2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/2/23
       14. ︽ᠳᠥᠷᠪᠡᠨ ᠳᠤᠷ᠎ᠠ ᠪᠠᠷ ᠪᠠᠶᠢᠭᠤᠯᠬᠤ ᠶᠢ ᠠᠷᠢᠯᠭᠠᠬᠤ︾ ᠠᠵᠢᠯᠯᠠᠭ᠎ᠠ᠄ ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠵᠢᠭᠠᠵᠤ᠂ ᠲᠤᠰᠬᠠᠶ ᠲᠦᠷᠦᠯ  ᠢᠶᠠᠷ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ ᠥᠷᠨᠢᠭᠦᠯᠦᠨ᠎ᠡ᠃        15. ︽ᠭᠤᠷᠪᠠᠨ ᠱᠤᠭᠤᠮ ᠨᠢᠭᠡ ᠳᠠᠩᠰᠠ︾᠄ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠳᠠᠩᠰᠠ ᠶᠢ ᠵᠢᠭᠠᠨ᠎ᠠ᠃        16. ᠠᠵᠢᠯ ᠣᠯᠭᠤᠬᠤ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠨᠢᠭᠡ ᠪᠦᠯᠦᠭ ᠢ ᠰᠢᠨ᠎ᠡ ᠪᠠᠷ ᠨᠡᠮᠡᠭᠳᠡᠭᠦᠯᠵᠦ᠂ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠪᠠᠷ ᠨᠢᠭᠡ ᠪᠦᠯᠦᠭ ᠢ ᠰᠢᠩᠭᠡᠭᠡᠨ ᠠᠪᠴᠤ᠂ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠷ ᠨᠢᠭᠡ ᠪᠦᠯᠦᠭ ᠢ ᠳᠠᠶᠢᠴᠢᠯᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠᠷ ᠨᠢᠭᠡ ᠪᠦᠯᠦᠭ ᠢ ᠳᠠᠶᠢᠴᠢᠯᠠᠨ᠂ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢᠶᠠᠷ ᠨᠢᠭᠡ ᠪᠦᠯᠦᠭ ᠢ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠥᠷᠭᠡᠳᠬᠡᠵᠦ᠂ ᠣᠷᠣᠯᠭ᠎ᠠ ᠶᠢ ᠨᠡᠮᠡᠭᠳᠡᠭᠦᠯᠬᠦ ᠶᠢ ᠵᠢᠭᠠᠨ᠎ᠠ᠃        17. ︽3+1+2︾ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠢᠨ᠎ᠡ ᠲᠥᠷᠥ ᠶᠢᠨ ᠪᠣᠳᠣᠯᠭ᠎ᠠ᠄ ︽3︾ ᠪᠣᠯ ᠪᠥᠬᠦ ᠤᠯᠤᠰ ᠤᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠤᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠪᠣᠯᠤᠨ᠎ᠠ︔ ︽1︾ ᠪᠠ ︽2︾ ᠪᠣᠯ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠪᠠᠶᠢᠵᠤ᠂ ᠡᠭᠦᠨ ᠳᠤ ︽1︾ ᠨᠢ ᠰᠢᠯᠭᠠᠭᠤᠯᠤᠭᠴᠢ ᠹᠢᠽᠢᠺ᠂ ᠲᠡᠦᠬᠡ 2 ᠬᠢᠴᠢᠶᠡᠯ ᠲᠥᠷᠥᠯ ᠤᠨ ᠳᠣᠲᠣᠷ᠎ᠠ ᠠᠴᠠ 1 ᠲᠥᠷᠥᠯ ᠢ ᠰᠣᠩᠭᠤᠵᠤ᠂ ︽2︾ ᠨᠢ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠵᠡᠷᠭᠡ 4 ᠬᠢᠴᠢᠶᠡᠯ ᠲᠥᠷᠥᠯ ᠤᠨ ᠳᠣᠲᠣᠷ᠎ᠠ ᠠᠴᠠ 2 ᠲᠥᠷᠥᠯ ᠢ ᠰᠣᠩᠭᠤᠨ᠎ᠠ᠃       18. ︽ᠭᠤᠷᠪᠠᠨ ᠰᠠᠯᠵᠤ ᠪᠤᠯᠤᠰᠢ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠬᠠᠷᠢᠯᠴᠠᠨ ᠰᠠᠯᠵᠤ ᠴᠢᠳᠠᠬᠤ ᠦᠭᠡᠢ ᠶᠢ ᠵᠢᠭᠠᠨ᠎ᠠ᠃        19. ︽ᠲᠠᠪᠤᠨ ᠬᠠᠮᠲᠤ ᠶᠢᠨ ᠲᠠᠨᠢᠯᠲᠠ︾᠄ ᠠᠭᠤᠤ ᠶᠡᠭᠡ ᠡᠬᠡ ᠤᠯᠤᠰ ᠤᠨ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠶᠢᠨ ᠦᠨᠳᠦᠰᠦᠲᠡᠨ ᠤ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠬᠠᠮᠲᠤ ᠶᠢᠨ ᠲᠠᠨᠢᠯᠲᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠵᠢᠭᠠᠨ᠎ᠠ᠃        20. ︽ᠳᠦᠷᠪᠡ ᠶᠢ ᠬᠠᠮᠲᠤᠳᠬᠠᠬᠤ︾᠄ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠤᠯᠵᠢᠬᠤᠨ ᠢ ᠪᠠᠲᠤ ᠪᠠᠬᠢ ᠪᠤᠢ ᠪᠣᠯᠭᠠᠬᠤ ᠶᠢ ᠵᠢᠭᠠᠨ᠎ᠠ᠃        21. ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠬᠡᠷ ᠣᠷᠣᠨ︾᠄ ︽ᠵᠢᠷᠭᠤᠭᠠᠨ ᠪᠦᠰᠡ︾ ᠭᠡᠳᠡᠭ ᠨᠢ ᠬᠢᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠤᠰ ᠵᠠᠭᠤᠨ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ᠂ ᠣᠷᠣᠨ ᠨᠤᠲᠤᠭ ᠠᠵᠤ ᠠᠬᠤᠶᠢᠯᠠᠯ ᠬᠤᠯᠪᠣᠭᠠᠯᠠᠨ ᠪᠠᠶᠢᠭᠤᠯᠵᠤ ᠬᠠᠮᠲᠤ ᠪᠠᠷ ᠡᠭᠦᠳᠬᠦ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠵᠢᠭᠠᠨ᠎ᠠ︔ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠵᠢᠭᠠᠨ᠎ᠠ︔ ︽ᠨᠢᠭᠡ ᠭᠡᠷ ᠣᠷᠣᠨ︾ ᠭᠡᠳᠡᠭ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠵᠣᠯ ᠵᠢᠷᠭᠠᠯᠲᠤ ᠡᠶ᠎ᠡ ᠵᠣᠬᠢᠴᠠᠩᠭᠤᠢ ᠭᠡᠷ ᠣᠷᠣᠨ ᠢ ᠪᠠᠶᠢᠭᠤᠯᠬᠤ ᠶᠢ ᠵᠢᠭᠠᠨ᠎ᠠ᠃        22. ︽ᠶᠢᠰᠦ ᠶᠢ ᠣᠷᠣᠭᠤᠯᠬᠤ︾᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠠᠮ ᠤᠨ ᠪᠠᠶᠢᠭᠤᠯᠤᠯᠲᠠ ᠳᠤ ᠤᠷᠤᠭᠤᠯᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠬᠤ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠳᠤ ᠤᠷᠤᠭᠤᠯᠬᠤ᠂ ᠤᠯᠤᠰ ᠲᠥᠷᠥ ᠶᠢᠨ ᠲᠤᠭᠤᠷᠢᠨ ᠪᠠᠶᠢᠴᠠᠭᠠᠯᠲᠠ ᠳᠤ ᠤᠷᠤᠭᠤᠯᠬᠤ᠂ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠳᠤ ᠤᠷᠤᠭᠤᠯᠬᠤ᠂ ᠨᠡᠶᠢᠭᠡᠮ ᠤᠨ ᠵᠠᠰᠠᠯᠲᠠ ᠳᠤ ᠤᠷᠤᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠤᠷᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠤᠷᠤᠭᠤᠯᠬᠤ᠂ ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯ ᠳᠤ ᠣᠷᠣᠭᠤᠯᠬᠤ ᠶᠢ ᠵᠢᠭᠠᠨ᠎ᠠ᠃       23. ︽ᠬᠤᠶᠠᠷ ᠠᠩᠭᠢ ᠨᠢᠭᠡ ᠲᠠᠰᠤᠭ︾᠄ ︽ᠨᠢᠭᠡ ᠲᠠᠰᠤᠭ︾ ᠭᠡᠳᠡᠭ ᠨᠢ ᠶᠡᠷᠦᠩᠬᠡᠶᠢᠯᠡᠨ ᠵᠢᠯᠣᠭᠤᠳᠬᠤ ᠲᠠᠰᠤᠭ ᠢ ᠵᠢᠭᠠᠵᠤ᠂ ︽ᠬᠤᠶᠠᠷ ᠠᠩᠭᠢ︾ ᠭᠡᠳᠡᠭ ᠨᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠩᠭᠢ ᠪᠠ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠩᠭᠢ ᠶᠢ ᠵᠢᠭᠠᠨ᠎ᠠ᠃        24. ︽ᠲᠠᠪᠤᠨ ᠬᠤᠯᠪᠣᠭᠠᠯᠠᠨ ᠬᠥᠳᠡᠯᠦᠯᠴᠡᠬᠦ︾᠄ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠴᠢᠨ᠂ ᠨᠡᠶᠢᠭᠡᠮ ᠤᠨ ᠡᠬᠢ ᠪᠠᠶᠠᠯᠢᠭ ᠵᠢᠴᠢ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠤᠯᠪᠣᠭᠠᠯᠠᠨ ᠬᠥᠳᠡᠯᠦᠯᠴᠡᠬᠦ ᠶᠢ ᠵᠢᠭᠠᠨ᠎ᠠ᠃        25. ︽ᠳᠣᠯᠤᠭ᠎ᠠ ᠶᠢ ᠲᠠᠶᠠᠭᠳᠠᠬᠤ︾᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠪᠢ ᠬᠥᠮᠦᠨ ᠢ ᠭᠦᠢᠴᠡᠬᠦ ᠦᠭᠡᠶ︾ ᠭᠡᠰᠡᠨ ᠪᠣᠳᠣᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠦᠭᠡᠶ︾ ᠭᠡᠰᠡᠨ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠶ︾ ᠭᠡᠰᠡᠨ ᠦᠵᠡᠯ ᠤᠬᠠᠮᠰᠠᠷ᠂ ︽ᠵᠣᠷ ᠦᠭᠡᠢ ᠪᠤᠯ ᠡᠮ ᠵᠠᠷᠤᠬᠤ ᠦᠭᠡᠢ︾ ᠬᠢᠳᠡᠯ᠂ ︽ᠨᠢᠳᠦᠨ ᠡᠮᠦᠨᠡᠬᠢ ᠪᠠᠨ ᠬᠠᠷᠠᠵᠤ ᠬᠤᠯᠠ ᠶᠢ ᠬᠠᠷᠠᠬᠤ ᠦᠭᠡᠶ︾ ᠰᠡᠳᠬᠢᠴᠡ᠂ ︽ᠨᠠᠷᠢᠯᠢᠭ ᠬᠢᠬᠦ ᠦᠭᠡᠢ᠂ ᠪᠠᠷᠤᠭ ᠲᠥᠯᠥᠪ ᠪᠣᠯ ᠪᠣᠯᠴᠢᠬᠠᠨ᠎ᠠ︾ ᠭᠡᠰᠡᠨ ᠪᠣᠳᠣᠯ ᠪᠣᠯᠤᠨ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠵᠢᠭᠠᠨ᠎ᠠ᠃        26. ︽ᠵᠢᠷᠭᠤᠭᠠᠨ ᠬᠤᠣᠰ ᠬᠠᠷᠢᠴᠠᠭ᠎ᠠ︾ ᠶᠢ ᠡᠵᠡᠮᠳᠡᠵᠦ᠂ ︽ᠵᠢᠷᠭᠤᠭ᠎ᠠ ᠶᠢ ᠪᠠᠷᠢᠮᠲᠠᠯᠠᠬᠤ︾ ᠶᠢ ᠪᠡᠶᠡᠯᠡᠭᠦᠯᠬᠦ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠬᠤ︾ ᠶᠢᠨ ᠬᠠᠷᠢᠴᠠᠭ᠎ᠠ ᠶᠢ ᠰᠠᠢᠲᠤᠷ ᠡᠵᠡᠮᠳᠡᠵᠦ᠂ ᠲᠣᠭᠲᠠᠭᠤᠨ ᠤ ᠳᠠᠭᠠᠤ ᠤᠷᠤᠭᠰᠢᠯᠠᠭᠤᠯᠬᠤ ᠶᠢ ᠪᠠᠷᠢᠮᠲᠠᠯᠠᠨ᠎ᠠ︔ ︽ᠴᠢᠨᠠᠷ︾ ᠪᠠ ︽ᠬᠡᠮᠵᠢᠶ᠎ᠡ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠴᠢᠨᠠᠷ ᠬᠡᠮᠵᠢᠶ᠎ᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ︔ ︽ᠬᠠᠩᠭᠠᠯᠭ᠎ᠠ︾ ᠪᠣᠯᠤᠨ ︽ᠬᠡᠷᠡᠭᠴᠡᠭᠡ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠨ᠎ᠠ︔ ︽ᠳᠣᠲᠣᠭᠠᠳᠤ︾ ᠪᠣᠯᠤᠨ ︽ᠭᠠᠳᠠᠭᠠᠳᠤ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠳᠣᠲᠣᠭᠠᠳᠤ ᠭᠠᠳᠠᠭᠠᠳᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ︔ ︽ᠴᠡᠭ︾ ᠪᠠ ︽ᠲᠠᠯ᠎ᠠ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠪᠠᠷᠢᠮᠲᠠᠯᠠᠨ᠎ᠠ︔ ︽ᠤᠢᠢᠷ᠎ᠠ︾ ᠪᠠ ︽ᠬᠤᠯᠠ︾ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠤᠷᠳᠤ ᠣᠬᠤᠷ ᠢ ᠤᠶᠠᠯᠳᠤᠭᠤᠯᠬᠤ ᠶᠢ ᠪᠠᠷᠢᠮᠲᠠᠯᠠᠨ᠎ᠠ᠃        27. ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠶ ᠢᠯᠡᠷᠡᠬᠦ ᠬᠡᠯᠪᠡᠷᠢ ᠶᠢ ᠵᠢᠭᠠᠵᠤ᠂ ︽ᠭᠤᠷᠪᠠᠨ ᠣᠯᠠᠨ︾ ᠪᠣᠯ ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠣᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ︽ᠭᠤᠷᠪᠠᠨ ᠤᠳᠠᠭᠠᠨ︾ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠦᠢᠯᠡᠳᠦᠯᠭᠡ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠨ᠎ᠠ᠃ 
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ