2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ︵12 ᠵᠦᠢᠯ︶       8. ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠳ ᠢ 3.04 ᠲᠦᠮᠡ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠳᠤ ᠨᠢ 160 ᠲᠦᠮᠡ ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ︶᠃        9. ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 6.5% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃        10. ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠮᠡᠭᠳᠡᠯ ᠢ 8.3% ᠠᠴᠠ ᠳᠣᠣᠷ᠎ᠠ ᠪᠠᠶᠢᠯᠭᠠᠬᠤ ᠦᠭᠡᠢ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃        11. ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠤᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠴᠢᠳᠠᠮᠵᠢ ᠶᠢ ᠪᠠᠲᠤᠳᠬᠠᠨ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 1550 ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶︔ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ︶᠃        12. ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 53᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 143 ᠰᠢᠨ᠎ᠡ ᠪᠠᠷ ᠪᠠᠶᠢᠭᠤᠯᠵᠤ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠠᠮᠤᠷ ᠵᠢᠷᠭᠠᠯᠲᠤ ᠬᠦᠷᠢᠶᠡᠯᠡᠩ ᠤᠨ 14 ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃        13. ᠪᠦᠬᠦ ᠬᠤᠲᠠ ᠶᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠨᠠᠭᠠᠨ ᠳᠤ ᠦᠭᠡᠢ ᠰᠢᠷᠬᠠᠲᠤᠯ ᠭᠡᠮᠲᠦᠯ ᠤᠨ ᠲᠠᠭᠠᠳᠬᠠᠯ ᠬᠤᠳᠠᠯᠳᠤᠨ ᠠᠪᠴᠦ ᠦᠭᠭᠦᠨ᠂ ᠠᠮᠢᠳᠤᠷᠠᠯ ᠢᠶᠠᠨ ᠦᠪᠡᠰᠦᠪᠡᠨ ᠠᠷᠭᠠᠴᠠᠭᠠᠵᠤ ᠳᠡᠶᠢᠯᠬᠦ ᠦᠭᠡᠢ ᠭᠡᠵᠦ ᠮᠠᠭᠠᠳᠯᠠᠨ ᠲᠣᠭᠲᠠᠭᠠᠭᠳᠠᠭᠰᠠᠨ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃        14. ᠨᠢᠯᠬᠠᠰ ᠤᠨ ᠤᠷᠤᠨ ᠲᠤᠭ᠎ᠠ ᠶᠢᠨ ᠬᠠᠩᠭᠠᠯᠲᠠ ᠶᠢ ᠦᠷᠬᠦᠯᠵᠢᠯᠡᠨ ᠨᠡᠮᠡᠭᠳᠡᠭᠦᠯᠵᠦ᠂ 3 ᠨᠠᠰᠤᠨ ᠠᠴᠠ ᠳᠤᠭᠤᠭᠰᠢᠬᠢ ᠨᠢᠯᠬᠠᠰ ᠤᠨ ᠤᠷᠤᠨ ᠲᠤᠭ᠎ᠠ ᠶᠢ 6000 ᠠᠴᠠ ᠳᠡᠭᠡᠭᠰᠢ ᠳᠤ ᠬᠦᠷᠭᠡᠵᠦ᠂ ᠬᠡᠦᠬᠡᠳ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠵᠢᠷᠤᠮᠵᠢᠭᠤᠯᠤᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        15. ᠰᠢᠶᠠᠩ ᠪᠠᠯᠭᠠᠰᠤᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ 34 ᠠᠵᠢᠯ ᠤᠨ ᠦᠷᠲᠡᠭᠡ ᠶᠢ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃        16. 1000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠳᠤ ᠰᠠᠭᠠᠳ ᠦᠭᠡᠢ ᠲᠥᠬᠦᠭᠡᠷᠦᠮᠵᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠵᠦ᠂ ᠣᠶᠣᠨ ᠤᠬᠠᠭᠠᠨ ᠤ᠂ ᠤᠶᠤᠨ ᠮᠡᠳᠡᠷᠡᠯ ᠤᠨ ᠪᠠ ᠬᠦᠨᠳᠦ ᠳᠡᠰ ᠤᠨ ᠦᠶ᠎ᠡ ᠮᠥᠴᠢ ᠨᠢ ᠵᠡᠮᠳᠡᠭ 300 ᠬᠥᠮᠥᠨ ᠳᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ︶᠃        17. ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠭᠰᠡᠨ ᠭᠡᠷ ᠪᠦᠯᠢ ᠶᠢᠨ ᠵᠣᠬᠢᠬᠤ ᠨᠠᠰᠤᠨ ᠤ 5430 ᠡᠮᠡᠭᠲᠡᠶᠢᠴᠦᠳ ᠲᠤ ᠰᠦᠢᠳᠭᠡᠯ ᠬᠤᠷᠢᠶᠠᠬᠤ ᠦᠭᠡᠢ ᠪᠠᠷ ︽ᠬᠤᠶᠠᠷ ᠵᠦᠢᠯ ᠤᠨ ᠦᠮᠠᠨ ᠡᠪᠡᠳᠴᠢᠨ︾ ᠢ ᠨᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶︔ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠦᠷᠦᠯ ᠵᠦᠢᠯ ᠤᠨ ᠲᠤᠰᠠᠯᠠᠨ ᠳᠡᠮᠵᠢᠬᠦ ᠪᠡᠯᠡ ᠮᠦᠩᠭᠦ ᠳᠤ ᠨᠠᠶᠢᠳᠠᠨ᠂ ᠨᠦᠬᠦᠴᠡᠯ ᠳᠤ ᠨᠡᠶᠢᠴᠡᠭᠰᠡᠨ ︽ᠬᠤᠶᠠᠷ ᠵᠦᠢᠯ ᠤᠨ ᠦᠮᠠᠨ ᠡᠪᠡᠳᠴᠢᠨ︾ ᠢᠶᠠᠷ ᠣᠨᠣᠰᠢᠯᠠᠭᠳᠠᠭᠰᠠᠨ ᠡᠪᠡᠳᠴᠢᠲᠡᠨ ᠪᠦᠷᠢ ᠳᠤ ᠲᠤᠬᠠᠢ ᠶᠢᠨ ᠵᠢᠯ ᠳᠤ ᠨᠢ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ︶᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ