2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ︵ᠳᠣᠯᠤᠭ᠎ᠠ︶ ᠬᠢᠵᠠᠭᠠᠷ ᠱᠤᠭᠤᠮ ᠢ ᠪᠠᠲᠤ ᠰᠠᠬᠢᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠲᠣᠭᠲᠠᠭᠤᠨ ᠰᠢᠨ᠎ᠡ ᠥᠨᠳᠦᠷᠯᠢᠭ ᠢ ᠬᠦᠴᠦᠯᠡᠨ ᠪᠠᠶᠢᠭᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠬᠥᠯᠥᠨ ᠪᠤᠶᠢᠷ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠠᠮᠤᠷ ᠲᠦᠪᠰᠢᠨ ᠤ ᠲᠤᠭᠲᠠᠮᠵᠢ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃       ᠨᠢᠭᠡ ᠳᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠡᠮᠡᠭᠳᠡᠯ ᠢ ᠡᠷᠡᠰ ᠬᠤᠷᠢᠭᠯᠠᠵᠤ᠂ ᠬᠠᠳᠠᠭᠠᠯᠠᠯᠲᠠ ᠶᠢ ᠠᠷᠢᠯᠭᠠᠵᠤ᠂ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠥᠷᠢ ᠦᠭᠴᠡᠭᠡᠨ ᠤ ᠲᠦᠭᠰᠢᠭᠦᠷᠢ ᠶᠢ ᠡᠮᠬᠢ ᠵᠢᠷᠤᠮ ᠲᠠᠢ ᠪᠠᠷ ᠳᠡᠰ ᠪᠠᠭᠤᠷᠠᠭᠤᠯᠬᠤ ᠶᠢ ᠲᠥᠷᠥᠯ ᠬᠤᠪᠢᠶᠠᠨ ᠠᠬᠢᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠯᠥᠨ ᠪᠦᠢᠷ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠮᠠᠨᠵᠤᠤᠷ ᠬᠤᠲᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ 7 ᠪᠠᠶᠢᠭᠤᠯᠤᠮᠵᠢ ᠶᠢᠨ ᠦᠨᠳᠦᠷ ᠲᠦᠭᠰᠢᠭᠦᠷᠢ ᠶᠢᠨ ᠡᠩᠨᠡᠭᠡ ᠠᠴᠠ ᠭᠠᠷᠭᠠᠬᠤ ᠶᠢ ᠴᠢᠷᠮᠠᠶᠢᠨ ᠪᠡᠶᠡᠯᠡᠭᠦᠯᠵᠦ᠂ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠠᠭᠠᠭᠠᠯᠲᠠ ᠶᠢᠨ ᠺᠣᠮᠫᠠᠨᠢ ᠵᠡᠷᠭᠡ ᠲᠦᠭᠰᠢᠭᠦᠷᠢ ᠶᠡᠬᠡᠲᠡᠢ ᠳᠠᠭᠠᠭᠠᠯᠲᠠ ᠶᠢᠨ ᠪᠠᠶᠢᠭᠤᠯᠤᠮᠵᠢ ᠶᠢᠨ ᠲᠦᠭᠰᠢᠬᠦᠷᠢ ᠶᠢ ᠠᠷᠢᠯᠭᠠᠬᠤ ᠶᠢ ᠢᠳᠡᠪᠬᠢᠲᠡᠢ ᠠᠬᠢᠭᠤᠯᠤᠨ᠎ᠠ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ ᠵᠢᠷᠤᠮᠵᠢᠭᠤᠯᠤᠨ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢ ᠴᠢᠩᠳᠠᠯᠠᠵᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃       ᠬᠤᠶᠠᠷ ᠲᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠬᠦᠯᠵᠦ᠂ ᠵᠤᠨ ᠤ ᠤᠯᠠᠷᠢᠯ ᠤᠨ ᠵᠠᠯᠠᠭᠤᠴᠤᠳ ᠪᠠᠭᠠᠴᠤᠳ ᠤᠨ ᠤᠰᠤᠨ ᠳᠤ ᠴᠠᠴᠠᠬᠤ ᠪᠠ ᠡᠪᠦᠯ ᠤᠨ ᠤᠯᠠᠷᠢᠯ ᠤᠨ ᠬᠤᠲᠠ ᠪᠠᠯᠭᠠᠰᠤ ᠶᠢᠨ ︽ᠦᠴᠦᠬᠡᠨ ᠭᠠᠯ ᠠᠮᠢ ᠠᠪᠬᠤ︾ ᠲᠤᠰᠬᠠᠶ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮ ᠤᠨ ᠵᠦᠢᠯᠡᠰ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠠᠲᠤᠲᠠᠶ ᠥᠷᠨᠢᠭᠦᠯᠵᠦ᠂ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠤᠭᠲᠠᠯᠴᠠᠭ᠎ᠠ ᠶᠢ ᠪᠦᠷᠢᠨᠰᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠲᠦᠢᠮᠡᠷ᠂ ᠦᠶᠡᠷ ᠤᠰᠤᠳᠤᠯ ᠭᠠᠩ ᠬᠠᠭᠰᠠᠷᠠᠭᠠᠨ᠂ ᠲᠤᠶᠢᠯᠰᠢᠷᠠᠯ ᠴᠠᠭ ᠠᠭᠤᠷ ᠵᠡᠷᠭᠡ ᠬᠦᠨᠳᠦ ᠶᠡᠭᠡ ᠭᠠᠮᠰᠢᠭ ᠢ ᠠᠷᠭᠠᠴᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠢᠯᠢ ᠬᠢᠵᠠᠭᠠᠷ ᠢᠶᠠᠨ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠪᠣᠯᠤᠨ ᠬᠢᠯᠢ ᠶᠢᠨ ᠬᠠᠮᠠᠭᠠᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠬᠥᠮᠦᠨ ᠠᠮᠠ    ︽ᠬᠥᠨᠳᠡᠶᠢᠷᠡᠬᠦ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠩ ᠣᠯᠠᠨ ᠬᠥᠮᠦᠰ ᠤᠨ ᠬᠢᠯᠢ ᠬᠢᠵᠠᠭᠠᠷ ᠣᠷᠣᠨ ᠳᠤ ᠤᠴᠢᠵᠤ ᠠᠵᠤ ᠲᠦᠷᠦᠨ᠂ ᠬᠢᠯᠢ ᠬᠢᠵᠠᠭᠠᠷ ᠢ ᠰᠠᠬᠢᠨ ᠬᠠᠮᠠᠭᠠᠯᠠᠭᠤᠯᠬᠤ ᠪᠠᠷ ᠴᠢᠷᠮᠠᠶᠢᠨ᠎ᠠ᠃       ᠭᠤᠷᠪᠠ ᠳᠤ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠪᠤᠯᠤᠨ ᠨᠠᠶᠢᠬᠡᠮ ᠵᠢᠷᠤᠮᠳᠤ ᠨᠠᠶᠢᠭᠡᠮ ᠢ ᠬᠠᠷᠢᠯᠴᠠᠨ ᠲᠤᠬᠢᠷᠠᠯᠴᠠᠭᠤᠯᠬᠤ ᠶᠢ ᠢᠳᠡᠪᠬᠢᠳᠡᠢ ᠬᠦᠲᠦᠯᠦᠨ ᠵᠢᠯᠤᠭᠤᠳᠤᠨ᠎ᠠ᠃ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ︽ᠬᠤᠶᠠᠷ ᠠᠩᠭᠢ ᠨᠢᠭᠡ ᠲᠠᠰᠤᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ︽ᠲᠤᠤᠷᠵᠢᠯ + ᠴᠠᠭᠳᠠᠭᠠᠵᠢᠯ︾ ᠤᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠰᠢᠨ᠎ᠡ ᠴᠠᠭ ᠦᠶ᠎ᠡ ᠰᠢᠨ᠎ᠡ ᠨᠡᠶᠢᠭᠡᠮ ᠲᠣᠭᠤᠷᠢᠭ ᠰᠢᠨ᠎ᠡ ᠠᠮᠢᠳᠤᠷᠠᠯ︾ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠢᠯ ᠳᠠᠭᠠᠨ ᠴᠠᠭᠠᠷᠠᠭᠰᠠᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ︽ᠲᠠᠪᠤᠨ ᠬᠤᠯᠪᠣᠭᠠᠯᠠᠨ ᠬᠦᠳᠡᠯᠦᠯᠴᠡᠬᠦᠯᠬᠦ︾ ᠲᠣᠭᠲᠠᠴᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠪᠦᠲᠦᠮᠵᠢ ᠶᠢ ᠳᠡᠭᠡᠭᠰᠢᠯᠡᠭᠦᠯᠬᠦ ᠤᠨ︾ ᠤ ᠠᠵᠢᠯᠯᠠᠭ᠎ᠠ ᠶᠢ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠵᠢᠱᠢᠶ᠎ᠡ ᠦᠵᠡᠭᠦᠯᠬᠦ ᠰᠢᠶᠠᠨ ᠰᠢᠶᠠᠩ ᠬᠤᠶᠠᠷ ᠱᠠᠲᠤᠨ ᠤ ᠡᠭᠦᠳᠦᠨ ᠪᠠᠶᠢᠭᠤᠯᠤᠯᠲᠠ ᠶᠢ ᠲᠦᠷᠭᠡᠳᠬᠡᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠬᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠨ᠎ᠡ᠃ ︽ᠠᠮᠤᠷ ᠠᠮᠤᠭᠤᠯᠠᠩ ᠬᠥᠯᠥᠨ ᠪᠦᠢᠷ︾ ᠤᠨ ᠪᠠᠶᠢᠭᠤᠯᠤᠯᠲᠠ ᠶᠢ ᠴᠢᠩᠭᠠᠳᠬᠠᠵᠤ᠂ ᠳᠥᠷᠪᠡᠨ ᠱᠠᠲᠤᠨ ᠤ ᠵᠠᠷᠭᠤ ᠶᠢᠨ ᠪᠤᠰᠤ ᠵᠢᠭᠤᠷᠠᠯᠳᠤᠭᠠᠨ ᠢ ᠡᠶᠡᠳᠡᠭᠦᠯᠬᠦ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠡᠷᠭᠡᠶᠢᠯᠡᠨ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ