2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠦᠰᠦᠭᠲᠦ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2023/2/27
       ᠨᠢᠭᠡ᠂ 2022 ᠤᠨ ᠤ ᠠᠵᠢᠯ ᠤᠨ ᠡᠷᠭᠢᠴᠡᠭᠦᠯᠦᠯ       ᠦᠩᠭᠡᠷᠡᠭᠰᠡᠨ ᠨᠢᠭᠡ ᠵᠢᠯ ᠳᠤ᠂ ᠬᠤᠲᠠ ᠳᠠᠶᠠᠭᠠᠷ ᠢᠶᠠᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠭᠦᠭᠵᠢᠯᠲᠡ ᠶᠢ ᠦᠨᠳᠦᠷ ᠪᠦᠲᠦᠮᠵᠢᠲᠡᠢ ᠨᠢᠭᠡᠳᠦᠯᠲᠡᠢ ᠲᠦᠯᠦᠪᠯᠡᠨ᠂ ᠦᠨᠡᠨ ᠪᠤᠳᠠᠲᠠᠢ ᠶᠢ ᠲᠡᠷᠢᠭᠦᠨ ᠳᠤ ᠲᠠᠯᠪᠢᠵᠤ᠂ ᠰᠢᠷᠭᠠᠭᠤ ᠠᠵᠢᠯᠯᠠᠬᠤ ᠪᠠᠷ ᠤᠷᠢᠳᠠᠴᠢ ᠪᠤᠯᠭᠠᠨ᠂ ᠬᠡᠪ ᠪᠠᠷᠢᠮᠵᠢᠶ᠎ᠡ ᠶᠢ ᠳᠡᠭᠡᠭᠰᠢᠯᠡᠭᠦᠯᠦᠨ᠂ ᠮᠡᠷᠡᠶᠢᠨ ᠲᠡᠮᠡᠴᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠰᠢᠪᠲᠤᠯᠤᠯᠲᠠ ᠶᠢᠨ ᠴᠢᠨᠠᠷᠲᠠᠢ ᠪᠡᠶᠡᠯᠡᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠭᠠᠳ ᠲᠡᠤᠬᠡᠲᠦ ᠴᠢᠨᠠᠷᠲᠠᠢ ᠦᠷ᠎ᠡ ᠪᠦᠲᠦᠮᠵᠢ ᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭᠠᠨ ᠤ ᠵᠢᠯᠤᠭᠤᠳᠤᠮᠵᠢ ᠪᠠᠷ᠂ ᠪᠢᠳᠡ ᠣᠳᠣᠬᠢᠴᠢᠯᠠᠭᠰᠠᠨ ᠬᠥᠯᠥᠨ ᠪᠤᠶᠢᠷ ᠢ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠣᠮᠤᠭ ᠵᠤᠷᠢᠭ ᠲᠡᠭᠦᠯᠳᠡᠷ ᠢᠶᠠᠷ ᠡᠬᠢᠯᠡᠭᠦᠯᠦᠭᠰᠡᠨ ᠪᠠᠶᠢᠨ᠎ᠠ᠃       —— ᠪᠢᠳᠡ ᠪᠥᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠤᠷᠤᠭᠰᠢᠯᠠᠬᠤ ᠶᠢᠨ ᠳᠠᠭᠠᠤ ᠳᠤ ᠰᠢᠯᠢᠳᠡᠭᠵᠢᠪᠡ᠃       ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠲᠠᠲᠠᠪᠤᠷᠢ ᠶᠢ 40.4 ᠳ᠋ᠦᠩᠰᠢᠭᠤᠷ ᠲᠥᠭᠦᠷᠢᠭ ᠬᠦᠩᠭᠡᠯᠡᠨ ᠬᠡᠯᠲᠦᠷᠢᠬᠦᠯᠪᠡ       ᠲᠦᠬᠡᠮᠡᠯ ᠬᠠᠷᠠᠭᠠᠯᠵᠠᠯ ᠤᠨ ᠴᠢᠨᠠᠷᠳᠠᠢ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ 153.7 ᠳ᠋ᠦᠩᠰᠢᠭᠤᠷ ᠲᠦᠬᠦᠷᠢᠭ ᠲᠠᠯᠪᠢᠪᠠ       ᠠᠷᠠᠳ ᠢ ᠬᠠᠷᠠᠭᠠᠯᠵᠠᠬᠤ ᠬᠡᠷᠡᠭᠯᠡᠬᠡᠨ ᠤ ᠲᠡᠮᠳᠡᠭᠲᠦ ᠶᠢ 2600 ᠲᠦᠮᠡᠨ ᠲᠦᠬᠦᠷᠢᠭ ᠲᠠᠷᠬᠠᠭᠠᠵᠤ᠂ 4 ᠳ᠋ᠦᠩᠰᠢᠭᠤᠷ ᠲᠦᠬᠦᠷᠢᠭ ᠰᠢᠬᠠᠮ ᠤᠨ ᠬᠡᠷᠡᠭᠯᠡᠭᠡ ᠶᠢ ᠲᠠᠶᠢᠴᠢᠯᠠᠪᠠ᠃       248 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 238.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠪᠡ       ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 98.75 ᠳ᠋ᠦᠩᠰᠢᠭᠤᠷ ᠲᠦᠬᠦᠷᠢᠭ ᠢ ᠪᠡᠶᠡᠯᠡᠬᠦᠯᠪᠡ       —— ᠪᠢᠳᠡ ᠪᠦᠬᠦ ᠬᠦᠴᠦᠨ ᠢᠶᠠᠷ ᠢᠶᠠᠨ ᠲᠡᠰ ᠳᠡᠪᠰᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠬᠤᠷᠳᠤᠴᠠ ᠦᠷ᠎ᠡ ᠠᠰᠢᠭ ᠨᠡᠮᠡᠭᠳᠡᠪᠡ᠃        ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 93.5 ᠲᠦᠮᠡᠨ ᠮᠥ ᠰᠢᠨ᠎ᠡ ᠪᠠᠷ ᠪᠠᠶᠢᠭᠤᠯᠪᠠ       ᠬᠠᠷ᠎ᠠ ᠬᠦᠷᠦᠰᠦ ᠶᠢ ᠬᠠᠮᠠᠭᠠᠯᠠᠬᠤ ᠴᠢᠨᠠᠷᠲᠠᠶ ᠲᠠᠷᠢᠶᠠᠨ ᠭᠠᠵᠠᠷ ᠢ 790.5 ᠲᠦᠮᠡᠨ ᠮᠥ ᠬᠡᠷᠡᠭᠵᠢᠬᠦᠯᠪᠡ       ᠬᠢᠶᠠᠭ ᠡᠪᠡᠰᠦ ᠲᠠᠷᠢᠵᠤ ᠦᠷᠡᠵᠢᠭᠦᠯᠬᠦ ᠰᠠᠭᠤᠷᠢᠨ ᠭᠠᠵᠠᠷ ᠢ 1 ᠲᠦᠮᠡᠨ ᠮᠥ ᠪᠠᠶᠢᠭᠤᠯᠪᠠ       ᠮᠠᠯ ᠤᠨ ᠵᠣᠭᠰᠤᠭ᠎ᠠ ᠲᠤᠭ᠎ᠠ 1121.5 ᠲᠦᠮᠡᠨ ᠲᠣᠯᠣᠭᠠᠶ ᠳᠤ ᠬᠦᠷᠪᠡ       ᠠᠮᠤ ᠪᠤᠳᠠᠭᠠᠨ ᠤ ᠤᠨᠠᠯᠲᠠ 130.3 ᠳ᠋ᠦᠩᠰᠢᠭᠤᠷ ᠵᠢᠩ ᠳᠤ ᠬᠦᠷᠪᠠ        ᠰᠦ ᠰᠠᠭᠠᠯᠢ ᠶᠢᠨ ᠦᠢᠯᠡᠰ ᠤᠨ ᠵᠢᠯ ᠤᠨ ᠦᠢᠯᠡᠳᠬᠦᠨ ᠤ ᠥᠷᠲᠡᠭ 20 ᠳ᠋ᠦᠩᠰᠢᠭᠤᠷ ᠲᠥᠭᠦᠷᠢᠭ ᠲᠤ ᠬᠥᠷᠪᠡ᠃        ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠤᠯᠲᠠ ᠶᠢᠨ ᠣᠷᠣᠯᠭ᠎ᠠ 204.8 ᠳ᠋ᠦᠩᠰᠢᠭᠤᠷ ᠲᠥᠭᠦᠷᠢᠭ ᠲᠤ ᠬᠦᠷᠪᠡ᠃       —— ᠪᠢᠳᠡ ᠪᠦᠬᠦ ᠬᠦᠴᠦᠨ ᠢᠶᠠᠷ ᠢᠶᠠᠨ ᠠᠮᠢ ᠠᠬᠤᠢ ᠶᠢ ᠬᠠᠮᠠᠭᠠᠯᠠᠵᠤ᠂ ᠪᠣᠬᠢᠷᠲᠤᠯ ᠦᠭᠡᠢ ᠤᠤᠷ ᠦᠨᠳᠦᠰᠦ ᠶᠢ ᠢᠯᠡᠷᠡᠭᠦᠯᠦᠨ ᠲᠤᠪᠤᠶᠢᠯᠭᠠᠪᠠ᠃        78.5 ᠲᠦᠮᠡᠨ ᠮᠦ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠪᠡ       28.6 ᠲᠦᠮᠡᠨ ᠮᠦ ᠴᠦᠯᠯᠡᠷᠬᠡᠭᠵᠢᠯ ᠢ ᠵᠠᠰᠠᠪᠠ        650 ᠵᠤᠷᠪᠤᠰ ᠢᠳᠡᠭᠳᠡᠮᠡᠯ ᠭᠤᠤ ᠶᠢ ᠵᠠᠰᠠᠪᠡ        ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ 7 ᠵᠢᠯ ᠳᠠᠷᠠᠭᠠᠯᠠᠨ ᠪᠥᠬᠦ ᠣᠷᠣᠨ ᠳᠤ ᠲᠦᠷᠦᠬᠦᠯᠡᠪᠡ       3400 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠵᠣᠬᠢᠴᠠᠭᠤᠯᠤᠨ ᠲᠤᠬᠢᠷᠠᠭᠤᠯᠪᠠ       3497 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠪᠡ       4.9 ᠳ᠋ᠦᠩᠰᠢᠭᠤᠷ ᠲᠥᠭᠦᠷᠢᠭ ᠤᠨ ᠲᠤᠨᠤᠮᠠᠯ ᠪᠡᠯᠡ ᠮᠥᠩᠭᠦ ᠶᠢ ᠬᠤᠷᠢᠶᠠᠨ ᠠᠪᠴᠤ᠂14 ᠠᠵᠤ ᠠᠬᠤᠶᠢᠯᠠᠯ 4 ᠲᠦᠷᠦᠯ ᠵᠦᠢᠯ ᠤᠨ ᠠᠵᠢᠯ ᠢ ᠰᠡᠷᠭᠦᠭᠡᠪᠡ       —— ᠪᠢᠳᠡ ᠪᠦᠬᠦ ᠬᠦᠴᠦᠨ ᠢᠶᠠᠷ ᠢᠶᠠᠨ ᠴᠢᠳᠠᠯ ᠬᠤᠷᠠᠮᠳᠤᠭᠤᠯᠵᠤ᠂ ᠥᠭᠡᠷᠡᠴᠢᠯᠡᠯᠲᠡ ᠨᠡᠬᠡᠬᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃        ᠬᠦᠯᠦᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ︽ᠪᠣᠬᠢᠷᠲᠤᠯ ᠦᠭᠡᠢ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ        ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠦᠷᠦᠯ ᠲᠡᠮᠳᠡᠭᠲᠦ ᠶᠢᠨ ᠥᠷᠲᠡᠭ ᠨᠢ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠲᠤ ᠣᠷᠣᠪᠠ        ︽ᠳᠤᠮᠳᠠᠳᠤ ᠤᠯᠤᠰ ᠤᠨ ᠬᠦᠢᠲᠡᠨ ᠲᠦᠢᠯ︾ ᠤᠨ ᠬᠦᠢᠲᠡᠨ ᠡᠬᠢ ᠪᠠᠶᠠᠯᠢᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠠᠮᠵᠢᠯᠲᠠ ᠲᠠᠢ ᠪᠠᠶᠢᠭᠤᠯᠪᠠ        —— ᠪᠢᠳᠡ ᠪᠦᠬᠦ ᠬᠦᠴᠦᠨ ᠢᠶᠠᠷ ᠢᠶᠠᠨ ᠨᠢᠭᠡᠳᠦᠯᠲᠡᠢ ᠲᠦᠯᠦᠪᠯᠡᠬᠦ ᠶᠢ ᠠᠳᠬᠤᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃        ᠲᠦᠪ ᠬᠤᠲᠠ ᠲᠣᠭᠤᠷᠢᠭ ᠤᠨ ᠭᠤᠣᠯ ᠳᠡᠳ᠋ ᠵᠠᠮ ᠢ 23 ᠵᠤᠷᠪᠤᠰ ᠥᠭᠡᠷᠡᠴᠢᠯᠡᠨ ᠵᠠᠰᠠᠵᠤ᠂ ︽ᠮᠤᠬᠤᠷ ᠵᠠᠮ︾ ᠢ 15 ᠵᠤᠷᠪᠤᠰ ᠨᠡᠪᠲᠡᠷᠡᠭᠦᠯᠪᠡ       ᠡᠷᠦᠬᠡ ᠶᠢᠨ ᠠᠷᠢᠭᠤᠨ ᠴᠡᠪᠡᠷ ᠵᠣᠷᠯᠣᠩ ᠢ 8909 ᠰᠢᠨ᠎ᠡ ᠪᠠᠷ ᠪᠠᠶᠢᠭᠤᠯᠪᠠ        ᠴᠢᠴᠢᠬᠠᠷ — ᠬᠠᠶᠢᠯᠠᠷ ᠬᠦᠷᠬᠦ ᠳᠡᠭᠡᠳᠤ ᠬᠤᠷᠳᠤ ᠶᠢᠨ ᠳᠡᠮᠦᠷ ᠵᠠᠮ ᠤᠨ ᠲᠦᠷᠦᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠪᠠ︔        ᠮᠠᠯᠵᠢᠬᠤ ᠲᠠᠷᠢᠶᠠᠯᠠᠬᠤ ᠰᠢᠭᠤᠶᠢᠲᠤ ᠣᠷᠣᠨ ᠤ ᠵᠠᠰᠠᠮᠠᠯ ᠵᠠᠮ ᠢ 997 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠪᠠ       5G ᠰᠠᠭᠤᠷᠢ ᠥᠷᠲᠡᠭᠡ ᠶᠢ 1474 ᠪᠠ ᠪᠤᠶᠢᠳᠠ ᠪᠦᠭᠯᠡᠭᠦᠦ ᠭᠠᠵᠠᠷ ᠣᠷᠣᠨ ᠳᠤ 4G ᠰᠠᠭᠤᠷᠢ ᠥᠷᠲᠡᠭᠡ ᠶᠢ 524 ᠰᠢᠨ᠎ᠡ ᠪᠠᠷ ᠪᠠᠶᠢᠭᠤᠯᠪᠠ᠃       —— ᠪᠢᠳᠡ ᠪᠥᠬᠦ ᠬᠦᠴᠦᠨ ᠢᠶᠠᠷ ᠢᠶᠠᠨ ᠠᠷᠠᠳ ᠲᠤ ᠠᠰᠢᠭ ᠬᠦᠷᠲᠡᠭᠡᠵᠦ᠂ ᠨᠡᠶᠢᠭᠡᠮ ᠤᠨ ᠪᠠᠲᠤᠯᠠᠭ᠎ᠠ ᠨᠠᠩ ᠡᠷᠴᠢᠮᠵᠢᠪᠡ᠃       ᠬᠤᠲᠠ ᠪᠠᠯᠭᠠᠰᠤᠨ ᠤ 1.22 ᠲᠦᠮᠡᠨ ᠬᠦᠮᠦᠨ ᠳᠤ ᠰᠢᠨ᠎ᠡ ᠪᠠᠷ ᠠᠵᠢᠯ ᠤᠯᠭᠤᠪᠠ       ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠲᠣᠰ ᠲᠣᠰ ᠬᠦᠮᠦᠨ ᠪᠦᠷᠢ ᠰᠠᠷ᠎ᠠ ᠳᠤ 775 ᠲᠥᠭᠦᠷᠢᠭ᠂ ᠬᠦᠮᠦᠨ ᠪᠦᠷᠢ ᠵᠢᠯ ᠳᠤ 7644 ᠲᠥᠭᠦᠷᠢᠭ ᠲᠤ ᠬᠦᠷᠪᠡ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ