2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠨ᠎ᠡ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠵᠤᠪᠠᠨᠢᠯ ᠬᠦᠴᠢᠷᠳᠡᠯ ᠤᠨ ᠲᠣᠭᠤᠷᠢᠨ ᠳᠤ᠂ ᠠᠷᠭ᠎ᠠ ᠪᠦᠬᠦᠨ ᠢ ᠰᠦᠪᠡᠭᠴᠢᠯᠡᠨ ᠬᠦᠴᠢᠷᠳᠡᠯ ᠢ ᠨᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠢᠷᠮᠠᠶᠢᠨ ᠠᠵᠢᠯᠯᠠᠵᠤ᠂ ᠰᠠᠶᠢᠨ ᠰᠠᠶᠢᠬᠠᠨ ᠠᠮᠢᠳᠤᠷᠠᠯ ᠲᠡᠶᠢᠰᠢ ᠬᠠᠮᠲᠤᠪᠠᠷ ᠤᠷᠤᠭᠰᠢᠯᠠᠨ᠎ᠠ᠃       ᠨᠢᠭᠡ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠡᠯ᠎ᠡ ᠵᠦᠢᠯ ᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠵᠢᠯ ᠤᠯᠭᠤᠯᠲᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠦᠨ᠂ ᠠᠵᠢᠯ ᠮᠡᠷᠬᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠤᠰᠢᠭᠤ ᠬᠤᠲᠠ ᠲᠣᠭᠤᠷᠢᠭ ᠨᠢᠭᠡᠪᠦᠷᠢ ᠳᠤ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠢ ᠠᠳᠠᠭ ᠲᠠᠭᠠᠨ 1 ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠠᠬᠢᠭᠤᠯᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠬᠤᠲᠠ ᠪᠠᠯᠭᠠᠰᠤ ᠶᠢᠨ ᠠᠵᠢᠯ ᠣᠯᠤᠭᠠᠳᠤᠶ ᠭᠡᠷ ᠪᠦᠯᠢ ᠶᠢ ᠬᠥᠳᠡᠯᠦᠩᠭᠦᠶ ᠪᠠᠷ ︽ᠠᠷᠢᠯᠭᠠᠬᠤ︾ ᠶᠢ ᠪᠡᠶᠡᠯᠡᠭᠦᠯᠦᠨ᠎ᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠣᠶᠢᠵᠢᠭᠤᠯᠬᠤ ᠰᠠᠭᠤᠷᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠂ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ 9000 ᠲᠦᠮᠡᠨ ᠲᠥᠭᠦᠷᠢᠭ ᠠᠴᠠ ᠳᠡᠭᠡᠭᠰᠢ ᠲᠠᠷᠬᠠᠭᠠᠨ᠎ᠠ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠬᠠᠮᠠᠭᠠᠯᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠦᠷᠭᠡᠳᠬᠡᠵᠦ᠂ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ᠂ ᠰᠢᠯᠵᠢᠬᠦᠯᠦᠯᠳᠡ ᠶᠢᠨ ᠴᠢᠨᠠᠷᠲᠠᠶ ᠣᠷᠣᠯᠭ᠎ᠠ ᠪᠠ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃       ᠬᠤᠶᠠᠷ ᠲᠤ ᠤᠯᠠᠨ ᠲᠡᠰ ᠳᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠬᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 3.04 ᠲᠦᠮᠡ ᠨᠡᠮᠡᠭᠳᠡᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠠᠭᠠᠵᠢᠮ ᠠᠬᠢᠭᠤᠯᠬᠤ ᠠᠷᠭ᠎ᠠ ᠮᠠᠶ᠋ᠢᠭ ᠢᠶᠠᠷ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠥᠨᠥᠴᠢᠨ ᠬᠡᠦᠬᠡᠳ ᠢ ᠠᠰᠠᠷᠠᠨ ᠲᠡᠵᠢᠭᠡᠬᠦ ᠬᠠᠮᠲᠤᠯᠢᠭ ᠵᠡᠷᠭᠡ ᠶᠢᠨ ᠦᠨᠳᠦᠰᠦ ᠠᠴᠠ ᠨᠢ ᠪᠠᠲᠤᠯᠠᠬᠤ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠶᠢ ᠨᠠᠶᠢᠳᠠᠪᠤᠷᠢᠵᠢᠭᠤᠯᠵᠤ᠂ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠦ᠂ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠪᠠ ᠲᠥᠷᠥᠯ ᠵᠦᠢᠯ ᠢ ᠥᠷᠭᠡᠳᠬᠡᠨ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠦᠷᠭᠦᠯᠵᠢᠯᠡᠨ ᠬᠦᠩᠭᠡᠷᠡᠭᠦᠯᠦᠨ᠎ᠡ᠃ ᠬᠤᠲᠠ ᠬᠥᠳᠡᠭᠡ ᠶᠢᠨ ᠨᠠᠰᠤᠵᠢᠯ ᠤᠨ ᠦᠢᠯᠡᠴᠢᠯᠡᠭᠡᠨ ᠤ ᠨᠢᠭᠡ ᠴᠣᠭᠴᠠᠵᠢᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 1550 ᠡᠷᠦᠬᠡ ᠶᠢ ᠦᠲᠡᠭᠦᠰ ᠲᠤ ᠲᠤᠬᠢᠷᠠᠭᠤᠯᠬᠤ ᠪᠠᠷ ᠦᠭᠡᠷᠡᠴᠢᠯᠡᠨ ᠰᠢᠨᠡᠳᠬᠡᠵᠦ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ 53᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 143 ᠰᠢᠨ᠎ᠡ ᠪᠠᠷ ᠪᠠᠶᠢᠭᠤᠯᠵᠤ᠂ ᠨᠠᠰᠤᠲᠠᠶᠢᠴᠤᠳ ᠲᠤ ᠥᠲᠡᠯᠪᠡᠯ ᠠᠰᠠᠷᠠᠮᠵᠢ ᠲᠠᠢ ᠠᠮᠤᠷ ᠵᠢᠮᠤᠷ ᠠᠮᠢᠳᠤᠷᠠᠯ ᠢ ᠡᠳ᠋ᠯᠡᠭᠦᠯᠦᠨ᠎ᠡ᠃       ᠭᠤᠷᠪᠠ ᠳᠤ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ᠂ ᠬᠡᠷ ᠪᠦᠯᠢ᠂ ᠨᠡᠶᠢᠭᠡᠮ ᠬᠠᠮᠵᠢᠯᠴᠠᠨ ᠬᠥᠮᠦᠨ ᠢ ᠬᠥᠮᠦᠵᠢᠭᠦᠯᠬᠦ ᠰᠢᠨ᠎ᠡ ᠲᠤᠭᠲᠠᠮᠵᠢ ᠶᠢ ᠢᠳᠡᠪᠬᠢᠲᠡᠶ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠬᠤ ᠬᠥᠭᠵᠢᠯᠲᠡ ᠶᠢ ᠪᠠᠷᠢᠮᠲᠠᠯᠠᠵᠤ᠂ ᠬᠡᠦᠬᠡᠳ ᠤᠨ ᠴᠡᠴᠡᠷᠯᠢᠭ ᠢ 18 ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠬᠡᠤᠬᠡᠳ ᠤᠨ ᠣᠷᠤᠨ ᠲᠤᠭ᠎ᠠ ᠶᠢ 1336 ᠰᠢᠨ᠎ᠡ ᠪᠠᠷ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢ 64 ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠰᠢᠨᠡᠳᠬᠡᠵᠦ ᠦᠷᠭᠡᠳᠬᠡᠨ ᠪᠠᠶᠢᠭᠤᠯᠵᠤ᠂ ᠰᠤᠷᠤᠭᠴᠢᠳ ᠤᠨ ᠣᠷᠤᠨ ᠲᠤᠭ᠎ᠠ ᠶᠢ 5150 ᠰᠢᠨ᠎ᠡ ᠪᠠᠷ ᠨᠡᠮᠡᠭᠳᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠬᠦ ᠰᠢᠶᠠᠨ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ︽ᠬᠤᠶᠠᠷ ᠢ ᠬᠦᠩᠭᠡᠷᠡᠭᠦᠯᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠪᠠᠷᠢᠮᠲᠠᠯᠠᠵᠤ᠂ ︽3+1+2︾ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠳᠠ ᠶᠢᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠲᠣᠬᠢᠷᠠᠮᠵᠢᠲᠠᠶ ᠠᠭᠤᠰᠤᠯᠴᠠᠭᠤᠯᠬᠤ ᠪᠠᠷ ᠬᠠᠷᠠᠯᠲᠠ ᠪᠣᠯᠭᠠᠵᠤ᠂ ᠤᠨᠴᠠᠭᠠᠢ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠦᠯᠦᠪᠯᠡᠵᠦ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠮᠦᠨ᠎ᠡ ᠲᠣᠭᠤᠷᠢᠭ ᠤᠨ ᠵᠢᠭᠠᠨ ᠰᠤᠷᠭᠠᠯᠲᠠ ᠳᠠᠳᠤᠯᠭ᠎ᠠ ᠪᠣᠯᠪᠠᠰᠤᠷᠠᠯ ᠤᠨ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠯᠦᠭᠡ ᠶᠢᠨ ᠵᠣᠬᠢᠴᠠᠯᠲᠠ ᠶᠢ ᠳᠡᠭᠡᠭᠰᠢᠯᠡᠭᠦᠯᠦᠨ᠎ᠡ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠣᠯᠤᠨ ᠪᠠᠭᠰᠢ ᠶᠢᠨ ᠡᠩᠨᠡᠭᠡ ᠶᠢ ᠬᠥᠮᠦᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃       ᠳᠥᠷᠪᠡ ᠳᠤ ᠡᠷᠡᠭᠦᠯ ᠡᠩᠬᠡ ᠬᠥᠯᠥᠨ ᠪᠦᠢᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠢᠨ᠎ᠡ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ︽ᠬᠥᠬᠡᠭᠴᠢᠨ ᠲᠦᠷᠦᠯ ᠳᠤ ᠬᠥᠬᠡᠭᠴᠢᠨ ᠲᠡᠰ ᠤᠨ ᠬᠠᠮᠢᠶᠠᠷᠤᠯᠲᠠ ᠬᠢᠬᠦ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠪᠠ ᠠᠪᠤᠷᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠦᠨᠳᠦ ᠡᠪᠡᠳᠴᠢᠲᠡᠨ ᠤ ᠣᠷᠣ 44᠂ ᠰᠢᠯᠵᠢᠭᠦᠯᠵᠦ ᠪᠣᠯᠬᠤ ᠬᠦᠨᠳᠦ ᠡᠪᠡᠳᠴᠢᠲᠡᠨ ᠤ ᠣᠷᠣ ᠶᠢ 238 ᠰᠢᠨ᠎ᠡ ᠪᠠᠷ ᠨᠡᠮᠡᠭᠳᠡᠭᠦᠯᠵᠦ᠂ ᠪᠥᠬᠦ ᠬᠥᠮᠦᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠨ᠂ ᠨᠠᠰᠤᠲᠠᠶᠢᠴᠤᠳ᠂ ᠬᠡᠦᠬᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠰᠡᠷᠭᠡᠶᠢᠯᠡᠨ ᠬᠠᠮᠠᠭᠠᠯᠠᠵᠤ ᠠᠪᠤᠷᠠᠨ ᠵᠠᠰᠠᠬᠤ ᠠᠵᠢᠯ ᠢ ᠰᠠᠶᠢᠲᠤᠷ ᠬᠢᠨ᠎ᠡ᠃ ᠪᠡᠭᠡᠵᠢᠩ ᠥᠪᠥᠷ ᠮᠣᠩᠭᠤᠯ ᠤᠨ ᠬᠤᠷᠰᠢᠭᠰᠠᠨ ᠡᠮᠨᠡᠯᠭᠡ ᠶᠢᠨ ᠬᠤᠷᠢᠶ᠎ᠠ 3᠂ ᠭᠤᠷᠪᠠᠳᠤᠭᠠᠷ ᠳᠡᠰ ᠤᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 4 ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠤᠨ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠯᠲᠡ ᠶᠢᠨ ᠨᠣᠷᠮ᠎ᠠ ᠶᠢ 51% ᠳᠤ ᠬᠦᠷᠭᠡᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠵᠦ᠂ ᠢᠳᠡᠪᠬᠢᠲᠡᠶ ᠦᠷᠡᠵᠢᠯ ᠤᠨ ᠲᠦᠬᠦᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︽ᠨᠠᠰᠤᠲᠠᠶᠢᠴᠤᠳ ᠪᠠ ᠨᠢᠯᠬᠠᠰ︾ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢᠨ ᠲᠣᠬᠢᠷᠠᠭᠤᠯᠬᠤ ᠬᠠᠷᠢᠴᠠᠯ ᠢ 60% ᠳᠤ ᠬᠦᠷᠭᠡᠵᠦ᠂ 3 ᠨᠠᠰᠤᠨ ᠠᠴᠠ ᠳᠣᠷᠣᠭᠰᠢᠬᠢ ᠴᠡᠴᠡᠷᠯᠢᠭ ᠤᠨ ᠨᠢᠯᠬᠠᠰ ᠤᠨ ᠣᠷᠤᠨ ᠲᠤᠭ᠎ᠠ ᠶᠢ 6000 ᠠᠴᠠ ᠳᠡᠭᠡᠭᠰᠢ ᠳᠤ ᠬᠦᠷᠭᠡᠨ᠎ᠡ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠰᠠᠶᠢᠲᠤᠷ ᠰᠠᠬᠢᠨ ᠬᠠᠮᠠᠭᠠᠯᠠᠨ᠎ᠠ᠃       ᠲᠠᠪᠤ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠬᠦᠲᠦᠯᠦᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨᠴᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠥᠷᠭᠡᠳᠬᠡᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠴᠣᠭᠴᠠᠯᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠲᠦᠪ ᠬᠤᠲᠠ ᠶᠢᠨ ᠲᠣᠭᠤᠷᠢᠭ ᠤᠨ ︽15 ᠮᠢᠨᠦ᠋ᠲ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠲᠤᠭᠤᠷᠢᠭ︾ ᠢ ᠦᠷᠭᠦᠯᠵᠢᠯᠡᠨ ᠪᠠᠶᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ︽ᠵᠠᠭᠤᠨ ᠲᠣᠰᠬᠤᠨ ᠢᠶᠠᠷ ᠵᠢᠱᠢᠶ᠎ᠡ ᠦᠵᠡᠭᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1000 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠤᠳᠬ᠎ᠠ ᠤᠷᠠᠯᠢᠭ᠂ ᠲᠤᠭᠠᠵᠢᠯ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠨᠠᠩ ᠣᠯᠠᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠨ ᠬᠥᠭᠵᠢᠭᠦᠯᠬᠦ ᠶᠢ ᠴᠢᠩᠭᠠᠳᠬᠠᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠨᠠᠷᠢᠨ ᠨᠢᠮᠪᠠᠢ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠯᠡᠳᠬᠡᠨ ᠡᠷᠬᠢᠯᠡᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠲᠦᠭᠡᠮᠡᠯᠵᠢᠭᠦᠯᠦᠨ᠂ ᠪᠡᠶ᠎ᠡ ᠶᠢᠨ ᠲᠠᠮᠢᠷ ᠤᠨ ᠴᠡᠴᠡᠷᠯᠢᠭ 2᠂ ᠲᠡᠰᠢᠯᠲᠡ ᠶᠢᠨ ᠲᠠᠯᠠᠪᠠᠢ 9᠂ ᠮᠦᠰᠦᠨ ᠳᠤ ᠭᠤᠯᠭᠤᠬᠤ ᠲᠠᠯᠠᠪᠠᠢ 1 ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠢᠷᠠᠭᠤ ᠠᠯᠳᠠᠷ ᠢᠶᠠᠨ ᠬᠠᠮᠠᠭᠠᠯᠠᠨ᠎ᠠ᠃       ᠵᠢᠷᠭᠤᠭ᠎ᠠ ᠳᠤ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ᠎ᠡ᠃ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠤ ᠠᠬᠤᠢ ᠨᠡᠶᠢᠭᠡᠮ ᠤᠨ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠰᠠᠯᠵᠤ ᠪᠤᠯᠤᠰᠢ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠠ ︽ᠲᠦᠷᠪᠡ ᠶᠢ ᠬᠠᠮᠲᠤᠳᠬᠠᠬᠤ︾ ᠤᠨᠤᠯᠵᠢᠬᠤᠨ ᠢ ᠬᠥᠮᠦᠰ ᠤᠨ ᠰᠡᠳᠬᠢᠯ ᠳᠤ ᠬᠠᠲᠠᠩᠰᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠤᠨᠤᠰᠬᠤ᠂ ᠨᠠᠮ ᠢᠶᠠᠨ ᠲᠠᠭᠠᠨ ᠤᠷᠤᠭᠰᠢᠯᠠᠬᠤ ᠪᠤᠯᠠᠭᠠᠨ ᠬᠦᠮᠦᠵᠢᠬᠦᠯᠵᠦ ᠬᠦᠲᠦᠯᠦᠨ ᠵᠢᠯᠤᠭᠤᠳᠤᠨ᠎ᠠ᠃ ︽ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠵᠤ ᠦᠵᠡᠮᠵᠢᠲᠦ ᠰᠠᠶᠢᠬᠠᠨ ᠬᠥᠯᠥᠨ ᠪᠦᠢᠷ ᠢ ᠬᠠᠮᠲᠤᠪᠠᠷ ᠵᠢᠷᠤᠭᠯᠠᠬᠤ︾ ᠲᠥᠷᠥᠯ ᠲᠡᠮᠳᠡᠭᠲᠦ ᠢᠨᠵᠧᠨᠧᠷᠢᠩ ᠢ ᠬᠡᠷᠡᠭᠵᠢᠭᠦᠯᠵᠦ᠂ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠬᠡᠷ ᠣᠷᠣᠨ︾ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠶᠢᠰᠦ ᠶᠢ ᠤᠷᠤᠭᠤᠯᠬᠤ︾ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠨᠢᠭᠡᠨ ᠡᠭᠡᠯᠵᠢ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠶ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ