ᠳᠠᠭᠠᠯᠳᠤᠭᠤᠯᠤᠯ 2 | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠦᠷᠢ | | | 1. ︽ᠲᠠᠪᠤᠨ ᠶᠡᠭᠡ ᠡᠭᠦᠷᠭᠡ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ | ᠭᠠᠵᠠᠷ︾ ︽ᠨᠢᠭᠡ ᠪᠠᠬᠢᠯᠡᠯᠲᠡ︾ ᠶᠢᠨ ᠡᠭᠦᠷᠭᠡ ᠶᠢ ᠵᠢᠭᠠᠨ᠎ᠠ᠂ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ᠃ | 2. ︽ᠲᠠᠪᠤ ᠶᠢ ᠲᠤᠶᠢᠯᠪᠤᠷᠢᠲᠠᠢ ᠡᠬᠢᠯᠡᠭᠦᠯᠬᠦ︾᠄ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠨ ᠥᠷᠨᠢᠭᠦᠯᠦᠭᠰᠡᠨ ᠬᠢᠨᠠᠨ ᠵᠥᠪᠰᠢᠶᠡᠷᠡᠭᠦᠯᠬᠦ ᠪᠠᠷ | ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠶ᠂ ᠲᠤᠨᠤᠮᠠᠯ ᠪᠠᠯᠠ ᠮᠥᠩᠭᠦ᠂ ︽ᠬᠠᠭᠠᠰ ᠳᠤᠲᠠᠭᠤ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠲᠤᠶᠢᠯᠪᠤᠷᠢᠲᠠᠢ ᠡᠬᠢᠯᠡᠭᠦᠯᠬᠦ ᠠᠵᠢᠯᠯᠠᠭ᠎ᠠ ᠶᠢ ᠵᠢᠭᠠᠵᠤ ᠪᠣᠶ᠂ ᠠᠵᠤ ᠠᠬᠤᠶ ᠶᠢᠨ ᠬᠦᠷᠢᠶ᠎ᠡ ᠴᠠᠷᠠᠭᠠᠨ ᠳᠤ ᠣᠷᠳᠣ | ᠬᠤᠭᠤᠴᠠᠭ᠎ᠠ ᠪᠠᠷ ᠤᠷᠤᠰᠢᠭᠰᠠᠭᠠᠷ ᠢᠷᠡᠭᠰᠡᠨ ᠶᠠᠰᠤ ᠴᠢᠨᠠᠷ ᠳᠤᠤᠷ᠎ᠠ ᠦᠷ᠎ᠡ ᠠᠰᠢᠭ ᠳᠤᠤᠷ᠎ᠠ᠂ ᠰᠤᠯᠠ ᠲᠠᠯᠪᠢᠵᠤ ᠪᠦᠷᠢᠯᠭᠡᠨ ᠰᠦᠢᠳᠭᠡᠬᠦ ᠠᠰᠠᠭᠤᠳᠠᠯ ᠢ | ᠰᠢᠢᠳᠪᠦᠷᠢᠯᠡᠬᠦ ᠪᠠᠷ ᠵᠣᠷᠢᠯᠭ᠎ᠠ ᠪᠣᠯᠭᠠᠨ᠎ᠠ᠃ | 3. ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ | ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ | ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ | ᠨᠡᠮᠡᠭᠳᠡᠭᠦᠯᠦᠨ ᠶᠠᠰᠤ ᠴᠢᠨᠠᠷ ᠢ ᠰᠠᠶᠢᠵᠢᠷᠠᠭᠤᠯᠤᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ | ᠪᠦᠭᠡᠮᠨᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠲᠣᠬᠢᠶᠠᠯ ᠢ ᠠᠮᠵᠢᠨ ᠤᠷᠤᠭᠰᠢᠲᠠᠢ ᠬᠥᠭᠵᠢᠭᠦᠯᠬᠦ | ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ | ᠵᠢᠭᠠᠨ᠎ᠠ᠃ | 4. ᠪᠤᠬᠢᠷᠲᠤᠯ ᠦᠭᠡᠢ ᠬᠦᠭᠵᠢᠯᠲᠡ ᠶᠢᠨ ᠭᠦᠢᠴᠡᠳᠭᠡᠯ ᠲᠤᠭ᠎ᠠ᠄ ᠨᠢᠭᠡ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠶᠠᠰᠤ | ᠴᠢᠨᠠᠷ᠂ ᠡᠬᠢ ᠪᠠᠶᠠᠯᠢᠭ ᠤᠨ ᠠᠰᠢᠭᠯᠠᠯᠲᠠ᠂ ᠣᠷᠴᠢᠨ ᠲᠣᠭᠤᠷᠢᠨ ᠤ ᠵᠠᠰᠠᠯᠲᠠ᠂ ᠨᠡᠮᠡᠭᠳᠡᠯ ᠤᠨ ᠶᠠᠰᠤ ᠴᠢᠨᠠᠷ᠂ ᠪᠣᠬᠢᠷᠲᠤᠯ ᠦᠭᠡᠶ ᠠᠮᠢᠳᠤᠷᠠᠯ ᠵᠡᠷᠭᠡ ᠲᠠᠯ᠎ᠠ ᠶᠢᠨ ᠬᠢᠨᠠᠨ | ᠬᠡᠮᠵᠢᠬᠦ ᠭᠦᠢᠴᠡᠳᠭᠡᠯ ᠲᠤᠭ᠎ᠠ ᠶᠢ ᠵᠢᠭᠠᠨ᠎ᠠ᠂ ᠪᠣᠳᠠᠲᠠᠶ ᠪᠠᠷ ᠬᠡᠯᠡᠪᠡᠯ᠄ ᠨᠢᠭᠡᠴᠢ GDP ᠶᠢᠨ ᠡᠨᠧᠷᠭᠢ ᠶᠢᠨ ᠬᠤᠷᠤᠭᠳᠠᠯ ᠢ ᠪᠠᠭᠤᠷᠠᠭᠤᠯᠬᠤ ᠨᠣᠷᠮ᠎ᠠ᠂ ᠠᠭᠠᠷ ᠤᠨ | ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ᠂ ᠣᠶ ᠰᠢᠭᠤᠶ ᠶᠢᠨ ᠪᠦᠷᠬᠦᠯᠲᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ | ᠶᠡᠷᠦᠩᠬᠡᠶᠢᠯᠡᠭᠰᠡᠨ ᠪᠦᠷᠬᠦᠴᠡ ᠵᠡᠷᠭᠡ ᠣᠯᠠᠨ ᠲᠦᠷᠦᠯ ᠤᠨ ᠭᠦᠢᠴᠡᠳᠭᠡᠯ ᠲᠤᠭ᠎ᠠ ᠪᠠᠭᠲᠠᠨ᠎ᠠ᠃ | 5. ︽ᠲᠤᠰᠬᠠᠢ ᠨᠠᠷᠢᠯᠢᠭ ᠤᠨᠴᠠ ᠰᠢᠨ᠎ᠡ︾᠄ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠭᠵᠢᠭᠰᠠᠨ᠂ | ᠰᠢᠨᠡᠵᠢᠭᠰᠡᠨ ᠣᠨᠴᠠᠯᠢᠭ ᠢ ᠵᠢᠭᠠᠨ᠎ᠠ᠂ ︽ᠲᠤᠰᠬᠠᠢ ᠨᠠᠷᠢᠯᠢᠭ ᠤᠨᠴᠠ ᠰᠢᠨ᠎ᠡ︾ ᠠᠵᠤ ᠠᠬᠤᠶᠢᠯᠠᠯ ᠪᠣᠯ ᠬᠡᠯᠬᠢᠶ᠎ᠡ ᠪᠠᠨ ᠴᠢᠩᠭᠠᠷᠠᠭᠤᠯᠤᠨ ᠨᠦᠬᠦᠪᠦᠷᠢᠯᠡᠬᠦ ᠭᠤᠣᠯ | ᠬᠦᠴᠦᠨ ᠮᠥᠨ᠃ | 6. ︽ᠲᠠᠪᠤᠨ ᠨᠢᠭᠡ ᠪᠦᠯᠦᠭ︾᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ᠂ ᠪᠦᠬᠦ ᠴᠠᠭ ᠢᠶᠠᠷ ᠨᠢᠭᠡ ᠪᠦᠯᠦᠭ ᠢ ᠲᠥᠰᠦᠪᠯᠡᠬᠦ᠂ ᠨᠢᠭᠡ ᠪᠦᠯᠦᠭ ᠢ ᠴᠢᠷᠮᠠᠶᠢᠨ ᠤᠯᠬᠤ᠂ | ᠨᠢᠭᠡ ᠪᠦᠯᠦᠭ ᠢ ᠣᠷᠣᠭᠤᠯᠤᠨ ᠠᠪᠴᠢᠷᠠᠬᠤ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ ︽ᠲᠠᠪᠤᠨ ᠨᠢᠭᠡ ᠪᠦᠯᠦᠭ︾ ᠤᠨ | ᠠᠵᠢᠯᠯᠠᠭ᠎ᠠ ᠶᠢ ᠥᠷᠨᠢᠭᠦᠯᠵᠦ᠂ ᠪᠡᠯᠡ ᠣᠷᠣᠭᠤᠯᠤᠯᠲᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ | 7. ︽ᠠᠷᠪᠠᠨ ᠬᠤᠶᠠᠷ ᠵᠤᠷᠪᠤᠰ︾ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ᠄ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠶᠢ ᠥᠷᠭᠡᠳᠬᠡᠬᠦ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠨ | ᠨᠠᠶᠢᠳᠠᠪᠤᠷᠢᠵᠢᠭᠤᠯᠬᠤ ᠬᠤᠷᠠᠯ ᠠᠴᠠ ᠳᠤᠷᠠᠳᠤᠭᠰᠠᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ᠂ | ᠪᠠᠯᠠ ᠮᠥᠩᠭᠦ ᠪᠠᠷ ᠪᠠᠯᠠ ᠳᠣᠭᠢᠷᠠᠭᠤᠯᠬᠤ᠂ ᠨᠠᠶᠢᠳᠠᠵᠤ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠠᠩᠭᠠᠯᠭ᠎ᠠ ᠶᠢᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠲᠦᠷᠦᠯ | ᠲᠡᠮᠳᠡᠭᠲᠦ ᠪᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢ ᠲᠤᠰᠠᠯᠠᠵᠤ ᠬᠤᠳᠠᠯᠳᠤᠭᠠᠴᠢᠨ ᠤᠷᠢᠬᠤ᠂ ᠲᠥᠯᠥᠪᠵᠢᠭᠦᠯᠭᠡ ᠶᠢᠨ ᠬᠦᠲᠦᠯᠦᠮᠵᠢ ᠪᠠᠷ | ᠬᠤᠳᠠᠯᠳᠤᠭᠠᠴᠢᠨ ᠤᠷᠢᠬᠤ᠂ ᠵᠢᠷᠤᠭ ᠲᠥᠯᠥᠪᠯᠡᠭᠡ ᠪᠠᠷ ᠢᠵᠢ ᠪᠥᠷᠢᠳᠦᠭᠦᠯᠦᠨ ᠬᠤᠳᠠᠯᠳᠤᠭᠠᠴᠢᠨ ᠤᠷᠢᠬᠤ ᠵᠡᠷᠭᠡ ︽ᠠᠷᠪᠠᠨ ᠬᠤᠶᠠᠷ ᠵᠤᠷᠪᠤᠰ︾ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠶᠢ ᠵᠢᠭᠠᠨ᠎ᠠ᠃ | 8. ︽ᠵᠢᠷᠭᠤᠭᠠᠨ ᠲᠠᠯ᠎ᠠ︾᠄ ᠪᠦᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠪᠠ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠵᠢᠴᠢ ᠭᠤᠣᠯᠳᠠᠯᠭ᠎ᠠ ᠲᠠᠢ ᠲᠥᠷᠦᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠬᠤ ᠬᠤᠷᠠᠯ ᠠᠴᠠ ᠳᠤᠷᠠᠳᠤᠭᠰᠠᠨ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠠᠷᠠᠯᠲᠠ ᠴᠢᠭᠯᠡᠯ ᠤᠨ ᠥᠨᠳᠥᠷᠴᠡ ᠲᠠᠢ᠂ ᠠᠵᠤ ᠠᠬᠤᠶᠢᠯᠠᠯ ᠳᠤ ᠦᠢᠯᠡᠴᠢᠯᠡᠬᠦ ᠣᠪᠣᠷ ᠲᠠᠢ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠬᠤᠷᠳᠤᠴᠠ ᠲᠠᠢ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠳᠤᠯᠠᠭᠠᠴᠠ ᠲᠠᠢ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ | ᠦᠷ᠎ᠡ ᠪᠦᠲᠦᠮᠵᠢ ᠲᠠᠢ᠂ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠡᠷᠴᠢᠮ ᠲᠠᠢ ︽ᠵᠢᠷᠭᠤᠭᠠᠨ ᠲᠠᠯ᠎ᠠ︾ ᠪᠠᠷ ᠪᠣᠭᠤᠮᠲᠠ ᠰᠢᠪᠲᠤᠯᠤᠨ ᠬᠦᠴᠦᠯᠡᠬᠦ ᠶᠢ ᠵᠢᠭᠠᠨ᠎ᠠ᠃ | 9. ︽4+5+N︾ ᠪᠦᠬᠦᠯᠢ ᠴᠣᠭᠴᠠ ᠪᠠᠷ ᠠᠬᠢᠭᠤᠯᠬᠤ ᠲᠣᠭᠲᠠᠴᠠ᠄ ︽4︾ ᠪᠣᠯ ᠪᠦᠷᠢᠨ ᠪᠦᠲᠦᠨ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠬᠢᠨᠠᠨ | ᠰᠢᠯᠭᠠᠬᠤ ︽ᠳᠥᠷᠪᠡᠨ ᠰᠢᠰᠲ᠋ᠧᠮ︾ ᠢ ᠪᠠᠶᠢᠭᠤᠯᠤᠨ᠎ᠠ︔ ︽5︾ ᠪᠣᠯ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠦᠷ᠎ᠡ | ᠠᠰᠢᠭ ᠢ ᠨᠡᠮᠡᠭᠳᠡᠭᠦᠯᠦᠨ ᠬᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠰᠠᠶᠢᠵᠢᠷᠠᠭᠤᠯᠤᠨ | ᠬᠦᠭᠵᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠪᠦᠭᠡᠮᠨᠡᠷᠡᠭᠦᠯᠦᠨ ᠬᠥᠭᠵᠢᠭᠦᠯᠬᠦ᠂ ᠠᠮᠢ ᠠᠬᠤᠢ ᠶᠢᠨ ᠠᠵᠤ ᠦᠢᠯᠡᠰ ᠤᠨ ᠴᠠᠭ ᠲᠣᠬᠢᠶᠠᠯ ᠢ | ᠠᠮᠵᠢᠨ ᠤᠷᠤᠭᠰᠢᠲᠠᠢ ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ︽ᠲᠠᠪᠤᠨ ᠬᠡᠷᠡᠭᠵᠢᠭᠦᠯᠬᠦ | ᠲᠥᠰᠦᠯ︾ ᠪᠣᠯᠤᠨ᠎ᠠ︔ ︽N︾ ᠪᠣᠯ ᠡᠯ᠎ᠡ ᠬᠤᠰᠢᠭᠤ ᠬᠤᠲᠠ ᠲᠣᠭᠤᠷᠢᠭ ᠤᠨ ︽ᠨᠢᠭᠡ ᠪᠦᠯᠦᠭ ᠬᠥᠭᠵᠢᠯᠲᠡ ᠶᠢᠨ ᠭᠢᠯᠠᠰ ᠪᠦᠲᠦᠭᠡᠯ︾ ᠢ ᠪᠤᠶᠢᠵᠢᠭᠤᠯᠤᠨ | ᠴᠤᠭᠴᠠᠯᠠᠬᠤ ᠶᠢ ᠠᠬᠢᠭᠤᠯᠤᠨ᠎ᠠ᠃ | 10. ︽ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯ︾᠄ ᠠᠷᠠᠳ ᠢᠷᠭᠡᠳ ᠤᠨ ᠭᠡᠷ ᠪᠦᠯᠢ ᠬᠤᠪᠢ ᠬᠥᠮᠦᠨ ᠤ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠪᠠ ᠬᠡᠷᠡᠭᠯᠡᠭᠡᠨ ᠤ ᠬᠦᠷᠢᠶᠡᠨ ᠳᠤ ᠬᠠᠨᠳᠤᠭᠤᠯᠤᠭᠰᠠᠨ ᠪᠣᠬᠢᠷᠲᠤᠯ ᠭᠠᠳᠠᠭᠰᠢᠯᠡᠭᠤᠯᠬᠤ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ | ᠲᠣᠭᠲᠠᠴᠠ ᠶᠢ ᠵᠢᠭᠠᠨ᠎ᠠ᠂ ᠡᠨᠡ ᠪᠣᠯ ᠮᠠᠨ ᠤ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠤᠨᠤᠯᠵᠢᠬᠤᠨ ᠢ ᠦᠢᠯᠡᠳᠦᠯᠭᠡᠵᠢᠭᠦᠯᠬᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠴᠢᠬᠤᠯᠠ ᠲᠣᠭᠲᠠᠴᠠ ᠶᠢᠨ ᠰᠢᠨ᠎ᠡ | ᠡᠭᠦᠳᠦᠯᠲᠡ ᠮᠥᠨ᠃ | 11. ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ᠄ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠤᠷᠠᠨ ᠳᠠᠷᠬᠠᠨ ᠤ ᠠᠩᠭᠢ︾ ᠶᠢ | ᠬᠥᠮᠦᠵᠢᠭᠦᠯᠬᠦ ᠲᠥᠯᠥᠪᠯᠡᠭᠡ ᠶᠢ ᠵᠢᠭᠠᠨ᠎ᠠ᠂ ᠭᠤᠤᠯ ᠵᠣᠷᠢᠯᠭ᠎ᠠ ᠨᠢ ᠪᠥᠬᠦ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠲᠠᠢ ᠨᠢᠭᠲᠠ | ᠵᠣᠯᠭᠠᠯᠳᠤᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠨᠢᠭᠡ ᠪᠦᠯᠦᠭ ᠥᠨᠳᠥᠷ ᠬᠡᠪ ᠴᠢᠨᠠᠷ ᠪᠥᠬᠦᠶ ᠤᠷ᠎ᠠ ᠮᠡᠷᠭᠡᠰᠢᠯᠳᠦ ᠴᠢᠳᠠᠪᠤᠷᠢᠲᠠᠨ ᠢ | ᠥᠨᠳᠥᠷ ᠪᠠᠷᠢᠮᠵᠢᠶ᠎ᠠ ᠪᠠᠷ ᠬᠥᠮᠦᠵᠢᠭᠦᠯᠦᠨ᠎ᠡ᠃ | 12. ︽ᠣᠷᠣᠨ ᠪᠦᠰᠡ ᠶᠢᠨ ᠦᠨᠡᠯᠡᠨ ᠵᠢᠱᠢᠬᠦ + ᠪᠠᠷᠢᠮᠵᠢᠶᠠᠲᠤ ᠭᠠᠵᠠᠷ︾ ᠤᠨ ᠵᠠᠭᠪᠤᠷ᠄ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ | ᠨᠡᠭᠡᠭᠡᠯᠲᠡ ᠶᠢᠨ ᠲᠣᠭᠤᠷᠢᠭ ᠲᠤ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠠᠶᠢᠭᠠᠳ ᠵᠣᠬᠢᠬᠤ ᠣᠷᠣᠨ ᠪᠦᠰᠡ ᠶᠢᠨ ᠳᠣᠲᠣᠷᠠᠬᠢ | ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠵᠡᠮᠳᠡᠬᠦ᠂ ᠭᠠᠵᠠᠷ ᠵᠦᠢ ᠶᠢᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ᠂ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ᠂ ᠤᠰᠤᠨ ᠤ ᠡᠬᠢ ᠰᠤᠷᠪᠤᠯᠵᠢ ᠶᠢ ᠨᠤᠲᠠᠯᠠᠬᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠵᠡᠷᠭᠡ ᠵᠦᠢᠯᠡᠰ ᠢ ᠨᠢᠭᠡᠳᠦᠯᠲᠡᠶ | ᠦᠨᠡᠯᠡᠨ ᠵᠢᠱᠢᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠷᠴᠢᠮ᠂ ᠮᠥ ᠪᠦᠷᠢ ᠶᠢᠨ | ᠳᠤᠮᠳᠠᠴᠢ ᠭᠠᠶᠢᠯᠢ ᠲᠠᠲᠠᠪᠤᠷᠢ᠂ ᠨᠢᠭᠡᠴᠢ ᠡᠨᠧᠷᠭᠢ ᠶᠢᠨ ᠬᠤᠷᠣᠭᠳᠠᠯ᠂ ᠨᠢᠭᠡᠴᠢ ᠭᠠᠳᠠᠭᠰᠢᠯᠠᠭᠤᠯᠤᠯᠲᠠ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ | ᠲᠣᠳᠣᠷᠬᠠᠶᠢᠯᠠᠵᠤ᠂ ᠡᠭᠦᠨ ᠢᠶᠠᠷ ᠪᠠᠷᠢᠮᠵᠢᠶ᠎ᠠ ᠪᠣᠯᠭᠠᠵᠤ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠶᠢ ᠵᠢᠭᠠᠨ᠎ᠠ᠃ | 13. ︽ᠰᠢᠭᠤᠳ ᠬᠤᠷᠰᠢᠯᠴᠠᠬᠤ ᠠᠵᠤ ᠠᠬᠤᠶ︾᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠳᠤ ᠵᠥᠷᠢᠶ᠎ᠡ ᠣᠷᠣᠰᠢᠵᠤ ᠪᠦᠬᠦᠢ | ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠡᠭᠡᠭᠡᠯᠲᠡ ᠶᠢᠨ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠨ᠂ | ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠨ ᠠᠵᠢᠯᠯᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ | ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠵᠣᠷᠢᠯᠭ᠎ᠠ ᠪᠣᠯᠭᠠᠵᠤ᠂ ᠣᠨᠴᠠ ᠲᠣᠭᠲᠠᠭᠰᠠᠨ ᠣᠷᠣᠨ ᠪᠦᠰᠡ ᠳᠤ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠬᠠᠮᠲᠤᠷᠠᠨ ᠪᠦᠲᠦᠭᠡᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ | ᠵᠡᠷᠭᠡ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠬᠠᠮᠲᠤ ᠪᠠᠷ ᠠᠰᠢᠭ ᠲᠤᠰᠠ ᠬᠦᠷᠲᠡᠬᠦ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ | ᠵᠠᠭᠪᠤᠷ ᠢ ᠪᠡᠶᠡᠯᠡᠭᠦᠯᠬᠦ ᠶᠢ ᠵᠢᠭᠠᠨ᠎ᠠ᠃ | | |