2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ᠭᠤᠷᠪᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠰᠢᠯᠢᠳᠡᠭᠵᠢᠭᠦᠯᠬᠦ ︵17 ᠵᠦᠢᠯ︶        18. ᠬᠡᠦᠬᠡᠳ ᠤᠨ ᠴᠡᠴᠡᠷᠯᠢᠭ ᠢ 18 ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠰᠢᠨᠡᠳᠭᠡᠵᠦ ᠦᠷᠭᠡᠳᠭᠡᠨ ᠪᠠᠶᠢᠭᠤᠯᠵᠤ᠂ ᠰᠤᠷᠤᠭᠴᠢ ᠶᠢᠨ ᠤᠷᠤᠨ ᠲᠤᠭ᠎ᠠ ᠶᠢ 1336 ᠰᠢᠨ᠎ᠡ ᠪᠠᠷ ᠨᠡᠮᠡᠭᠳᠡᠭᠦᠯᠵᠦ᠂ ᠳᠤᠮᠳᠠᠲᠤ ᠪᠠᠭ᠎ᠠ ᠰᠤᠷᠭᠠᠭᠤᠯᠢ ᠶᠢ 64 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠰᠤᠷᠤᠭᠴᠢ ᠶᠢᠨ ᠤᠷᠤᠨ ᠲᠤᠭ᠎ᠠ ᠶᠢ 5150 ᠰᠢᠨ᠎ᠡ ᠪᠠᠷ ᠨᠡᠮᠡᠭᠳᠡᠭᠦᠯᠵᠦ᠂ ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠨᠠᠶᠢᠳᠠᠨ ᠬᠠᠮᠢᠶᠠᠷᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ 2 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ ᠶᠢ 99% ᠠᠴᠠ ᠳᠡᠭᠡᠭᠰᠢ ᠳᠤ ᠬᠦᠷᠭᠡᠨ᠎ᠡ︔ ᠬᠤᠲᠠ ᠲᠤᠭᠤᠷᠢᠭ ᠤᠨ ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠵᠤ ᠲᠡᠳᠭᠦᠵᠦ᠂ ᠭᠤᠤᠯᠳᠠᠯᠭ᠎ᠠ ᠲᠠᠢ ᠬᠠᠪᠰᠤᠷᠤᠨ ᠲᠡᠳᠭᠦᠭᠦ ᠭᠠᠵᠠᠷ ᠤᠷᠤᠨ ᠤ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦᠯᠢ ᠴᠤᠭᠴᠠ ᠪᠠᠷ ᠨᠢ ᠳᠠᠶᠢᠴᠢᠯᠠᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ︶᠃        19. ᠤᠯᠤᠰ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠣᠶᠤᠨᠯᠢᠭ ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠵᠢᠭᠤᠯᠤᠭᠰᠠᠨ ᠪᠠᠷᠢᠮᠵᠢᠶᠠᠲᠤ ᠰᠢᠯᠭᠠᠯᠲᠠ ᠶᠢᠨ 724 ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ︶᠃        20. ᠪᠠᠴᠢᠮ ᠪᠠᠶᠢᠳᠠᠯ ᠢ ᠠᠷᠭᠠᠴᠠᠭᠠᠬᠤ ᠷᠠᠳᠢᠤ᠋ ᠶᠢᠨ ᠢᠨᠵᠧᠨᠧᠷᠢᠩ ᠢ ᠬᠡᠷᠡᠭᠵᠢᠭᠦᠯᠵᠦ᠂ ᠪᠦᠬᠦ ᠬᠤᠲᠠ ᠶᠢᠨ ᠪᠤᠢ ᠪᠦᠬᠦᠢ ᠵᠠᠰᠠᠭ ᠵᠠᠬᠢᠷᠭᠠᠨ ᠤ ᠲᠤᠰᠬᠤᠨ ᠳᠤ ᠷᠠᠳᠢᠤ᠋ ᠨᠡᠪᠲᠡᠷᠡᠭᠦᠯᠭᠡ ᠪᠦᠷᠬᠦᠭᠦᠯᠬᠦ ᠶᠢ ᠪᠡᠶᠡᠯᠡᠭᠦᠯᠵᠦ᠂ 511 ᠵᠠᠰᠠᠭ ᠵᠠᠬᠢᠷᠭᠠᠨ ᠤ ︽ᠲᠤᠰᠬᠤᠨ ᠪᠦᠬᠦᠨ ᠳᠤ ᠨᠡᠪᠲᠡᠷᠡᠭᠦᠯᠬᠦ︾ ᠶᠢ ᠰᠢᠨ᠎ᠡ ᠪᠠᠷ ᠪᠠᠶᠢᠭᠤᠯᠵᠤ᠂ ᠬᠦᠳᠡᠭᠡ ᠲᠤᠰᠬᠤᠨ ᠤ ᠰᠤᠶᠤᠯ ᠢ ᠬᠦᠭᠵᠢᠭᠦᠯᠦᠨ ᠮᠠᠨᠳᠤᠭᠤᠯᠬᠤ 100 ᠵᠢᠱᠢᠶ᠎ᠡ ᠦᠵᠡᠭᠦᠯᠬᠦ ᠲᠤᠰᠬᠤᠨ ᠢ ᠴᠤᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ︶᠃        21. ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠨᠡᠯᠭᠡ ᠶᠢᠨ ᠬᠤᠷᠢᠶ᠎ᠠ ᠶᠢ 3 ᠪᠠᠶᠢᠭᠤᠯᠤᠨ᠂ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢ 1 ᠴᠣᠭᠴᠠᠯᠠᠨ ᠪᠠᠶᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠡᠮᠨᠡᠭᠦᠯᠵᠦ ᠡᠮ ᠬᠤᠳᠠᠯᠳᠤᠨ ᠠᠪᠬᠤ ᠲᠠᠯ᠎ᠠ ᠪᠠᠷ ᠬᠢ ᠲᠦᠭᠦᠮ ᠳᠥᠲᠡ ᠴᠢᠨᠠᠷ᠂ ᠥᠨᠳᠥᠷ ᠪᠦᠲᠦᠮᠵᠢᠲᠦ ᠴᠢᠨᠠᠷ᠂ ᠠᠮᠤᠷ ᠲᠦᠪᠰᠢᠨ ᠴᠢᠨᠠᠷ ᠢ ᠲᠡᠬᠡᠭᠰᠢᠯᠡᠬᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        22. ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 2 ᠪᠠᠶᠢᠭᠤᠯᠵᠤ᠂ ᠭᠤᠷᠪᠠᠳᠤᠭᠠᠷ ᠳᠠᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 2 ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        23. ᠬᠦᠨᠳᠦ ᠡᠪᠡᠳᠴᠢᠨ ᠤ ᠣᠷᠣ ᠶᠢ 44᠂ ᠰᠢᠯᠵᠢᠭᠦᠯᠵᠦ ᠪᠤᠯᠬᠤ ᠬᠦᠨᠳᠦ ᠡᠪᠡᠳᠴᠢᠨ ᠤ ᠤᠷᠤ ᠶᠢ 238 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        24. ᠬᠢᠲᠠᠳ ︵ᠮᠣᠩᠭᠤᠯ︶ ᠡᠮ ᠡᠮᠨᠡᠯᠭᠡ ᠶᠢᠨ ᠶᠡᠷᠦᠩᠬᠡᠢ ᠰᠠᠯᠠᠭᠠᠨ ᠤ ᠴᠢᠳᠠᠪᠤᠷᠢᠲᠠᠨ ᠢ 15᠂ ᠬᠢᠲᠠᠳ ᠡᠮᠨᠡᠯᠭᠡ ᠶᠢᠨ ᠭᠠᠵᠠᠷ ᠤᠨ ᠭᠤᠣᠯᠯᠠᠭᠴᠢ ᠴᠢᠳᠠᠪᠤᠷᠢᠲᠠᠨ ᠢ 25 ᠬᠥᠮᠥᠵᠢᠭᠦᠯᠦᠨ ᠪᠣᠶᠢᠵᠢᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ ᠡᠮᠨᠡᠨ ᠵᠠᠰᠠᠬᠤ ᠳᠤ ᠲᠣᠬᠢᠷᠠᠬᠤ 20 ᠵᠦᠢᠯ ᠤᠨ ᠮᠡᠷᠭᠡᠵᠢᠯ ᠢ ᠳᠡᠯᠭᠡᠷᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        25. ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠭᠰᠠᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠭᠤᠤᠯᠳᠠᠯᠭᠠᠲᠤ ᠬᠥᠮᠥᠰ ᠢ ᠬᠠᠮᠤᠷᠤᠭᠰᠠᠨ ᠨᠣᠷᠮ᠎ᠠ ᠪᠠᠨ 78% ᠠᠴᠠ ᠳᠡᠭᠡᠭᠰᠢ ᠪᠣᠯᠭᠠᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        26. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶︔ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠨᠢᠳᠦᠨ ᠰᠢᠯ ᠲᠠᠭᠠᠷᠠᠭᠤᠯᠤᠨ ᠥᠭᠬᠦ᠂ ᠰᠦᠢᠳᠬᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠰᠤᠯᠠ ᠬᠠᠷᠠᠭ᠎ᠠ ᠶᠢ ᠨᠢ ᠵᠠᠰᠠᠵᠤ ᠥᠭᠬᠦ ᠪᠤᠶᠤ ᠮᠡᠰᠡ ᠵᠠᠰᠠᠯ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃        27. ᠨᠡᠶᠢᠭᠡᠮ ᠤᠨ ︽ᠭᠡᠷᠡᠯ ᠭᠡᠭᠡ ᠶᠢᠨ ᠠᠶᠠᠯᠠᠯ︾ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠨ᠂ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠶᠢᠨ ᠴᠠᠭᠠᠨ ᠬᠠᠷᠠᠩ ᠲᠠᠢ 100 ᠭᠠᠷᠤᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃        28. ᠬᠠᠮᠠᠷ ᠤᠨ ᠬᠠᠷᠰᠢᠮᠠᠲᠠᠭᠠᠢ ᠦᠷᠪᠢᠰᠦᠯ ᠤᠨ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠶᠢ ᠦᠷᠨᠢᠭᠦᠯᠵᠦ᠂ ᠬᠠᠨᠳᠤᠯᠭᠠᠲᠤ ᠴᠢᠨᠠᠷᠲᠠᠢ ᠪᠠᠷ ᠤᠷᠢᠳᠴᠢᠯᠠᠨ ᠰᠡᠷᠭᠡᠶᠢᠯᠡᠬᠦ ᠪᠠ ᠡᠮᠴᠢᠯᠡᠭᠡᠨ ᠤ ᠠᠪᠤᠷᠠᠨ ᠵᠠᠰᠠᠬᠤ ᠠᠵᠢᠯ ᠦᠷᠨᠢᠭᠦᠯᠵᠦ᠂ ᠬᠠᠮᠠᠷ ᠤᠨ ᠬᠠᠷᠰᠢᠮᠠᠲᠠᠭᠠᠢ ᠦᠷᠪᠢᠰᠦᠯ ᠤᠯᠠᠷᠢᠯ ᠤᠨ ᠴᠢᠨᠠᠷᠲᠠᠢ ᠣᠯᠠᠨ ᠳᠡᠯᠭᠡᠷᠡᠬᠦ ᠪᠤᠳᠠᠳᠤ ᠪᠠᠶᠢᠳᠠᠯ ᠢ ᠬᠦᠩᠭᠡᠷᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        29. ︽ᠵᠠᠭᠤᠨ ᠪᠦᠯᠬᠦᠮ ᠮᠢᠩᠭᠠᠨ ᠲᠠᠯᠠᠪᠤᠷ ᠲᠣᠨᠨᠯᠠᠯᠲᠠ ᠶᠢ ᠦᠨᠳᠦᠰᠦᠨ ᠱᠠᠲᠤᠨ ᠳᠤ ᠬᠦᠷᠭᠡᠵᠦ︾ ᠲᠣᠭᠯᠠᠯᠲᠠ ᠭᠠᠷᠭᠠᠨ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠦᠨ᠂ ᠤᠯᠠᠭᠠᠨᠮᠥ᠋ᠴᠢᠷ ᠪᠠ ᠡᠯ᠎ᠡ ᠱᠠᠲᠤᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠦᠨᠳᠦᠰᠦᠨ ᠱᠠᠲᠤᠨ ᠳᠤ ᠣᠴᠢᠵᠤ ᠮᠢᠩᠭ᠎ᠠ ᠭᠠᠷᠤᠢ ᠲᠠᠯᠠᠪᠤᠷ ᠲᠣᠭᠯᠠᠯᠲᠠ ᠭᠠᠷᠭᠠᠬᠤ ᠶᠢ ᠵᠣᠬᠢᠶᠠᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ︶᠃        30. 35 ᠲᠥᠷᠥᠯ ᠤᠨ ᠥᠨᠳᠥᠷ ᠳᠠᠪᠲᠠᠮᠵᠢᠲᠤ ᠡᠯᠧᠺᠲᠷᠣᠨ ᠭᠡᠷᠡᠴᠢ ᠦᠨᠡᠮᠯᠡᠯ ᠢ ᠪᠦᠬᠦ ᠤᠯᠤᠰ ᠲᠤ ᠬᠠᠷᠢᠯᠴᠠᠨ ᠮᠡᠳᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 350 ᠵᠦᠢᠯᠡᠰ ᠲᠤ ︽ᠭᠡᠷᠡᠴᠢ ᠦᠨᠡᠮᠯᠡᠯ ᠠᠪᠬᠤ ᠦᠭᠡᠢ ᠪᠠᠷ ᠭᠦᠢᠴᠡᠳᠬᠡᠬᠦ︾᠂ 115 ᠵᠦᠢᠯᠡᠰ ᠲᠤ ︽ᠨᠢᠭᠡ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠲᠤᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠬᠠᠪᠰᠤᠷᠴᠤ ᠣᠷᠣᠯᠠᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶᠃        31. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ ᠵᠦᠢᠯᠡᠰ ᠲᠤ ᠴᠠᠭ ᠤᠷᠲᠤᠳᠬᠠᠭᠰᠠᠨ ᠦᠢᠯᠡᠴᠢᠯᠡᠭᠡ ᠬᠠᠩᠭᠠᠬᠤ ᠶᠢ ᠠᠬᠢᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ ᠨᠠᠰᠤᠵᠢᠯ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠠᠰᠠᠭ ᠤᠨ ᠶᠠᠪᠤᠳᠠᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠡᠩ ᠣᠯᠠᠨ ᠵᠦᠢᠯᠡᠰ ᠤᠨ ︽ᠪᠦᠭᠦ ᠣᠷᠣᠨ ᠳᠤ ᠭᠦᠢᠴᠡᠳᠬᠡᠵᠦ ᠪᠣᠯᠬᠤ︾ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶᠃        32. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ︽ᠰᠦᠯᠵᠢᠶ᠎ᠡ ᠪᠠᠷ ᠭᠦᠢᠴᠡᠳᠬᠡᠵᠦ ᠴᠡᠴᠡᠷᠯᠢᠭ ᠲᠤ ᠰᠠᠭᠤᠯᠭᠠᠬᠤ︾ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ︽ᠰᠦᠯᠵᠢᠶ᠎ᠡ ᠪᠠᠷ ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ︾ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ︶᠃        33. ︽ᠬᠦᠯᠦᠨ ᠪᠤᠶᠢᠷ ᠤᠨ ᠡᠮᠴᠢᠯᠡᠭᠡᠨ ᠤ ᠪᠠᠲᠤᠯᠠᠭ᠎ᠠ︾ APP ᠶᠢ ᠨᠡᠭᠡᠭᠡᠵᠤ᠂ ᠦᠨᠳᠦᠰᠦᠨ ᠱᠠᠲᠤᠨ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠬᠦᠷᠲᠡᠭᠡᠵᠦ᠂ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠦᠷᠲᠡᠭᠡ ᠶᠢ 130᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 784 ᠪᠠᠶᠢᠭᠤᠯᠤᠨ᠂ ᠠᠷᠠᠳ ᠲᠤ ᠳᠦᠭᠦᠮ ᠦᠵᠡᠭᠦᠯᠬᠦ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ 15 ᠮᠢᠨᠦ᠋ᠲ ᠤᠨ ᠬᠡᠪᠴᠢᠶᠡᠨ ᠳᠤ ᠭᠦᠢᠴᠡᠳᠬᠡᠬᠦ ᠪᠣᠯᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ︶᠃        34. ᠬᠤᠰᠢᠭᠤ ᠰᠢᠶᠠᠨ ᠤ ᠱᠠᠲᠤᠨ ᠳᠠᠬᠢ ᠣᠷᠣᠰᠢᠭᠤᠯᠭ᠎ᠠ ᠶᠢᠨ ᠭᠠᠵᠠᠷ ᠢ 1 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ︶᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ