2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/22
       ᠳᠥᠷᠪᠡ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ ︵11 ᠵᠦᠢᠯ︶        35. 165 ᠬᠠᠭᠤᠴᠢᠨ ᠰᠠᠭᠤᠭᠠᠯᠢ ᠲᠣᠭᠤᠷᠢᠭ᠂ ᠨᠡᠶᠢᠲᠡ 17941 ᠡᠷᠦᠬᠡ ᠶᠢ ᠦᠭᠡᠷᠡᠴᠢᠯᠡᠨ ᠰᠢᠨᠡᠳᠭᠡᠨ᠎ᠡ︔ ᠲᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 170 ᠢᠵᠢ ᠥᠭᠡᠷᠡᠴᠢᠯᠡᠨ ᠰᠢᠨᠡᠳᠬᠡᠵᠦ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ 4413 ᠡᠷᠦᠬᠡ ᠭᠡᠷ ᠪᠦᠯᠢ ᠳᠤ ᠲᠦᠷᠢᠶᠡᠰᠦᠨ ᠨᠥᠬᠦᠪᠦᠷᠢ ᠤᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ︶᠃        36. ᠰᠢᠲᠠᠮᠠᠬᠠᠢ ᠬᠡᠢ ᠵᠡᠷᠭᠡ ᠳᠦᠷᠪᠡᠨ ᠵᠦᠢᠯ ᠤᠨ ᠬᠠᠭᠤᠴᠢᠷᠠᠭᠰᠠᠨ ᠬᠤᠭᠤᠯᠠᠢ ᠭᠤᠤᠷᠰᠤ ᠶᠢ 376.53 ᠺᠢᠯᠣᠮᠧᠲᠷ ᠥᠭᠡᠷᠡᠴᠢᠯᠡᠨ ᠰᠢᠨᠡᠳᠭᠡᠵᠦ᠂ ᠡᠭᠦᠨ ᠳᠤ᠂ ᠬᠤᠲᠠ ᠶᠢᠨ ᠰᠢᠲᠠᠮᠠᠬᠠᠢ ᠬᠡᠢ ᠶᠢᠨ ᠬᠠᠭᠤᠴᠢᠷᠠᠭᠰᠠᠨ ᠬᠤᠭᠤᠯᠠᠢ ᠶᠢ 153 ᠺᠢᠯᠣᠮᠧᠲᠷ ᠦᠭᠡᠷᠡᠴᠢᠯᠡᠨ ᠰᠢᠨᠡᠳᠭᠡᠨ᠎ᠡ︔ ᠤᠰᠤ ᠬᠠᠩᠭᠠᠬᠤ ᠬᠠᠭᠤᠴᠢᠷᠠᠭᠰᠠᠨ ᠬᠤᠭᠤᠯᠠᠢ ᠶᠢ 47.6 ᠺᠢᠯᠣᠮᠧᠲᠷ ᠦᠭᠡᠷᠡᠴᠢᠯᠡᠨ ᠰᠢᠨᠡᠳᠭᠡᠨ᠎ᠡ︔ ᠤᠰᠤ ᠲᠠᠲᠠᠷᠠᠭᠤᠯᠬᠤ ᠬᠠᠭᠤᠴᠢᠷᠠᠭᠰᠠᠨ ᠬᠤᠭᠤᠯᠠᠢ ᠶᠢ 32.93 ᠺᠢᠯᠣᠮᠧᠲᠷ ᠦᠭᠡᠷᠡᠴᠢᠯᠡᠨ ᠰᠢᠨᠡᠳᠭᠡᠨ᠎ᠡ︔ ᠢᠯᠴᠢ ᠬᠠᠩᠭᠠᠬᠤ ᠬᠠᠭᠤᠴᠢᠷᠠᠭᠰᠠᠨ ᠬᠤᠭᠤᠯᠠᠢ ᠶᠢ 143 ᠺᠢᠯᠣᠮᠧᠲᠷ ᠦᠭᠡᠷᠡᠴᠢᠯᠡᠨ ᠰᠢᠨᠡᠳᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ︶᠃        37. ᠬᠤᠲᠠ ᠶᠢᠨ ︽ᠬᠠᠷᠮᠠᠨ ᠴᠡᠴᠡᠷᠯᠢᠭ︾ ᠢ 6 ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ︶᠃        38. ᠪᠡᠶ᠎ᠡ ᠶᠢᠨ ᠲᠠᠮᠢᠷ ᠤᠨ ᠴᠡᠴᠡᠷᠯᠢᠭ ᠢ 2᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 1᠂ ᠲᠡᠰᠢᠯᠲᠡ ᠶᠢᠨ ᠲᠠᠯᠠᠪᠤᠷ ᠢ 9᠂ ᠴᠠᠰᠤᠨ ᠳᠤ ᠭᠤᠯᠭᠤᠬᠤ ᠲᠠᠯᠠᠪᠤᠷ ᠢ 1 ᠰᠢᠨ᠎ᠡ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠢ ᠶᠢ 20 ᠲᠦᠮᠡ ᠭᠠᠷᠤᠢ ᠲᠡᠭᠰᠢ ᠳᠦᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶᠃        39. ᠲᠦᠪ ᠬᠤᠲᠠ ᠶᠢᠨ ᠲᠤᠭᠤᠷᠢᠭ ᠲᠤ 120 ᠰᠠᠤᠷᠢ ᠤᠶᠤᠨᠲᠤ ᠨᠡᠶᠢᠲᠡ ᠶᠢᠨ ᠮᠠᠰᠢᠨ ᠲᠡᠷᠭᠡᠨ ᠤ ᠴᠠᠬᠢᠮ ᠦᠷᠲᠡᠭᠡᠨ ᠫᠠᠶᠢᠰᠠ ᠪᠠᠶᠢᠭᠤᠯᠤᠨ ᠬᠡᠷᠡᠭᠯᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ︶᠃       40. ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠷᠬᠦᠯᠵᠢᠯᠡᠨ ᠥᠭᠡᠷᠡᠴᠢᠯᠡᠨ ᠰᠢᠨᠡᠳᠭᠡᠵᠦ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠡᠲᠡᠭᠡᠳ ᠤᠨ ᠪᠠᠶᠢᠳᠠᠯ ᠢ ᠤᠶᠢᠯᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠦᠬᠦᠴᠡᠯ ᠳᠤ ᠨᠡᠶᠢᠴᠡᠬᠦ ᠨᠤᠷᠠᠬᠤ ᠠᠶᠤᠯᠲᠠᠢ ᠭᠡᠷ ᠪᠠᠶᠢᠰᠢᠩ ᠤᠨ ᠦᠭᠡᠷᠡᠴᠢᠯᠡᠨ ᠰᠢᠨᠡᠳᠭᠡᠬᠦ ᠡᠲᠡᠭᠡᠳ ᠢ ᠬᠦᠳᠡᠯᠦᠩᠭᠦᠢ ᠪᠠᠷ ᠰᠢᠨ᠎ᠡ ᠪᠠᠷ ᠨᠡᠮᠡᠭᠳᠡᠭᠦᠯᠬᠦ ᠶᠢᠨ ᠬᠠᠮᠲᠤ ᠦᠭᠡᠷᠡᠴᠢᠯᠡᠨ ᠰᠢᠨᠡᠳᠭᠡᠬᠦ ᠲᠦᠯᠦᠪᠯᠡᠭᠡ ᠳᠤ ᠤᠷᠤᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ︶᠃       41. ᠲᠠᠷᠢᠶᠠᠯᠠᠬᠤ ᠮᠠᠯᠵᠢᠬᠤ ᠰᠢᠭᠤᠶᠢᠲᠤ ᠣᠷᠣᠨ ᠤ ᠵᠠᠰᠠᠮᠠᠯ ᠵᠠᠮ ᠢ 550 ᠺᠢᠯᠣᠮᠧᠲᠷ ᠰᠢᠨ᠎ᠡ ᠪᠠᠷ ᠳᠡᠪᠢᠰᠭᠦ ᠪᠠ ᠥᠭᠡᠷᠡᠴᠢᠯᠡᠨ ᠰᠢᠨᠡᠳᠭᠡᠵᠦ᠂ 40 ᠰᠠᠤᠷᠢ ᠨᠤᠷᠠᠬᠤ ᠠᠶᠤᠯᠲᠠᠢ ᠬᠦᠭᠦᠷᠭᠡ ᠶᠢ ᠦᠭᠡᠷᠡᠴᠢᠯᠡᠨ ᠰᠢᠨᠡᠳᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ︶᠃        42. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠤᠩ ᠢ 4508 ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠃       43. ᠲᠠᠷᠢᠶᠠᠯᠠᠬᠤ ᠮᠠᠯᠵᠢᠬᠤ ᠣᠷᠣᠨ ᠳᠤ ᠤᠰᠤ ᠲᠥᠪᠯᠡᠷᠡᠭᠦᠯᠵᠦ ᠬᠠᠩᠭᠠᠬᠤ ᠪᠠᠷᠢᠯᠭ᠎ᠠ ᠶᠢ 14 ᠭᠠᠵᠠᠷ ᠲᠤ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ︶︔ 94 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ︶︔ ᠰᠢᠶᠠᠩ ᠪᠠᠯᠭᠠᠰᠤᠨ ︵ᠰᠤᠮᠤ︶ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠰᠢᠨᠵᠢᠵᠦ ᠰᠢᠯᠭᠠᠬᠤ ᠠᠵᠢᠯ ᠢ ᠨᠡᠶᠢᠳᠡᠮ ᠪᠦᠷᠬᠦᠭᠦᠯᠵᠦ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃        44. 5G ᠰᠠᠭᠤᠷᠢ ᠦᠷᠲᠡᠭᠡ ᠶᠢ 1000 ᠰᠢᠨ᠎ᠡ ᠪᠠᠷ ᠪᠠᠶᠢᠭᠤᠯᠤᠨ᠎ᠠ᠂ ᠡᠭᠦᠨ ᠳᠤ ᠭᠤᠤᠯ ᠪᠤᠯᠬᠤ ᠵᠠᠮ ᠬᠠᠷᠢᠯᠴᠠᠭᠠᠨ ᠤ ᠭᠤᠤᠯ ᠱᠤᠭᠤᠮ ᠳᠤ 410᠂ ᠭᠤᠤᠯ ᠬᠤᠲᠠ ᠶᠢᠨ ᠲᠤᠭᠤᠷᠢᠭ ᠲᠤ 200᠂ ᠮᠠᠯᠵᠢᠬᠤ ᠲᠠᠷᠢᠶᠠᠯᠠᠬᠤ ᠰᠢᠭᠤᠶᠢᠲᠤ ᠤᠷᠤᠨ ᠳᠤ 240᠂ ᠴᠢᠬᠤᠯᠠ ᠦᠵᠡᠮᠵᠢ ᠶᠢᠨ ᠤᠷᠤᠨ ᠳᠤ 5᠂ ᠪᠤᠰᠤᠳ 145 ᠪᠠᠶᠢᠵᠤ᠂ ᠰᠤᠮᠤ ᠰᠢᠶᠠᠩ ᠪᠠᠯᠭᠠᠰᠤ ᠪᠠ ᠭᠤᠤᠯ ᠪᠤᠯᠬᠤ ᠵᠠᠮ ᠬᠠᠷᠢᠯᠴᠠᠭᠠᠨ ᠤ ᠭᠤᠤᠯ ᠱᠤᠭᠤᠮ ᠤᠨ 5G ᠲᠤᠤᠷ ᠰᠦᠯᠵᠢᠶ᠎ᠡ ᠶᠢᠨ ᠪᠦᠷᠬᠦᠯᠲᠡ ᠶᠢᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠨ᠎ᠡ︔ 4G ᠰᠠᠭᠤᠷᠢ ᠦᠷᠲᠡᠭᠡ ᠶᠢ 41 ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠤ 4G ᠰᠠᠭᠤᠷᠢ ᠦᠷᠲᠡᠭᠡ ᠶᠢᠨ ᠲᠤᠤᠷ ᠰᠦᠯᠵᠢᠶ᠎ᠡ ᠶᠢᠨ ᠪᠦᠷᠬᠦᠯᠲᠡ ᠶᠢᠨ ᠨᠣᠷᠮ᠎ᠠ ᠶᠢ 100% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ ᠶᠢᠨ ᠲᠣᠪᠴᠢᠶ᠎ᠠ︶᠃       45. ᠭᠠᠴᠠᠭ᠎ᠠ ᠲᠤᠰᠬᠤᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠴᠡᠭ ᠢ 168 ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠨᠡᠶᠢᠳᠡᠮ ᠪᠦᠷᠬᠦᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶᠃        46. ᠬᠢᠯᠢ ᠬᠢᠵᠠᠭᠠᠷ ᠤᠨ 6 ᠬᠤᠰᠢᠭᠤ ᠰᠢᠶᠠᠨ ᠤ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠲᠣᠣᠷ ᠰᠦᠯᠵᠢᠶ᠎ᠡ ᠶᠢᠨ ᠪᠦᠷᠬᠦᠬᠦ ᠴᠢᠳᠠᠪᠤᠷᠢ ᠶᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠲᠤᠰᠬᠠᠢ ᠬᠡᠷᠡᠭᠯᠡᠭᠡᠨ ᠤ ᠰᠣᠶᠣᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ