᠵᠢᠭᠰᠠᠨ ᠬᠥᠭᠵᠢᠯᠲᠡ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ᠂ ᠲᠠᠮᠢᠷ ᠵᠢᠭᠤᠯᠴᠢᠯᠠᠯ᠂ ᠲᠠᠷᠢᠶᠠᠯᠠᠩ ᠵᠢᠭᠤᠯᠴᠢᠯᠠᠯ᠂ ᠰᠢᠭᠤᠢ ᠵᠢᠭᠤᠯᠴᠢᠯᠠᠯ᠂ ᠰᠢᠨᠵᠢᠯᠡᠭᠡ | ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ ᠵᠡᠷᠭᠡ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ︽ᠨᠢᠭᠡᠨ ᠦᠢᠯᠡᠰ ᠤᠨ ᠮᠠᠨᠳᠤᠯ ᠨᠢ ᠮᠢᠩᠭᠠᠨ ᠦᠢᠯᠡᠰ ᠢ | ᠬᠦᠭᠵᠢᠭᠦᠯᠬᠦ︾ ᠦᠷᠡᠵᠢᠬᠦᠯᠦᠭᠴᠢ ᠦᠢᠯᠡᠳᠦᠯ ᠢ ᠦᠷᠬᠦᠯᠵᠢᠯᠡᠨ ᠶᠡᠬᠡᠰᠬᠡᠵᠦ᠂ ᠰᠣᠶᠣᠯ ᠵᠢᠭᠤᠯᠴᠢᠯᠠᠯ ᠢ ᠬᠥᠯᠥᠨ ᠪᠤᠶᠢᠷ ᠤᠨ ᠬᠠᠮᠤᠭ ᠤᠨ ᠨᠥᠯᠥᠭᠡᠯᠡᠬᠦ ᠬᠦᠴᠦᠨ ᠲᠠᠢ | ᠳᠠᠪᠠᠭᠤᠯᠢᠭ ᠣᠨᠴᠠᠯᠢᠭᠲᠤ ᠠᠵᠤ ᠦᠢᠯᠡᠰ ᠪᠤᠯᠠᠭᠠᠨ ᠴᠤᠭᠴᠠᠯᠠᠨ᠎ᠠ᠃ | ᠬᠤᠶᠠᠷ ᠲᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠠᠬᠢᠭᠤᠯᠤᠨ᠎ᠠ᠃ ᠬᠠᠳᠠᠭᠠᠯᠠᠯᠲᠠ ᠶᠢ ᠭᠦᠢᠯᠭᠡᠭᠡᠵᠦ᠂ ᠪᠦᠷᠢᠯᠭᠡᠨ ᠰᠦᠢᠳᠬᠡᠬᠦ ᠶᠢ ᠴᠢᠩᠭ᠎ᠠ | ᠬᠢᠵᠠᠭᠠᠷᠯᠠᠬᠤ ᠶᠢ ᠪᠠᠷᠢᠮᠳᠠᠯᠠᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠲᠠᠪᠤ ᠶᠢ ᠲᠤᠶᠢᠯᠪᠤᠷᠢᠲᠠᠢ | ᠡᠬᠢᠯᠡᠬᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠭᠡᠭᠡᠯᠲᠡ ᠶᠢᠨ ᠲᠣᠭᠤᠷᠢᠭ ᠤᠨ ︽ᠦᠬᠦᠰᠢᠷᠡᠮᠡᠯ ᠠᠵᠤ ᠠᠬᠤᠶᠢᠯᠠᠯ︾ ︽ᠦᠬᠦᠰᠢᠷᠡᠮᠡᠯ ᠲᠥᠷᠥᠯ ᠵᠦᠢᠯ︾ ᠢ | ᠲᠦᠷᠭᠡᠳᠬᠡᠨ ᠰᠢᠢᠳᠪᠦᠷᠢᠯᠡᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 3700 ᠮᠥ ᠭᠠᠵᠠᠷ ᠰᠢᠷᠣᠶ ᠶᠢ ᠵᠤᠬᠢᠴᠠᠭᠤᠯᠤᠨ ᠲᠤᠬᠢᠷᠠᠭᠤᠯᠬᠤ ᠪᠠ ᠰᠤᠯᠠ ᠪᠠᠶᠢᠭ᠎ᠠ | 1500 ᠮᠥ ᠭᠠᠵᠠᠷ ᠰᠢᠷᠣᠶ ᠶᠢ ᠰᠢᠢᠳᠪᠦᠷᠢᠯᠡᠬᠦ ᠪᠠᠷ ᠴᠢᠷᠮᠠᠶᠢᠵᠤ᠂ ᠪᠤᠢ ᠪᠦᠬᠦᠢ ︽ᠬᠠᠭᠠᠰ ᠳᠤᠲᠠᠭᠤ︾ ᠢᠨᠵᠧᠨᠧᠷᠢᠩ ᠤᠨ ᠳ᠋ᠤᠭᠠᠷ ᠢ ᠬᠠᠰᠤᠵᠤ ᠭᠦᠢᠯᠭᠡᠭᠡᠨ ᠲᠠᠢ | ᠪᠤᠯᠭᠠᠨ᠎ᠠ᠃ ︽ᠭᠠᠵᠠᠷ ᠠᠷᠪᠢᠯᠠᠬᠤ᠂ ᠤᠰᠤ ᠠᠷᠪᠢᠯᠠᠬᠤ᠂ ᠡᠨᠧᠷᠭᠢ ᠠᠷᠪᠢᠯᠠᠬᠤ᠂ ᠠᠮᠤ ᠪᠤᠳᠠᠭ᠎ᠠ ᠠᠷᠪᠢᠯᠠᠬᠤ︾ ᠳᠥᠷᠪᠡᠨ ᠠᠵᠢᠯ ᠢ ᠪᠠᠲᠤᠲᠠᠶ ᠰᠠᠶᠢᠲᠤᠷ ᠬᠢᠵᠦ᠂ ᠭᠠᠵᠠᠷ | ᠰᠢᠷᠣᠶ ᠶᠢ ᠠᠷᠪᠢᠲᠠᠶ ᠡᠷᠴᠢᠮᠲᠡᠢ ᠠᠰᠢᠭᠯᠠᠬᠤ ᠶᠢ ᠠᠬᠢᠭᠤᠯᠤᠨ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠡᠵᠡᠮᠳᠡᠵᠦ᠂ ᠮᠠᠯᠵᠢᠬᠤ | ᠲᠠᠷᠢᠶᠠᠯᠠᠬᠤ ᠰᠢᠭᠤᠶᠢᠲᠤ ᠣᠷᠣᠨ ᠤ ᠰᠤᠯᠠ ᠪᠠᠶᠢᠭ᠎ᠠ ᠬᠠᠭᠤᠴᠢᠨ ᠰᠠᠭᠤᠴᠠ ᠶᠢᠨ ᠰᠠᠭᠤᠷᠢ ᠶᠢ ᠪᠦᠲᠦᠮᠵᠢᠲᠡᠶ ᠠᠰᠢᠭᠯᠠᠨ᠂ ᠡᠵᠡᠯᠡᠬᠦ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠪᠠ ᠨᠡᠮᠡᠭᠳᠡᠵᠦ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ︽ᠬᠥᠯᠥᠨ ᠪᠤᠶᠢᠷ ᠬᠤᠲᠠ ᠶᠢᠨ ᠭᠠᠵᠠᠷ ᠳᠤᠤᠷᠠᠬᠢ ᠤᠰᠤᠨ ᠤ ᠠᠮᠢ ᠠᠬᠤᠶ ᠶᠢ ᠬᠠᠮᠠᠭᠠᠯᠠᠬᠤ | ᠲᠥᠯᠥᠪᠵᠢᠭᠦᠯᠭᠡ︾ ᠶᠢ ᠨᠡᠶᠢᠲᠡᠯᠡᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ | ᠭᠠᠳᠠᠭᠰᠢᠭᠤᠯᠤᠯᠳᠠ ᠶᠢ ᠪᠠᠭᠠᠰᠬᠠᠬᠤ᠂ ᠳᠠᠬᠢᠯᠲᠠ ᠤᠰᠤ ᠶᠢ ᠠᠰᠢᠭᠯᠠᠬᠤ ᠪᠠ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠶᠡᠬᠡᠪᠡᠷ | ᠠᠬᠢᠭᠤᠯᠵᠤ᠂ ᠲᠦᠮᠡᠨ ᠲᠥᠭᠦᠷᠢᠭ ᠤᠨ GDP ᠶᠢᠨ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 7.5% ᠪᠠᠭᠤᠷᠠᠭᠤᠯᠬᠤ ᠪᠠᠷ ᠴᠢᠷᠮᠠᠶᠢᠨ᠎ᠠ︔ | ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ ᠢᠨᠵᠧᠨᠧᠷᠢᠩ ᠢ ᠥᠷᠨᠢᠭᠦᠯᠦᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠡᠨᠧᠷᠭᠢ ᠶᠢᠨ | ᠰᠤᠷᠪᠤᠯᠵᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭᠠᠲᠠᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ︔ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠬᠡᠷᠡᠭᠵᠢᠭᠦᠯᠵᠦ᠂ | ᠠᠷᠪᠢᠯᠠᠨ ᠲᠠᠷᠢᠬᠤ ᠪᠠ ᠥᠨᠳᠥᠷ ᠪᠦᠲᠦᠮᠵᠢᠲᠡᠢ ᠬᠠᠳᠤᠵᠤ ᠬᠤᠷᠢᠶᠠᠬᠤ ᠲᠡᠷᠢᠭᠦᠨ ᠤ ᠮᠠᠰᠢᠨ ᠮᠧᠬᠠᠨᠢᠭ ᠢ ᠳᠡᠯᠭᠡᠷᠡᠭᠦᠯᠵᠦ᠂ ᠠᠮᠤ ᠪᠤᠳᠠᠭ᠎ᠠ ᠬᠠᠳᠠᠭᠠᠯᠠᠬᠤ | ᠭᠤᠭᠴᠤᠭ᠎ᠠ ᠶᠢᠨ ᠬᠤᠬᠢᠷᠠᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠪᠢᠳᠠᠢ ᠥᠨᠳᠥᠷ ᠪᠦᠲᠦᠮᠵᠢᠲᠡᠢ ᠠᠮᠤ ᠪᠤᠳᠠᠭ᠎ᠠ ᠨᠥᠭᠡᠴᠡᠯᠡᠬᠦ | ᠪᠠᠭᠠᠵᠢ ᠲᠦᠭᠦᠬᠡᠷᠦᠮᠵᠢ ᠪᠠᠷ ᠤᠷᠤᠯᠠᠬᠤ ᠶᠢ ᠲᠦᠷᠭᠡᠳᠬᠡᠵᠦ᠂ ᠠᠮᠤ ᠪᠤᠳᠠᠭ᠎ᠠ ᠶᠢ ᠪᠦᠲᠦᠮᠵᠢᠲᠡᠢ ᠪᠠᠷ ᠤᠯᠠᠷᠢᠭᠤᠯᠬᠤ ᠨᠤᠷᠮ᠎ᠠ ᠶᠢ ᠳᠡᠭᠡᠭᠰᠢᠯᠡᠭᠦᠯᠵᠦ᠂ ︽ᠲᠠᠪᠠᠭ | ᠬᠤᠭᠤᠰᠣᠯᠠᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠠᠮᠤ ᠪᠤᠳᠠᠭ᠎ᠠ ᠶᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ | ᠭᠤᠷᠪᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ 2.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 15 ᠬᠠᠮᠠᠭᠠᠯᠠᠵᠤ ᠵᠠᠰᠠᠬᠤ | ᠲᠥᠷᠥᠯ ᠵᠦᠢᠯ ᠤᠨ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠣᠶ ︵ᠪᠡᠯᠴᠢᠭᠡᠷ︶ ᠶᠢᠨ ᠳᠠᠷᠤᠭ᠎ᠠ ᠶᠢᠨ ᠲᠦᠷᠢᠮ᠂ ᠭᠤᠤᠯ ︵ᠨᠠᠭᠤᠷ︶ ᠤᠨ | ᠳᠠᠷᠤᠭ᠎ᠠ ᠶᠢᠨ ᠲᠦᠷᠢᠮ ᠢ ᠭᠦᠨᠵᠡᠭᠡᠶ ᠠᠬᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠢ ᠨᠥᠬᠦᠪᠥᠷᠢᠯᠡᠬᠦ᠂ ᠨᠤᠲᠤᠭ ᠪᠡᠯᠴᠢᠭᠡᠷ ᠢ ᠰᠠᠶᠢᠵᠢᠷᠠᠭᠤᠯᠤᠨ | ᠰᠡᠷᠭᠦᠭᠡᠬᠦ᠂ ᠪᠡᠯᠴᠢᠭᠡᠷᠯᠡᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ 450 ᠢᠳᠡᠭᠳᠡᠮᠡᠯ ᠭᠤᠤ ᠶᠢ ᠵᠠᠰᠠᠵᠤ᠂ ᠭᠤᠤᠯ | ᠨᠠᠭᠤᠷ ᠤᠨ ︽ᠳᠥᠷᠪᠡᠨ ᠳᠤᠷ᠎ᠠ ᠪᠠᠷ ᠪᠠᠶᠢᠭᠤᠯᠬᠤ ᠶᠢ ᠠᠷᠢᠯᠭᠠᠬᠤ︾ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠦᠨ᠎ᠡ︔ ᠴᠡᠯᠮᠡᠭ ᠠᠭᠠᠷ᠂ ᠴᠡᠩᠬᠡᠭ ᠤᠰᠤ᠂ ᠴᠡᠪᠡᠷ | ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ | ᠬᠠᠷᠢᠴᠠᠯ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠰᠢᠯᠭᠠᠨ ᠬᠢᠨᠠᠯᠳᠠ ᠶᠢᠨ ᠣᠭᠲᠤᠯᠤᠭᠠᠰᠤ ᠳᠠᠬᠢ ᠴᠡᠪᠡᠷ ᠰᠠᠶᠢᠨ ᠤᠰᠤᠨ ᠴᠤᠭᠴᠠ ᠶᠢᠨ ᠬᠠᠷᠢᠴᠠᠯ ᠢ | ᠦᠷᠭᠦᠯᠵᠢᠯᠡᠨ ᠳᠡᠭᠡᠭᠰᠢᠯᠡᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ | ᠴᠢᠷᠮᠠᠶᠢᠨ ᠡᠭᠦᠳᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠷᠢᠮ ᠤᠨ ᠲᠤᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ︽ᠭᠤᠷᠪᠠᠨ | ᠱᠤᠭᠤᠮ ᠨᠢᠭᠡ ᠳᠠᠩᠰᠠ︾ ᠶᠢᠨ ᠬᠠᠮᠢᠶᠠᠷᠤᠨ ᠡᠵᠡᠮᠳᠡᠬᠦ ᠲᠣᠭᠲᠠᠴᠠ ᠶᠢ ᠬᠢᠨᠠᠮᠠᠭᠠᠶ ᠬᠡᠷᠡᠭᠵᠢᠬᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ | ︵ᠲᠤᠰᠢᠶᠠᠯ ᠳᠤ ᠪᠠᠶᠢᠬᠤ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃ ᠪᠢᠳᠡ ᠤᠳᠠᠭᠠᠨ | ᠳᠠᠭᠠᠭᠠᠮᠠᠭᠠᠢ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠬᠥᠯᠥᠨ ᠪᠤᠶᠢᠷ ᠤᠨ ᠪᠣᠬᠢᠷᠲᠤᠯ ᠥᠬᠡᠶ ᠥᠪ ᠬᠥᠷᠥᠩᠭᠡ ᠶᠢ ᠨᠠᠩ ᠭᠦᠢᠴᠡᠳ ᠬᠤᠷᠠᠮᠳᠤᠭᠤᠯᠵᠤ᠂ | ᠠᠮᠢ ᠠᠬᠤᠶ ᠶᠢᠨ ᠬᠠᠯᠬᠠᠪᠴᠢ ᠶᠢ ᠨᠠᠩ ᠪᠠᠲᠤ ᠪᠠᠬᠢ ᠪᠠᠶᠢᠭᠤᠯᠤᠨ᠎ᠠ᠃ | |