2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
ᠳᠠᠭᠠᠯᠳᠤᠭᠤᠯᠤᠯ 1          ᠬᠦᠯᠦᠨ ᠪᠤᠶᠢᠷ ᠬᠤᠲᠠ ᠶᠢᠨ 2023 ᠣᠨ ᠳᠠᠬᠢ ᠠᠷᠠᠳ ᠤᠨ ᠠᠮᠢᠳᠤᠷᠠᠯ ᠤᠨ          ᠪᠣᠳᠠᠲᠠᠢ ᠶᠠᠪᠤᠳᠠᠯ ᠤᠨ 46 ᠲᠥᠷᠥᠯ ᠵᠦᠢᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ        ᠨᠢᠭᠡ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠨᠡᠮᠡᠭᠳᠡᠬᠦ ᠶᠢ ᠨᠢ ᠠᠬᠢᠭᠤᠯᠬᠤ ︵7 ᠵᠦᠢᠯ︶       1. ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮᠲᠦ ᠬᠠᠪᠰᠤᠷᠤᠨ ᠲᠡᠳᠭᠦᠬᠦ ᠠᠵᠢᠯᠯᠠᠭᠠᠨ ᠢ ᠬᠡᠷᠡᠭᠵᠢᠭᠦᠯᠵᠦ᠂ ᠵᠢᠯ ᠤᠨ ᠰᠡᠭᠦᠯᠴᠢ ᠪᠣᠯᠬᠤ ᠳᠤ ᠠᠵᠢᠯ ᠣᠯᠭᠤᠯᠲᠠ ᠶᠢᠨ ᠨᠣᠷᠮ᠎ᠠ ᠪᠠᠨ 90% ᠠᠴᠠ ᠳᠡᠭᠡᠭᠰᠢ ᠪᠣᠯᠭᠠᠬᠤ ᠶᠢ ᠦᠨᠡᠨ ᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶᠃       2. ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ᠂ ᠲᠥᠷᠥᠯ ᠵᠦᠢᠯ ᠤᠨ ᠠᠵᠢᠯᠲᠠᠨ ᠢ 900 ᠡᠯᠰᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶᠃       3. 1.9 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠳᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠨᠢ ᠰᠡᠷᠭᠡᠶᠢᠯᠡᠨ ᠠᠵᠢᠭᠯᠠᠵᠤ ᠪᠠᠶᠢᠭᠰᠠᠨ ᠬᠡᠪᠴᠢᠶᠡᠨ ᠳᠠᠬᠢ ᠬᠥᠮᠥᠰ ᠤᠨ ᠬᠦᠴᠦ ᠶᠠᠪᠤᠵᠤ ᠠᠵᠢᠯ ᠣᠯᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠃       4. ᠬᠦᠯᠦᠨ ᠪᠤᠶᠢᠷ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠦᠪ ᠪᠠᠶᠢᠭᠤᠯᠵᠤ᠂ ᠬᠤᠰᠢᠭᠤ ︵ᠬᠤᠲᠠ᠂ ᠲᠣᠭᠤᠷᠢᠭ︶ ᠪᠦᠷᠢ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠢ ᠠᠳᠠᠭ ᠲᠤ ᠪᠠᠨ 1 ᠪᠠᠶᠢᠭᠤᠯᠵᠤ᠂ ᠠᠵᠢᠯᠯᠠᠬᠤ ᠬᠥᠮᠥᠰ ᠲᠤ ᠤᠶᠠᠨ ᠠᠮᠢᠳᠤᠯᠢᠭ ᠢᠶᠠᠷ ᠠᠵᠢᠯ ᠣᠯᠭᠤᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶᠃        5. ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠠᠵᠢᠯ ᠣᠯᠣᠭᠰᠠᠳ ᠢ 800 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ︶᠃        6. ᠵᠠᠰᠠᠭ ᠤᠨ ᠣᠷᠳᠣᠨ ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 1.2 ᠲᠦᠮᠡᠨ ᠬᠥᠮᠥᠨ ᠤᠳᠠᠭ᠎ᠠ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ᠂ ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠵᠡᠷᠭᠡ ᠬᠥᠮᠥᠰ ᠲᠤ ᠮᠡᠷᠭᠡᠵᠢᠯ ᠤᠷ᠎ᠠ ᠮᠡᠷᠭᠡᠰᠢᠯ ᠤᠨ ᠲᠠᠯ᠎ᠠ ᠪᠠᠷ 8000 ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ︶︔ ᠥᠨᠳᠥᠷ ᠬᠡᠪ ᠴᠢᠨᠠᠷ ᠲᠠᠢ ᠲᠠᠷᠢᠶᠠᠴᠢᠨ ᠮᠠᠯᠴᠢᠨ ᠢ 1500 ᠭᠠᠷᠤᠢ ᠬᠥᠮᠥᠵᠢᠭᠦᠯᠦᠨ ᠪᠣᠶᠢᠵᠢᠭᠤᠯᠵᠤ᠂ ᠬᠥᠳᠡᠭᠡ ᠲᠤᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ︽ᠬᠤᠰᠢᠭᠤᠴᠢ ᠭᠠᠯᠠᠭᠤ︾ ᠶᠢ 100 ᠬᠥᠮᠥᠨ ᠠᠴᠠ ᠳᠡᠭᠡᠭᠰᠢ ᠬᠥᠮᠥᠵᠢᠭᠦᠯᠦᠨ ᠪᠣᠶᠢᠵᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠤᠪᠴᠢᠶ᠎ᠠ︶᠃        7. ᠴᠠᠯᠢᠩ ᠦᠷᠢᠲᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠥᠷᠨᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢᠶᠠᠨ ᠴᠠᠭ ᠲᠤ ᠪᠠᠨ ᠲᠤᠭ᠎ᠠ ᠶᠣᠰᠣᠭᠠᠷ ᠭᠠᠷᠳᠠᠬᠤ ᠶᠢ ᠦᠨᠡᠨ ᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ