2023 ᠤᠨ ᠤ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠦᠰᠦᠭᠲᠦ ᠲᠠᠶᠢᠯᠤᠮᠵᠢ ︵ᠳᠦᠷᠪᠡ︶
ᠨᠡᠶᠢᠲᠡᠯᠡᠭᠰᠡᠨ ᠴᠠᠭ᠄
2023/3/2
       ︵ᠲᠠᠪᠤ︶ ᠰᠢᠰᠲ᠋ᠧᠮ ᠲᠠᠢ ᠵᠠᠰᠠᠯᠲᠠ ᠬᠢᠵᠦ ᠡᠷᠴᠢᠮᠵᠢᠭᠦᠯᠦᠯᠲᠡ ᠶᠢ ᠠᠳᠬᠤᠵᠤ᠂ ᠠᠭᠤᠯᠤᠭᠳᠠᠬᠤᠨ ᠤ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ ᠦᠷᠭᠦᠯᠵᠢᠯᠡᠨ ᠡᠭᠦᠳᠦᠨ᠎ᠡ᠃        ᠨᠢᠭᠡ ᠳᠤ ᠠᠵᠤ ᠦᠢᠯᠡᠰ ᠤᠨ ᠬᠡᠯᠬᠢᠶᠡᠰᠦᠯᠡᠯ ᠮᠠᠶ᠋ᠢᠭ ᠤᠨ ᠬᠥᠭᠵᠢᠯᠲᠡ ᠶᠢ ᠲᠦᠷᠭᠡᠳᠬᠡᠨ᠎ᠡ᠃        ᠬᠤᠶᠠᠷ ᠲᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠠᠬᠢᠭᠤᠯᠤᠨ᠎ᠠ᠃       ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 3700 ᠮᠥ ᠭᠠᠵᠠᠷ ᠰᠢᠷᠣᠶ ᠶᠢ ᠵᠤᠬᠢᠴᠠᠭᠤᠯᠤᠨ ᠲᠤᠬᠢᠷᠠᠭᠤᠯᠬᠤ ᠪᠠ ᠰᠤᠯᠠ ᠪᠠᠶᠢᠭ᠎ᠠ 1500 ᠮᠥ ᠭᠠᠵᠠᠷ ᠰᠢᠷᠣᠶ ᠶᠢ ᠰᠢᠢᠳᠪᠦᠷᠢᠯᠡᠬᠦ ᠪᠠᠷ ᠴᠢᠷᠮᠠᠶᠢᠨ᠎ᠠ︔        ᠪᠤᠢ ᠪᠦᠬᠦᠢ ︽ᠬᠠᠭᠠᠰ ᠳᠤᠲᠠᠭᠤ︾ ᠢᠨᠵᠧᠨᠧᠷᠢᠩ ᠤᠨ ᠳ᠋ᠤᠭᠠᠷ ᠢ ᠬᠠᠰᠤᠵᠤ ᠭᠦᠢᠯᠭᠡᠭᠡᠨ ᠲᠠᠢ ᠪᠤᠯᠭᠠᠨ᠎ᠠ᠃        ᠭᠤᠷᠪᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃        2.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 15 ᠬᠠᠮᠠᠭᠠᠯᠠᠵᠤ ᠵᠠᠰᠠᠬᠤ ᠲᠥᠷᠥᠯ ᠵᠦᠢᠯ ᠤᠨ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔          450 ᠢᠳᠡᠭᠳᠡᠮᠡᠯ ᠭᠤᠤ ᠶᠢ ᠵᠠᠰᠠᠨ᠎ᠠ︔        ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ᠃       ︵ᠵᠢᠷᠭᠤᠭ᠎ᠠ︶ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠨ᠎ᠡ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃        ᠨᠢᠭᠡ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃         ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ 9000 ᠲᠦᠮᠡᠨ ᠲᠥᠭᠦᠷᠢᠭ ᠠᠴᠠ ᠳᠡᠭᠡᠭᠰᠢ ᠲᠠᠷᠬᠠᠭᠠᠨ᠎ᠠ᠃        ᠬᠤᠶᠠᠷ ᠲᠤ ᠤᠯᠠᠨ ᠲᠡᠰ ᠳᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠬᠦᠯᠦᠨ᠎ᠡ᠃         ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 1550 ᠡᠷᠦᠬᠡ ᠶᠢ ᠦᠲᠡᠭᠦᠰ ᠲᠤ ᠲᠤᠬᠢᠷᠠᠭᠤᠯᠬᠤ ᠪᠠᠷ ᠦᠭᠡᠷᠡᠴᠢᠯᠡᠨ ᠰᠢᠨᠡᠳᠬᠡᠨ᠎ᠡ︔        ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ 53᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 143 ᠰᠢᠨ᠎ᠡ ᠪᠠᠷ ᠪᠠᠶᠢᠭᠤᠯᠤᠨ᠎ᠠ︔        ᠭᠤᠷᠪᠠ ᠳᠤ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃        ᠬᠡᠦᠬᠡᠳ ᠤᠨ ᠴᠡᠴᠡᠷᠯᠢᠭ ᠢ 18 ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠬᠡᠤᠬᠡᠳ ᠤᠨ ᠣᠷᠤᠨ ᠲᠤᠭ᠎ᠠ ᠶᠢ 1336 ᠰᠢᠨ᠎ᠡ ᠪᠠᠷ ᠨᠡᠮᠡᠭᠳᠡᠭᠦᠯᠦᠨ᠎ᠡ︔         ᠳᠤᠮᠳᠠᠳᠤ ᠪᠠᠭ᠎ᠠ ᠰᠤᠷᠭᠠᠭᠤᠯᠢ ᠶᠢ 64 ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠰᠢᠨᠡᠳᠬᠡᠵᠦ ᠦᠷᠭᠡᠳᠬᠡᠨ ᠪᠠᠶᠢᠭᠤᠯᠵᠤ᠂ ᠰᠤᠷᠤᠭᠴᠢᠳ ᠤᠨ ᠣᠷᠤᠨ ᠲᠤᠭ᠎ᠠ ᠶᠢ 5150 ᠰᠢᠨ᠎ᠡ ᠪᠠᠷ ᠨᠡᠮᠡᠭᠳᠡᠬᠦᠯᠦᠨ᠎ᠡ︔        ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠬᠦ ᠰᠢᠶᠠᠨ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ︔        ᠳᠥᠷᠪᠡ ᠳᠤ ᠡᠷᠡᠭᠦᠯ ᠡᠩᠬᠡ ᠬᠥᠯᠥᠨ ᠪᠦᠢᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃        ᠬᠦᠨᠳᠦ ᠡᠪᠡᠳᠴᠢᠲᠡᠨ ᠤ ᠣᠷᠣ 44᠂ ᠰᠢᠯᠵᠢᠭᠦᠯᠵᠦ ᠪᠣᠯᠬᠤ ᠬᠦᠨᠳᠦ ᠡᠪᠡᠳᠴᠢᠲᠡᠨ ᠤ ᠣᠷᠣ ᠶᠢ 238 ᠰᠢᠨ᠎ᠡ ᠪᠠᠷ ᠨᠡᠮᠡᠭᠳᠡᠬᠦᠯᠦᠨ᠎ᠡ︔        ᠪᠡᠭᠡᠵᠢᠩ ᠥᠪᠥᠷ ᠮᠣᠩᠭᠤᠯ ᠤᠨ ᠬᠤᠷᠰᠢᠭᠰᠠᠨ ᠡᠮᠨᠡᠯᠭᠡ ᠶᠢᠨ ᠬᠤᠷᠢᠶ᠎ᠠ 3᠂ ᠭᠤᠷᠪᠠᠳᠤᠭᠠᠷ ᠳᠡᠰ ᠤᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 4 ᠪᠠᠶᠢᠭᠤᠯᠤᠨ᠎ᠠ︔         ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠯᠲᠡ ᠶᠢᠨ ᠨᠣᠷᠮ᠎ᠠ ᠶᠢ 51% ᠳᠤ ᠬᠦᠷᠭᠡᠨ᠎ᠡ︔        ᠲᠠᠪᠤ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃         ᠪᠡᠶ᠎ᠡ ᠶᠢᠨ ᠲᠠᠮᠢᠷ ᠤᠨ ᠴᠡᠴᠡᠷᠯᠢᠭ 2᠂ ᠲᠡᠰᠢᠯᠲᠡ ᠶᠢᠨ ᠲᠠᠯᠠᠪᠠᠢ 9᠂ ᠮᠦᠰᠦᠨ ᠳᠤ ᠭᠤᠯᠭᠤᠬᠤ ᠲᠠᠯᠠᠪᠠᠢ 1 ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠤᠨ᠎ᠠ᠃        ᠵᠢᠷᠭᠤᠭ᠎ᠠ ᠳᠤ ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ᠎ᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ