︽ᠪᠠᠷᠭᠤ ᠶᠢᠨ ᠰᠣᠳᠣᠨ ᠦᠷᠡᠰ︾ — ᠬᠠᠰᠤᠩᠭᠤᠸ᠎ᠠ ᠶᠢᠨ ᠪᠠᠭ᠋ᠠᠷᠤᠮ᠎ᠠ ᠦᠢᠯᠡᠰ
ᠨᠡᠶᠢᠲᠡᠯᠡᠭᠰᠡᠨ ᠴᠠᠭ᠄
2023/4/25
       — ᠠᠵᠢᠯ ᠠᠴᠠ ᠪᠠᠨ ᠠᠮᠠᠷᠠᠭᠰᠠᠨ ᠳᠡᠳ᠋ ᠫᠷᠣᠹᠧᠰᠰᠣᠷ ᠡᠮᠴᠢ᠂ ᠠᠬᠠᠮᠠᠳ ᠡᠪ ᠬᠠᠮᠲᠦ ᠨᠠᠮ ᠤᠨ ᠰᠢᠯᠢᠳᠡᠭ ᠭᠡᠰᠢᠭᠦᠨ ᠬᠠᠰᠤᠩᠭᠤᠸ᠎ᠠ ᠶᠢᠨ ᠦᠢᠯᠡᠰ ᠤᠨ ᠭᠢᠯᠪᠠᠭ᠎ᠠ ᠠᠴᠠ ᠲᠡᠮᠳᠡᠭᠯᠡᠪᠡ ᠨᠠᠷᠠᠰᠤ ᠵᠤᠬᠢᠶᠠᠪᠠ       ᠡᠩᠬᠡ ᠶᠢᠨ ᠡᠯᠴᠢ ︽ᠪᠠᠷᠭᠤ ᠶᠢᠨ ᠰᠣᠳᠣᠨ ᠦᠷᠡᠰ︾ ᠬᠡᠮᠡᠬᠦ ᠨᠣᠮ ᠤᠨ ᠵᠣᠬᠢᠶᠠᠭᠴᠢ ᠬᠠᠰᠤᠩᠭᠤᠸ᠎ᠠ 1956 ᠣᠨ ᠳᠤ᠂ ᠬᠦᠯᠦᠨ ᠪᠦᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠭᠦᠢᠴᠡᠯᠢᠭ ᠬᠠᠯᠠ ᠲᠠᠢ ᠴᠦᠢᠩᠬᠤᠷ ᠪᠤᠯᠤᠨ ᠪᠠᠳᠠᠢ ᠶᠢᠨ ᠲᠠᠪᠤᠳᠤᠭᠠᠷ ᠬᠡᠦᠬᠡᠨ ᠨᠢ ᠪᠣᠯᠵᠤ ᠠᠯᠲᠠᠨ ᠬᠤᠷᠸ᠎ᠠ ᠳᠤ ᠠᠶᠠᠯᠭᠤ ᠲᠠᠢ ᠵᠠᠶᠠᠭᠠᠭᠠᠳ᠂ ᠠᠪᠤ ᠡᠵᠢ ᠪᠤᠯᠤᠨ ᠠᠴᠢᠲᠦ ᠪᠠᠭᠰᠢ ᠨᠠᠷ ᠤᠨ ᠢᠶᠠᠨ ᠬᠠᠶᠢᠷ᠎ᠠ ᠬᠦᠮᠦᠵᠢᠯ ᠢᠶᠠᠷ ᠪᠠᠭ᠎ᠠ ᠪᠠᠯᠴᠢᠷ ᠠᠴᠠ ᠪᠠᠨ ᠪᠠᠭ᠋ᠠᠲᠠᠢ ᠰᠢᠮᠡᠲᠡᠢ ᠰᠤᠷᠤᠯᠴᠠᠨ᠂ ᠲᠤᠮᠤ ᠪᠣᠯᠬᠤ ᠲᠤᠰᠤᠮ ᠢᠶᠠᠨ ᠠᠯᠬᠤᠮ ᠪᠦᠷᠢ ᠳᠤ ᠪᠠᠨ ᠠᠯᠤᠰ ᠤᠨ ᠬᠦᠰᠡᠯ ᠢ ᠡᠪᠦᠷᠯᠡᠨ᠂ ᠠᠵᠢᠯ ᠰᠤᠷᠤᠯᠭ᠎ᠠ ᠳᠤ ᠪᠠᠨ ᠠᠮᠢ ᠲᠡᠮᠡᠴᠡᠨ ᠴᠢᠷᠮᠠᠶᠢᠬᠤ ᠰᠢᠷᠭᠠᠭᠤ ᠬᠠᠲᠠᠭᠤ ᠵᠢᠳᠬᠦᠯ ᠲᠠᠢ᠂ ᠨᠡᠷ᠎ᠡ ᠪᠠᠨ ᠴᠠᠭᠠᠰᠤᠨ ᠳᠤ ᠳᠤᠷᠠᠶᠢᠯᠭᠠᠨ᠂ ᠨᠢᠳᠡᠷ ᠢᠶᠠᠨ ᠨᠠᠶᠢᠭᠡᠮ ᠳᠤ ᠳᠠᠭᠤᠷᠢᠰᠤᠭᠤᠯᠤᠭᠰᠠᠨ ᠬᠦᠮᠦᠨ ᠪᠣᠯᠵᠤ ᠰᠢᠯᠭᠠᠷᠠᠵᠠᠢ᠃       ᠳᠡᠭᠡᠷ᠎ᠡ ᠵᠠᠭᠤᠨ ᠤ ᠳᠠᠯᠠᠭᠠᠳ ᠣᠨ ᠳᠤ᠂ ᠲᠥᠷᠦ ᠶᠢᠨ ᠪᠣᠳᠤᠯᠭ᠎ᠠ ᠶᠢᠨ ᠠᠭᠤᠤ ᠢᠪᠡᠭᠡᠯ ᠢᠶᠠᠷ ᠰᠤᠷᠬᠤ ᠳᠤ ᠪᠠᠬ᠎ᠠ ᠲᠠᠢ ᠬᠠᠰᠤᠩᠭᠤᠸ᠎ᠠ ᠰᠤᠷᠤᠯᠴᠠᠬᠤ ᠵᠠᠪᠰᠢᠶᠠᠨ ᠢ ᠳᠠᠬᠢᠨ ᠤᠯᠳᠠᠭᠰᠠᠨ ᠳᠤ ᠪᠠᠨ ᠰᠢᠨ᠎ᠡ ᠨᠢᠭᠡᠨ ᠠᠮᠢ ᠨᠠᠰᠤ ᠤᠯᠤᠭᠰᠠᠨ ᠮᠡᠳᠦ ᠪᠠᠶᠠᠰᠤᠨ ᠲᠤᠭᠳᠤᠯᠵᠦ᠂ ᠬᠡᠳᠦᠨ ᠵᠢᠯ ᠤᠨ ᠲᠤᠷᠰᠢ ᠰᠢᠷᠭᠠᠭᠤ ᠴᠢᠷᠮᠠᠶᠢᠯᠭ᠎ᠠ ᠲᠠᠢ ᠰᠢᠮᠳᠡᠨ ᠰᠤᠷᠤᠯᠴᠠᠵᠤ᠂ ᠡᠮᠴᠢ ᠶᠢᠨ ᠮᠡᠷᠭᠡᠵᠢᠯ ᠢ ᠡᠷᠴᠢᠮ ᠲᠠᠢ ᠰᠠᠶᠢᠲᠤᠷ ᠡᠵᠡᠮᠰᠢᠭᠡᠳ᠂ 1979 ᠣᠨ ᠤ ᠡᠪᠤᠯ ᠬᠦᠯᠦᠨ ᠪᠦᠢᠷ ᠤᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠡᠮᠴᠢ ᠶᠢᠨ ᠠᠩᠬᠢ ᠶᠢ ᠰᠢᠯᠢᠳᠡᠭ ᠪᠦᠲᠦᠮᠵᠢ ᠲᠠᠢ ᠲᠡᠭᠦᠰᠭᠡᠵᠤ᠂ ᠬᠡᠭᠦᠳᠡᠭ ᠳᠦᠭᠦᠷᠡᠩ ᠤᠮᠤᠭ ᠲᠠᠢ᠂ ᠭᠠᠨᠵᠤᠭ᠎ᠠ ᠳᠦᠭᠦᠷᠡᠩ ᠣᠯᠵᠠ ᠲᠠᠢ᠂ ᠲᠦᠷᠦᠭᠰᠡᠨ ᠨᠤᠲᠤᠭ ᠤᠰᠤᠨ ᠳᠤ ᠪᠠᠨ ᠪᠤᠴᠠᠨ ᠢᠷᠡᠵᠤ᠂ ᠬᠢᠯᠢ ᠬᠢᠵᠠᠭᠠᠷ ᠤᠷᠤᠨ ᠤ ᠪᠠᠨ ᠡᠮ ᠡᠮᠨᠡᠯᠭᠡ ᠶᠢᠨ ᠠᠷᠢᠭᠤᠨ ᠦᠢᠯᠡᠰ ᠲᠤ ᠬᠦᠴᠦᠨ ᠵᠢᠳᠬᠦᠯ ᠢᠶᠠᠨ ᠡᠷᠬᠦᠵᠦ ᠡᠬᠢᠯᠡᠭᠰᠡᠨ ᠪᠢᠯᠡ᠃ ᠲᠡᠷᠡ ᠪᠠᠷ ᠳᠥᠴᠢ ᠭᠠᠷᠤᠢ ᠵᠢᠯ ᠴᠦᠬᠦᠷᠡᠯ ᠦᠭᠡᠢ ᠠᠶᠠᠯᠠᠨ᠂ ᠯᠤᠲᠤ ᠶᠡᠭᠡ ᠵᠢᠳᠬᠦᠯ ᠭᠠᠷᠭᠠᠨ ᠲᠤᠩ ᠤᠯᠠᠨ ᠭᠠᠪᠢᠶ᠎ᠠ ᠲᠡᠮᠳᠡᠭᠯᠡᠵᠡᠢ᠃ ᠬᠠᠰᠤᠩᠭᠤᠸ᠎ᠠ ᠰᠢᠨ᠎ᠡ ᠪᠠᠷᠭᠤ ᠵᠡᠭᠦᠨ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠳᠤ ᠳᠥᠴᠢ ᠭᠠᠷᠤᠢ ᠵᠢᠯ ᠤᠨ ᠬᠤᠯᠠ ᠶᠢᠨ ᠠᠶᠠᠨ ᠳᠤ ᠪᠠᠨ ᠬᠠᠯᠠᠰᠢᠷᠠᠯ ᠦᠭᠡᠢ ᠴᠢᠷᠮᠠᠶᠢᠨ᠂ ᠮᠤᠩᠭᠤᠯ ᠡᠮᠨᠡᠯᠭᠡ ᠶᠢᠨ ᠬᠤᠷᠢᠶᠠᠨ ᠤ ᠭᠤᠤᠯᠯᠠᠭᠴᠢ ᠡᠮᠴᠢ᠂ ᠳᠡᠳ᠋ ᠬᠤᠷᠢᠶᠠᠨ ᠳᠠᠷᠤᠭ᠎ᠠ᠂ ᠨᠠᠮ ᠤᠨ ᠡᠭᠦᠷ ᠤᠨ ᠱᠦᠵᠢ ᠪᠠᠷ ᠤᠯᠠᠨ ᠵᠢᠯ ᠴᠤᠴᠠᠯᠲᠠ ᠦᠭᠡᠢ ᠠᠵᠢᠯᠯᠠᠭᠰᠠᠨ ᠶᠤᠮ᠃ ᠬᠤᠵᠢᠮ ᠨᠢ ᠳᠡᠳ᠋ ᠫᠷᠤᠹᠧᠰᠰᠤᠷ ᠡᠮᠴᠢ ᠶᠢᠨ ᠴᠤᠯᠠ ᠬᠠᠮᠠᠭᠠᠯᠠᠭᠰᠠᠨ ᠪᠢᠯᠡ᠃       ᠬᠠᠰᠤᠩᠭᠤᠸ᠎ᠠ 1988 ᠣᠨ ᠳᠤ ᠦᠪᠦᠷ ᠮᠤᠩᠭᠤᠯ ᠤᠨ ᠡᠷᠡᠭᠦᠯ ᠬᠠᠮᠠᠭᠠᠯᠠᠯ ᠤᠨ ᠬᠢᠲᠠᠳ ᠮᠤᠩᠭᠤᠯ ᠡᠮᠨᠡᠯᠭᠡ ᠶᠢᠨ ᠬᠤᠷᠢᠶᠠᠨ ᠳᠤ ᠳᠠᠪᠲᠠᠨ ᠪᠤᠯᠪᠠᠰᠤᠷᠠᠭᠳᠠᠵᠦ᠂ ᠤᠳᠤᠬᠢᠴᠢᠯᠠᠭᠰᠠᠨ ᠠᠨᠠᠭᠠᠬᠤ ᠤᠬᠠᠭᠠᠨ ᠢ ᠰᠤᠷᠤᠯᠴᠠᠨ ᠰᠤᠳᠤᠯᠬᠤ ᠪᠠᠷ ᠳᠠᠮᠵᠢᠨ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠥᠭᠦᠯᠡᠯ ᠤᠨ ᠱᠠᠩᠨᠠᠯ ᠢ ᠲᠤᠰᠤᠭᠰᠠᠨ ᠪᠠᠶᠢᠨ᠎ᠠ᠃ ᠮᠦᠨ ᠬᠦ ᠦᠪᠦᠷ ᠮᠤᠩᠭᠤᠯ ᠤᠨ ᠡᠷᠡᠭᠦᠯ ᠬᠠᠮᠠᠭᠠᠯᠠᠯ ᠤᠨ ᠲᠢᠩᠬᠢᠮ ᠠᠴᠠ ᠡᠷᠬᠢᠯᠡᠭᠰᠡᠨ ᠡᠮᠴᠢ ᠶᠢᠨ ᠶᠡᠭᠡ ᠠᠩᠬᠢ ᠳᠤ ᠰᠤᠷᠤᠯᠴᠠᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠦᠨᠡᠮᠯᠡᠯ ᠢ ᠭᠠᠷᠳᠠᠵᠠᠢ᠃ ᠬᠤᠵᠢᠮ ᠨᠢ ᠲᠡᠷᠡ ᠮᠤᠩᠭᠤᠯ ᠡᠮ ᠡᠮᠨᠡᠯᠭᠡ᠂ ᠡᠷᠳᠡᠮ ᠰᠢᠨᠵᠢᠯᠡᠭᠡᠨ ᠤ ᠦᠪᠯᠡᠭᠴᠢ ᠪᠠᠷ ᠦᠨᠡᠯᠡᠭᠳᠡᠵᠡᠢ᠃ ᠬᠠᠰᠤᠩᠭᠤᠸ᠎ᠠ ᠡᠮᠴᠢ ᠪᠠᠰᠠ ᠨᠤᠳᠤᠭ ᠤᠷᠤᠨ ᠳᠤ ᠪᠠᠨ ᠵᠤᠬᠢᠶᠠᠯᠴᠢ ᠡᠮᠴᠢ ᠶᠢᠨ ᠠᠯᠳᠠᠷ ᠴᠤᠤ ᠲᠠᠢ ᠪᠢᠯᠡ᠃ ᠡᠮᠴᠢ ᠶᠢᠨ ᠠᠵᠢᠯ ᠳᠤ ᠪᠠᠨ ᠴᠠᠭᠠᠷᠠᠭᠰᠠᠨ ᠢᠶᠠᠷ ᠦᠯᠦ ᠪᠠᠷᠠᠮ ᠡᠷᠬᠢᠯᠡᠭᠰᠡᠨ ᠠᠵᠢᠯ ᠤᠨ ᠢᠶᠠᠨ ᠴᠢᠯᠦᠭᠡ ᠵᠠᠪ ᠢᠶᠠᠷ ᠢᠶᠠᠨ ᠤᠳᠬ᠎ᠠ ᠤᠷᠠᠯᠢᠭ᠂ ᠤᠷᠠᠨ ᠵᠤᠬᠢᠶᠠᠯ ᠳᠤ ᠳᠤᠷ᠎ᠠ ᠪᠠᠬ᠎ᠠ ᠲᠠᠢ ᠪᠠᠶᠢᠵᠤ᠂ ᠪᠠᠭ᠎ᠠ ᠯᠡ ᠲᠠᠰᠢᠷᠠᠮ ᠲᠠᠭᠠᠷᠠᠵᠤ ᠵᠡᠪᠰᠢᠶᠠᠨ ᠣᠯᠳᠠᠮᠠᠭᠴᠠ᠂ ᠪᠢᠷ ᠬᠦᠳᠡᠯᠭᠡᠨ ᠪᠢᠰᠢᠭᠦᠢ ᠤᠯᠠᠨ ᠮᠡᠳᠡᠭᠡᠯᠡᠯ ᠴᠢᠮᠡᠭᠡᠯᠡᠯ᠂ ᠨᠠᠶᠢᠷᠠᠭᠤᠯᠤᠯ ᠥᠭᠦᠯᠡᠯᠭᠡ᠂ ᠰᠢᠯᠦᠭ ᠳᠠᠭᠤᠯᠠᠯ᠂ ᠳᠠᠭᠤᠤ ᠶᠢᠨ ᠦᠭᠡ ᠁ ᠵᠡᠷᠭᠡ ᠶᠢ ᠤᠷᠠᠨ ᠭᠤᠶᠢᠳᠠ ᠵᠤᠬᠢᠶᠠᠨ ᠪᠦᠲᠦᠭᠡᠵᠤ᠂ ᠬᠤᠲᠠ ᠤᠷᠤᠨ ᠤ ᠰᠤᠨᠢᠨ ᠰᠡᠳᠭᠦᠯ᠂ ᠷᠠᠳᠢᠣ᠋ ᠨᠡᠪᠲᠡᠷᠡᠭᠦᠯᠭᠡ ᠳᠤ ᠦᠷᠭᠦᠯᠵᠢ ᠶᠢᠨ ᠴᠢᠨᠠᠷ ᠲᠠᠢ ᠨᠡᠶᠢᠳᠡᠯᠡᠬᠦᠯᠦᠭᠰᠡᠭᠡᠷ ᠢᠷᠡᠪᠡ᠃ ᠲᠤᠬᠠᠶᠢᠯᠠᠪᠠᠯ᠄ ︽ᠬᠦᠯᠦᠨ ᠪᠤᠶᠢᠷ︾ ︽ᠰᠢᠷᠠᠮᠦᠷᠡᠨ︾ ᠰᠡᠳᠭᠦᠯ ᠪᠠ ︽ᠲᠤᠯᠭ᠎ᠠ ᠶᠢᠨ ᠭᠤᠷᠪᠠᠨ ᠴᠢᠯᠠᠭᠤ︾ ︽ᠰᠣᠳᠣᠨ ᠮᠠᠯᠴᠢᠳ ᠤᠨ ᠴᠢᠭᠤᠯᠭᠠᠨ︾ ︽ᠵᠠᠯᠠᠭᠤ ᠰᠢᠯᠦᠭᠴᠢᠳ ᠤᠨ ᠠᠯᠳᠠᠷ︾ ᠵᠡᠷᠭᠡ ᠨᠣᠮ ᠲᠡᠪᠲᠡᠷ ᠤᠳ ᠲᠤ ᠦᠪᠡᠷ ᠤᠨ ᠭᠡᠰᠡᠨ ᠤᠷᠤᠨ ᠪᠠᠶᠢᠷᠢ ᠲᠠᠢ ᠪᠦᠲᠦᠭᠡᠯ ᠤᠳ ᠢᠶᠠᠨ ᠭᠢᠯᠠᠯᠵᠠᠭᠤᠯᠵᠤ ᠶᠠᠪᠤᠭᠰᠠᠨ ᠰᠤᠳᠤᠨ ᠴᠢᠳᠠᠪᠤᠷᠢᠳᠠᠨ ᠪᠢᠯᠡ᠃ ᠲᠡᠷᠡ ᠪᠠᠰᠠ ᠥᠩᠭᠡᠷᠡᠭᠰᠡᠨ ᠳᠤ ︽ᠦᠪᠦᠷ ᠮᠤᠩᠭᠤᠯ ᠤᠨ ᠡᠳᠦᠷ ᠤᠨ ᠰᠣᠨᠢᠨ︾ ᠪᠤᠯᠤᠨ ︽ᠬᠦᠯᠦᠨ ᠪᠤᠶᠢᠷ ᠤᠨ ᠡᠳᠦᠷ ᠤᠨ ᠰᠤᠨᠢᠨ︾ ᠤ ᠣᠨᠴᠠ ᠤᠷᠢᠭᠰᠠᠨ ᠰᠣᠷᠪᠤᠯᠵᠢᠯᠠᠭᠴᠢ᠂ ᠣᠨᠴᠠ ᠤᠷᠢᠭᠰᠠᠨ ᠴᠢᠮᠡᠭᠡᠯᠡᠭᠴᠢ ᠪᠠᠷ ᠠᠵᠢᠯᠯᠠᠵᠦ᠂ ᠮᠠᠰᠢ ᠤᠯᠠᠨ ᠮᠡᠳᠡᠭᠡ ᠴᠢᠮᠡᠭᠡᠯᠡᠯ ᠢ ᠰᠤᠨᠢᠨ ᠳᠤ ᠨᠡᠶᠢᠲᠡᠯᠡᠭᠦᠯᠵᠦ᠂ ᠲᠤᠬᠠᠢ ᠶᠢᠨ ᠭᠠᠵᠠᠷ ᠤᠷᠤᠨ ᠤ ᠪᠠᠨ ᠰᠤᠷᠳᠠᠯ ᠤᠬᠠᠭᠤᠯᠭ᠎ᠠ ᠶᠢᠨ ᠦᠢᠯᠡᠰ ᠲᠤ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠵᠡᠢ᠃ ᠡᠶᠢᠨ ᠬᠦ ᠠᠵᠢᠯ ᠤᠨ ᠢᠶᠠᠨ ᠴᠢᠯᠦᠭᠡᠨ ᠳᠤ ᠪᠠᠨ ᠬᠤᠵᠢᠮ ᠨᠢ ᠪᠠᠰᠠ ︽ᠪᠠᠷᠭᠤ ᠶᠢᠨ ᠰᠣᠳᠣᠨ ᠦᠷᠡᠰ︾ ᠬᠡᠮᠡᠬᠦ ᠨᠣᠮ ᠢᠶᠠᠨ ︽ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ︾ ︵2014 ᠤᠨ︶ ᠳᠤ ᠬᠡᠪᠯᠡᠭᠦᠯᠦᠭᠡᠳ᠂ ᠦᠷᠭᠡᠨ ᠣᠯᠠᠨ ᠤᠩᠰᠢᠭᠴᠢᠳ ᠤᠨ ᠦᠨᠳᠦᠷ ᠦᠨᠡᠯᠡᠯᠲᠡ ᠶᠢ ᠤᠯᠤᠭᠰᠠᠨ ᠨᠢ ᠲᠡᠭᠦᠨ ᠤ ᠪᠠᠰᠠ ᠨᠢᠭᠡᠨ ᠪᠢᠰᠢᠷᠡᠬᠦᠰᠢᠲᠡᠢ ᠠᠮᠵᠢᠯᠲᠠ ᠶᠢᠨ ᠨᠢᠭᠡ ᠪᠢᠯᠡ᠃       ᠬᠠᠨᠴᠤᠢ ᠰᠢᠮᠠᠯᠠᠨ ᠬᠠᠲᠠᠭᠤᠵᠢᠯᠲᠠᠢ ᠠᠵᠢᠯᠯᠠᠳᠠᠭ ᠬᠠᠰᠤᠩᠭᠤᠸ᠎ᠠ ᠡᠮᠴᠢ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠴᠠᠭ ᠦᠷᠭᠦᠯᠵᠢ ᠴᠢᠩᠭ᠎ᠠ ᠵᠢᠷᠤᠮᠯᠠᠨ᠂ ᠪᠡᠶ᠎ᠡ ᠪᠠᠷ ᠢᠶᠠᠨ ᠬᠡᠪ ᠳᠦᠷᠢᠮ ᠪᠤᠯᠤᠨ ᠠᠵᠢᠯᠯᠠᠳᠠᠭ ᠠᠴᠠ ᠨᠠᠮ ᠵᠠᠰᠠᠭ ᠬᠢᠭᠡᠳ ᠠᠷᠠᠳ ᠤᠯᠠᠨ ᠤ ᠢᠲᠡᠭᠡᠯ ᠬᠦᠨᠳᠦ ᠶᠢ ᠬᠦᠷᠲᠡᠭᠰᠡᠭᠡᠷ ᠢᠷᠡᠵᠠᠢ᠃ ᠲᠡᠶᠢᠮᠦ ᠠᠴᠠ ᠤᠷᠢᠳ ᠬᠤᠵᠢᠳ ᠬᠤᠰᠢᠭᠤ ᠱᠠᠲᠤᠨ ᠤ ᠠᠷᠠᠳ ᠤᠨ ᠲᠦᠯᠦᠭᠡᠯᠡᠭᠴᠢ ᠪᠠᠷ 3 ᠤᠳᠠᠭ᠎ᠠ᠂ ᠨᠠᠮ ᠤᠨ ᠲᠦᠯᠦᠭᠡᠯᠡᠭᠴᠢ ᠪᠠᠷ 5 ᠤᠳᠠᠭ᠎ᠠ᠂ ᠬᠤᠰᠢᠭᠤ᠂ ᠠᠶᠢᠮᠠᠭ ᠤᠨ ᠱᠠᠲᠤᠨ ᠤ ᠤᠯᠤᠰ ᠲᠥᠷᠦ ᠶᠢᠨ ᠵᠦᠪᠯᠡᠯᠭᠡᠨ ᠤ ᠭᠡᠰᠢᠭᠦᠨ ᠢᠶᠠᠷ 8 ᠤᠳᠠᠭ᠎ᠠ ᠲᠤᠰ ᠲᠤᠰ ᠰᠤᠩᠭᠤᠭᠳᠠᠨ ᠤᠷᠤᠯᠴᠠᠵᠤ ᠥᠩᠭᠡᠷᠡᠵᠠᠢ᠃ ᠲᠡᠷᠡ ᠪᠠᠰᠠ ᠬᠦᠯᠦᠨ ᠪᠤᠶᠢᠷ ᠬᠤᠲᠠ ᠶᠢᠨ ᠡᠮ ᠡᠮᠨᠡᠯᠭᠡ ᠶᠢᠨ ᠨᠡᠶᠢᠭᠡᠮᠯᠢᠭ ᠤᠨ ᠭᠡᠰᠢᠭᠦᠨ᠂ ᠬᠦᠯᠦᠨ ᠪᠤᠶᠢᠷ ᠬᠤᠲᠠ ᠶᠢᠨ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ᠰᠢᠨ᠎ᠡ ᠪᠠᠷᠭᠤ ᠵᠡᠭᠦᠨ ᠬᠤᠰᠢᠭᠤᠨ ᠤ ᠨᠤᠮᠤ ᠰᠤᠮᠤᠨ ᠤ ᠨᠡᠶᠢᠭᠡᠮᠯᠢᠭ ᠤᠨ ᠭᠡᠰᠢᠭᠦᠨ᠂ ᠬᠦᠯᠦᠨ ᠪᠤᠶᠢᠷ ᠬᠤᠲᠠ ᠶᠢᠨ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠬᠤᠷᠠᠯ ᠤᠨ ᠭᠡᠰᠢᠭᠦᠨ ᠁ ᠵᠡᠷᠭᠡ ᠠᠯᠢ ᠤᠯᠠᠨ ᠢᠷᠠᠭᠤ ᠠᠯᠳᠠᠷ ᠪᠠ ᠨᠡᠶᠢᠬᠡᠮ ᠤᠨ ᠡᠬᠦᠷᠭᠡ ᠶᠢ ᠬᠠᠷᠢᠭᠤᠴᠠᠵᠦ᠂ ᠠᠷᠠᠳ ᠤᠯᠠᠨ ᠤ ᠳᠤᠮᠳᠠ ᠭᠦᠨ ᠵᠤᠵᠠᠭᠠᠨ ᠬᠦᠷᠢᠶᠡᠯᠡᠯ ᠲᠠᠢ ᠶᠠᠪᠤᠵᠤ ᠢᠷᠡᠭᠰᠡᠨ ᠢ ᠨᠢ ᠨᠡᠬᠡᠷᠡᠨ ᠴᠦ ᠪᠢᠰᠢᠷᠡᠭᠦᠰᠢᠲᠡᠢ᠃ ᠲᠡᠷᠡᠴᠢᠯᠡᠨ ᠰᠢᠯᠢᠳᠡᠭ ᠬᠤᠷᠢᠶᠠᠨ ᠳᠠᠷᠤᠭ᠎ᠠ᠂ ᠰᠢᠯᠢᠳᠡᠭ ᠨᠠᠮ ᠤᠨ ᠭᠡᠰᠢᠭᠦᠨ᠂ ᠰᠢᠯᠢᠳᠡᠭ ᠡᠮᠴᠢ᠂ ᠰᠢᠯᠢᠳᠡᠭ ᠲᠠᠮᠢᠷᠴᠢᠨ ︵ᠨᠤᠮᠤ ᠰᠤᠮᠤᠨ ᠤ ᠲᠠᠯ᠎ᠠ ᠪᠠᠷ ᠬᠤᠰᠢᠭᠤ᠂ ᠠᠶᠢᠮᠠᠭ᠂ ᠤᠷᠤᠨ ᠤ ᠤᠷᠤᠯᠳᠤᠭᠠᠨ ᠪᠤᠯᠭᠠᠨ ᠳᠤ ᠬᠡᠵᠢᠶᠡᠲᠡ ᠡᠮᠦᠨ᠎ᠡ ᠲᠠᠪᠤᠨ ᠤ ᠳᠤᠲᠤᠷ᠎ᠠ ᠶᠠᠪᠤᠵᠤ ᠢᠷᠡᠭᠰᠡᠨ ᠢᠷᠠᠭᠤ ᠠᠯᠳᠠᠷ ᠲᠠᠢ᠃       ᠨᠢᠭᠡᠨ ᠤᠳᠠᠭᠠᠨ ᠤ ᠤᠷᠤᠰ᠂ ᠮᠤᠩᠭᠤᠯ᠂ ᠳᠤᠮᠳᠠᠲᠦ ᠭᠤᠷᠪᠠᠨ ᠤᠯᠤᠰ ᠤᠨ ᠨᠤᠮᠤ ᠰᠤᠮᠤ ᠪᠤᠯᠤᠨ ᠲᠦᠩᠬᠦ ᠬᠠᠷᠪᠤᠯᠭ᠎ᠠ ᠶᠢᠨ ᠤᠷᠤᠯᠳᠤᠭᠠᠨ ᠳᠡᠭᠡᠷ᠎ᠡ ᠬᠤᠤᠰ ᠠᠯᠳᠠᠨ ᠮᠧᠳᠠᠯ ᠢ ᠬᠢᠯᠠᠯᠵᠠᠭᠤᠯᠤᠭᠰᠠᠨ ᠪᠢᠰᠢᠷᠡᠭᠳᠡᠮ᠎ᠡ ᠦᠩᠭᠡᠷᠡᠯᠲᠡ ᠲᠠᠢ︶᠂ ᠰᠢᠯᠢᠳᠡᠭ ᠡᠮᠡᠭᠲᠡᠢ ᠴᠢᠳᠠᠪᠤᠷᠢᠲᠠᠨ᠂ ᠲᠠᠪᠤᠨ ᠰᠠᠶᠢᠲᠠᠢ ᠭᠡᠷ ᠪᠦᠯᠢ᠂ ︽3.8 ︾ ᠶᠢᠨ ᠤᠯᠠᠭᠠᠨ ᠲᠤᠭᠴᠢ ᠁ ᠵᠡᠷᠭᠡ ᠠᠯᠢ ᠤᠯᠠᠨ ᠥᠩᠭᠡ ᠭᠡᠷᠡᠯ ᠢ ᠤᠷᠢᠳ ᠬᠤᠵᠢᠳ ᠬᠦᠷᠳᠡᠵᠦ ᠥᠩᠭᠡᠷᠡᠵᠠᠢ᠃ ︽ᠪᠠᠷᠭᠤ ᠶᠢᠨ ᠰᠤᠳᠤᠨ ᠦᠷᠡᠰ︾ ᠬᠡᠬᠦ ᠨᠤᠮ ᠤᠨ ᠡᠵᠡᠨ ᠬᠠᠰᠤᠩᠭᠤᠸ᠎ᠠ ᠶᠢᠨ ︽ᠪᠠᠷᠭᠤ ᠶᠢᠨ ᠰᠣᠳᠣᠨ ᠦᠷᠡᠰ︾ ᠬᠡᠮᠡᠬᠦ ᠨᠣᠮ ᠢ ᠨᠢ ᠠᠭᠤᠯᠭ᠎ᠠ ᠶᠢᠨ ᠲᠠᠯ᠎ᠠ ᠪᠠᠷ᠂ ᠨᠢᠭᠡ ᠳᠤ᠂ ᠳᠤᠷᠠᠳᠬᠠᠯ ᠤᠨ ᠠᠭᠤᠯᠭ᠎ᠠ ᠪᠦᠬᠦᠢ ᠰᠢᠯᠦᠭ ᠳᠠᠭᠤᠯᠠᠯ᠂ ᠬᠤᠶᠠᠷ ᠲᠤ᠂ 10 ᠭᠠᠷᠤᠢ ᠨᠠᠶᠢᠷᠠᠭᠤᠯᠤᠯ ᠥᠭᠦᠯᠡᠯᠭᠡ᠂ ᠭᠤᠷᠪᠠ ᠳᠤ᠂ ᠰᠣᠨᠢᠨ ᠮᠡᠳᠡᠭᠡᠯᠡᠯ ᠤᠨ ᠰᠲ᠋ᠢᠯᠢ ᠶᠢᠨ ᠤᠷᠠᠨ ᠵᠤᠬᠢᠶᠠᠯ ᠤᠳ 50 ᠰᠢᠬᠠᠮ᠂ ᠳᠥᠷᠪᠡ ᠳᠤ᠂ ᠦᠪᠡᠷ ᠤᠨ ᠬᠢᠨᠢ ᠡᠮ ᠡᠮᠴᠢᠯᠡᠭᠡᠨ ᠤ ᠠᠷᠭ᠎ᠠ ᠲᠤᠷᠰᠢᠯᠭ᠎ᠠ ᠪᠤᠯᠤᠨ ᠥᠭᠦᠯᠡᠯ ᠤᠳ᠂ ᠲᠠᠪᠤ ᠳᠤ᠂ ᠪᠤᠰᠤᠳ ᠳᠠᠭᠠᠯᠳᠠᠭᠤᠯᠤᠭᠰᠠᠨ ᠵᠤᠬᠢᠶᠠᠯ ᠤᠳ ︵ᠭᠡᠷ ᠪᠦᠯᠢ ᠶᠢᠨ ᠬᠢᠨ ᠤ︶ ᠭᠡᠵᠦ ᠬᠡᠳᠦᠨ ᠲᠠᠯ᠎ᠠ ᠪᠠᠷ ᠠᠩᠭᠢᠯᠠᠵᠤ ᠪᠤᠯᠤᠨ᠎ᠠ᠃ ᠮᠠᠰᠢ ᠪᠢᠰᠢᠷᠡᠭᠦᠰᠢᠲᠡᠢ ᠨᠢ ᠲᠤᠰ ᠨᠣᠮ ᠳᠤ ᠪᠠᠨ 50 ᠰᠢᠬᠠᠮ ᠪᠠᠷᠭᠤ ᠶᠢᠨ ᠰᠣᠳᠣᠨ ᠦᠷᠡᠰ ᠤᠳ ᠤᠨ ᠪᠠᠭ᠋ᠠᠳᠤᠨ ᠱᠠᠭᠰᠢᠭᠤᠰᠢᠲᠠᠢ ᠭᠢᠯᠠᠯᠵᠠᠭᠰᠠᠨ ᠦᠢᠯᠡ ᠠᠵᠢᠯᠯᠠᠭ᠎ᠠ ᠭᠠᠷᠮᠠᠭᠠᠢ ᠪᠦᠲᠦᠭᠡᠯ ᠤᠳ ᠢ ᠨᠢ ᠰᠤᠷᠪᠤᠯᠵᠢᠯᠠᠨ ᠳᠡᠮᠳᠡᠭᠯᠡᠵᠦ᠂ ᠲᠤᠭᠤᠷᠪᠢᠨ ᠪᠢᠴᠢᠭᠡᠳ ᠡᠨᠡ ᠬᠦ ᠨᠣᠮ ᠢᠶᠠᠨ ᠨᠡᠩ ᠦᠨ᠎ᠡ ᠴᠡᠨ᠎ᠡ ᠲᠠᠢ᠂ ᠨᠡᠩ ᠰᠤᠨᠢᠷᠬᠠᠯ ᠢ ᠲᠠᠳᠠᠮ᠎ᠠ ᠪᠣᠯᠭᠠᠵᠤ ᠴᠢᠳᠠᠵᠠᠢ᠃ ᠵᠢᠱᠢᠶᠡᠯᠡᠪᠡᠯ᠄ ᠳᠤᠷᠠᠳᠬᠠᠯ ᠤᠨ ᠠᠭᠤᠯᠭ᠎ᠠ ᠪᠦᠬᠦᠢ ᠰᠢᠯᠦᠭ ᠳᠠᠭᠤᠯᠠᠯ ᠳᠤ ᠪᠠᠨ ︽ᠠᠪᠤ ᠳᠤ ᠪᠠᠨ︾ ᠭᠡᠬᠦ ᠭᠠᠷᠴᠠᠭ ᠢᠶᠠᠷ ︽ᠳᠤᠪᠤᠷᠤᠤᠲᠤ ᠵᠤᠳᠤᠭ ᠢᠶᠠᠨ ᠰᠡᠭᠰᠦᠷᠦᠨ ᠡᠮᠦᠰᠴᠦ᠂ ᠲᠤᠯᠢᠶ᠎ᠠ ᠵᠢᠭᠢᠷᠡᠭ ᠢᠶᠠᠨ ᠭᠢᠯᠠᠯᠵᠠᠭᠤᠯᠤᠨ ᠳᠡᠪᠢᠵᠤ᠂ ᠠᠷᠠᠳ ᠤᠨ ᠨᠠᠭᠠᠳᠤᠮ ᠤᠨ ᠬᠡᠶᠢᠮᠦᠷᠢ ᠡᠷᠭᠦᠵᠤ᠂ ᠠᠶᠢᠮᠠᠭ ᠤᠷᠤᠨ ᠤ ᠪᠠᠨ ᠮᠠᠩᠯᠠᠢ ᠶᠠᠪᠤᠭᠰᠠᠨ᠂ ᠡᠷ᠎ᠡ ᠶᠢᠨ ᠰᠠᠶᠢᠨ ᠡᠷ᠎ᠡ᠂ ᠡᠴᠢᠭᠡ ᠶᠢᠨ ᠰᠠᠶᠢᠬᠠᠨ ᠡᠴᠢᠭᠡ᠂ ᠦᠷ᠎ᠡ ᠪᠢᠳᠡᠨ ᠤ ᠪᠠᠨ ᠤᠮᠤᠭ᠂ ᠦᠨᠳᠦᠷ ᠠᠯᠳᠠᠷᠲᠤ ᠠᠪᠤ ᠮᠢᠨᠢ ᠦᠢᠯᠡᠰ ᠠᠵᠢᠯ ᠳᠤ ᠪᠠᠨ ᠭᠠᠪᠰᠢᠭᠠᠢ ᠵᠢᠳᠬᠦᠵᠦ᠂ ᠦᠨᠡᠨ ᠤ ᠲᠦᠯᠦᠭᠡ ᠭᠠᠷᠮᠠᠭᠠᠢ ᠲᠡᠮᠡᠴᠡᠭᠰᠡᠨ᠂ ᠦᠷᠦᠭᠡᠯ ᠳᠤ ᠲᠤᠰᠠᠲᠠᠢ᠂ ᠦᠪᠡᠷ ᠲᠤ ᠪᠠᠨ ᠶᠤᠰᠤᠴᠢ᠂ ᠦᠷ᠎ᠡ ᠪᠢᠳᠡᠨ ᠤ ᠪᠠᠨ ᠦᠮᠦᠭ᠂ ᠦᠷᠯᠦᠭ ᠶᠡᠭᠡ ᠠᠪᠤ ᠮᠢᠨᠢ︾ ᠭᠡᠵᠤ ᠬᠦᠨᠳᠦᠲᠦ ᠬᠠᠶᠢᠷᠠᠲᠠᠢ ᠠᠪᠤ ᠪᠠᠨ ᠦᠨᠡᠨ ᠮᠦᠨ ᠢᠶᠠᠷ ᠨᠢ ᠦᠰᠭᠡᠨ ᠲᠦᠰᠭᠡᠨ ᠦᠭᠡᠢ ᠤᠶᠠᠩᠭᠠᠯᠠᠨ ᠪᠢᠴᠢᠭᠰᠡᠨ ᠪᠠᠶᠢᠵᠠᠢ᠃       ᠬᠠᠰᠤᠩᠭᠤᠸ᠎ᠠ ᠶᠢᠨ ᠠᠪᠤ ᠴᠦᠢᠩᠬᠤᠷ ᠭᠤᠸᠠᠢ ᠪᠣᠯ ᠶᠤᠰᠤᠲᠠᠢ ᠨᠢᠭᠡᠨ ᠪᠠᠷᠭᠤ ᠶᠢᠨ ᠰᠣᠳᠣᠨ ᠦᠷᠡᠰ ᠤᠨ ᠨᠢᠭᠡᠨ ᠪᠢᠯᠡ᠃ ᠴᠦᠢᠩᠬᠤᠷ ᠭᠤᠸᠠᠢ 1957 ᠣᠨ ᠳᠤ ᠬᠤᠰᠢᠭᠤᠨ ᠤ ᠬᠠᠩᠭᠠᠨ ᠪᠤᠷᠤᠯᠠᠭᠤᠯᠬᠤ ᠬᠤᠷᠰᠢᠶᠠᠨ ᠳᠤ ᠠᠵᠢᠯᠠᠯᠵᠤ᠂ 30 ᠭᠠᠷᠤᠢ ᠵᠢᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠯᠵᠢᠶ᠎ᠠ ᠬᠤᠳᠠᠯᠳᠤᠭ᠎ᠠ᠂ ᠬᠤᠷᠰᠢᠶᠠᠨ ᠤ ᠦᠢᠯᠡᠰ ᠲᠤ ᠨᠢᠳᠡᠷ ᠰᠡᠳᠭᠢᠯ ᠨᠡᠶᠢᠲᠡ ᠶᠢᠨ ᠵᠣᠷᠢᠭ ᠢᠶᠠᠷ ᠵᠢᠳᠬᠦᠵᠦ ᠶᠠᠪᠤᠭᠰᠠᠨ ᠤ ᠬᠠᠮᠲᠤ ᠤᠯᠤᠰ ᠤᠷᠤᠨ ᠤ ᠳᠠᠷᠬᠠᠨ ᠪᠦᠬᠡ ᠶᠢᠨ ᠴᠤᠯᠠ ᠲᠠᠢ ᠪᠢᠯᠡ᠃ ᠴᠦᠢᠩᠬᠤᠷ ᠭᠤᠸᠠᠢ᠂ ᠮᠣᠩᠭᠤᠯ ᠪᠦᠬᠡ ᠶᠢᠨ ᠦᠢᠯᠡᠰ ᠲᠤ ᠤᠶᠤᠨ ᠬᠦᠴᠦ ᠪᠠᠨ ᠰᠢᠪᠬᠠᠨ᠂ ᠪᠠᠯᠠᠷᠠᠰᠢ ᠦᠭᠡᠢ ᠭᠠᠪᠢᠶ᠎ᠠ ᠵᠢᠳᠬᠦᠯ ᠭᠠᠷᠭᠠᠵᠠᠢ᠃ ᠲᠡᠷᠡ ᠮᠦᠨ ᠴᠤ ᠠᠯᠳᠠᠷᠲᠤ ᠮᠤᠩᠭᠤᠯ ᠪᠦᠬᠡ ᠶᠢᠨ ᠰᠤᠷᠭᠠᠭᠴᠢ ᠪᠢᠯᠡ᠃ ᠴᠦᠢᠩᠬᠤᠷ ᠭᠤᠸᠠᠢ᠂ ᠤᠷᠤᠨ ᠠᠶᠢᠮᠠᠭ᠂ ᠬᠤᠰᠢᠭᠤ᠂ ᠰᠤᠮᠤᠨ ᠤ ᠤᠯᠠᠨ ᠤᠳᠠᠭᠠᠨ ᠤ ᠠᠷᠠᠳ ᠤᠨ ᠨᠠᠶᠢᠷ ᠨᠠᠭᠠᠳᠤᠮ ᠳᠡᠭᠡᠷ᠎ᠡ ᠤᠷᠢᠳ ᠬᠤᠵᠢᠳ 73 ᠤᠳᠠᠭ᠎ᠠ ᠦᠵᠦᠭᠦᠷᠯᠡᠭᠰᠡᠨ ᠠᠪᠤᠷᠭᠤ ᠳᠠᠷᠬᠠᠨ ᠴᠤᠯᠠ ᠲᠠᠢ᠃ ᠢᠯᠠᠩᠭᠤᠶ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 10 ᠵᠢᠯ ᠤᠨ ᠤᠢ ᠶᠢᠨ ᠠᠷᠠᠳ ᠤᠨ ᠶᠡᠭᠡ ᠨᠠᠶᠢᠷ ᠳᠡᠭᠡᠷ᠎ᠡ ᠳᠡᠳᠡᠯᠡᠭᠰᠡᠨ ᠲᠡᠦᠬᠡ ᠲᠠᠢ᠃ ᠴᠦᠢᠩᠬᠤᠷ ᠭᠤᠸᠠᠢ ᠪᠦᠬᠡ ᠶᠢᠨ ᠰᠤᠷᠭᠠᠭᠴᠢ ᠪᠠᠶᠢᠬᠤ ᠳᠤ ᠪᠠᠨ ᠤᠯᠤᠰ ᠤᠷᠤᠨ ᠳᠤ ᠪᠠᠨ ᠠᠯᠳᠠᠷ ᠨᠡᠷ᠎ᠡ ᠲᠠᠢ ᠠᠯᠢ ᠤᠯᠠᠨ ᠪᠦᠬᠡᠴᠦᠳ ᠢ ᠪᠤᠯᠪᠠᠰᠤᠷᠠᠭᠤᠯᠤᠨ ᠬᠦᠮᠦᠵᠢᠭᠦᠯᠵᠦ ᠥᠭᠴᠡᠢ᠃ ᠲᠤᠬᠠᠶᠢᠯᠠᠪᠠᠯ᠄ ᠷᠠᠳᠨ᠎ᠠ᠂ ᠪᠠᠽᠠᠷᠠᠭᠠᠳ᠋᠂ ᠪᠢᠮᠪᠠᠵᠠᠪ᠂ ᠳ᠋ᠠᠰᠢᠷᠠᠪᠳᠠᠨ᠂ ᠤᠷᠬᠢᠯᠪᠠᠲᠦ᠂ ᠴᠢᠯᠠᠭᠤ᠂ ᠬᠠᠯᠵᠠᠨ ᠁ ᠵᠡᠷᠭᠡ ᠤᠯᠤᠰ ᠤᠨ ᠠᠯᠳᠠᠷᠲᠤ ᠠᠪᠤᠷᠭᠤ ᠪᠦᠬᠡᠴᠦᠳ ᠢ ᠬᠦᠮᠦᠵᠢᠭᠦᠯᠦᠨ ᠭᠠᠷᠭᠠᠭᠰᠠᠨ ᠨᠡᠷ᠎ᠡ ᠴᠤᠤ ᠲᠠᠢ ᠪᠦᠬᠡ ᠶᠢᠨ ᠰᠤᠷᠭᠠᠭᠴᠢ ᠪᠢᠯᠡ᠃ ᠡᠬᠦᠨ ᠠᠴᠠ ᠪᠢᠳᠡ ᠳᠡᠭᠡᠷ᠎ᠡ ᠵᠠᠭᠤᠨ ᠤ ᠪᠠᠷᠭᠤ ᠶᠢᠨ ᠰᠣᠳᠣᠨ ᠦᠷᠡᠰ ᠤᠨ ᠨᠢᠭᠡ ᠪᠤᠯᠤᠭᠰᠠᠨ ᠴᠦᠢᠩᠬᠤᠷ ᠭᠤᠸᠠᠢ ᠶᠠᠮᠠᠷ ᠰᠢᠦ ᠭᠡᠳᠡᠭ ᠢ ᠳᠤᠲᠤᠬᠠᠨ ᠤᠶᠢᠯᠠᠭᠠᠵᠦ ᠪᠤᠯᠤᠨ᠎ᠠ᠃       ᠬᠠᠰᠤᠩᠭᠤᠸ᠎ᠠ ︽ᠪᠠᠷᠭᠤ ᠶᠢᠨ ᠰᠣᠳᠣᠨ ᠦᠷᠡᠰ︾ ᠬᠡᠮᠡᠬᠦ ᠨᠣᠮ ᠤᠨ ᠢᠶᠠᠨ ᠨᠠᠶᠢᠷᠠᠭᠤᠯᠤᠯ ᠤᠨ ᠪᠦᠯᠦᠭ ᠲᠤ ᠪᠠᠨ 20 ᠰᠢᠬᠠᠮ ᠭᠤᠶᠤ ᠰᠠᠶᠢᠬᠠᠨ ᠨᠠᠶᠢᠷᠠᠭᠤᠯᠤᠯ ᠤᠳ ᠢ ᠪᠢᠴᠢᠵᠤ ᠤᠷᠤᠭᠤᠯᠵᠠᠢ᠃ ︽ᠡᠷᠳᠡᠨᠢᠲᠤᠯᠤᠭᠠᠢ ᠪᠠᠨ ᠡᠷᠭᠢᠬᠦ ᠶᠤᠮᠰᠠᠨ︾ ᠬᠡᠮᠡᠬᠦ ᠳᠤᠷᠠᠰᠤᠮᠵᠢ ᠨᠠᠶᠢᠷᠠᠭᠤᠯᠤᠯ ᠳᠤ ᠪᠠᠨ ᠵᠤᠬᠢᠶᠠᠭᠴᠢ ᠬᠠᠰᠤᠩᠭᠤᠸ᠎ᠠ ᠳᠡᠭᠡᠷ᠎ᠡ ᠵᠠᠭᠤᠨ ᠤ ᠳᠠᠯᠠᠭᠠᠳ ᠣᠨ ᠳᠤ ᠰᠡᠭᠡᠭᠡᠲᠡᠨ ᠢᠶᠠᠷ ᠪᠦᠢᠳᠠ ᠪᠦᠭᠯᠡᠭᠦᠦ ᠬᠦᠳᠡᠭᠡ ᠪᠠᠭᠤᠵᠤ ︽ᠮᠠᠯᠴᠢᠨ ᠲᠦᠮᠡᠨ ᠤ ᠳᠠᠬᠢᠨ ᠰᠤᠷᠭᠠᠨ ᠬᠦᠮᠦᠵᠢᠯ︾ ᠢ ᠬᠦᠷᠳᠡᠭᠰᠡᠨ ᠥᠩᠭᠡᠷᠡᠯᠲᠡ ᠪᠠᠨ ᠡᠷᠭᠢᠴᠡᠭᠦᠯᠦᠨ ᠪᠢᠴᠢᠵᠤ᠂ ᠦᠨᠡᠨ ᠮᠦᠨ ᠢᠶᠠᠷ ᠨᠢ ᠳᠤᠰᠬᠠᠭᠰᠠᠨ ᠪᠠᠶᠢᠵᠠᠢ᠃ ᠭᠡᠬᠦ ᠳᠤ ᠪᠠᠨ ᠬᠤᠰᠢᠭᠤ ᠪᠠᠯᠭᠠᠰᠤᠨ ᠳᠤ ᠦᠰᠴᠦ ᠲᠦᠷᠦᠭᠰᠡᠨ ᠪᠤᠯᠪᠠᠷᠠᠢ ᠬᠡᠦᠬᠡᠳ ᠬᠡᠷᠬᠢᠨ ᠬᠠᠯᠠ ᠵᠤᠪᠠᠯᠠᠩ ᠬᠦᠴᠢᠷ ᠪᠡᠷᠬᠡ ᠶᠢ ᠠᠮᠰᠠᠭᠰᠠᠨ ᠢᠶᠠᠷ ᠪᠢᠴᠢᠭᠰᠡᠨ ᠪᠢᠰᠢ᠂ ᠬᠠᠷᠢᠨ ᠲᠡᠳᠡᠨ ᠳᠤ ᠬᠠᠶᠢᠷ᠎ᠠ ᠬᠠᠯᠠᠮᠵᠢ ᠪᠠᠨ ᠦᠵᠡᠭᠦᠯᠦᠭᠰᠡᠨ ᠶᠠᠳᠠᠭᠤ ᠶᠠᠳᠠᠭᠤᠯᠢᠭ ᠮᠠᠯᠴᠢᠳ ᠤᠨ ᠠᠴᠢ ᠲᠤᠰᠠ ᠶᠢ ᠯᠡ ᠳᠤᠷᠠᠰᠤᠨ ᠳᠤᠷᠠᠰᠤᠨ ᠰᠠᠨᠠᠭᠠᠯᠵᠠᠵᠤ ︽ᠨᠠᠳᠠ ᠰᠢᠭ᠋ ᠬᠠᠯᠠ ᠦᠵᠡᠭᠡ ᠦᠭᠡᠢ ᠬᠤᠷᠠᠭ᠎ᠠ ᠢᠰᠢᠭᠡ ᠰᠢᠭ ᠠᠮᠢᠲᠠᠨ ᠳᠤ ᠶᠤᠰᠤᠲᠠᠢ ᠶᠡᠭᠡ ᠶᠠᠭᠤᠮ᠎ᠠ ᠦᠵᠡᠭᠦᠯᠵᠦ᠂ ᠣᠯᠠᠨ ᠶᠠᠭᠤᠮ᠎ᠠ ᠲᠠᠨᠢᠭᠤᠯᠤᠭᠰᠠᠨ ᠁︾ ᠭᠡᠵᠦ ᠨᠤᠲᠤᠭ ᠤᠰᠤᠨ ᠤ ᠪᠠᠨ ᠠᠷᠠᠳ ᠤᠯᠠᠨ ᠳᠤ ᠪᠠᠨ ᠴᠢᠩ ᠰᠡᠳᠭᠢᠯ ᠠᠴᠠ ᠪᠠᠨ ᠭᠦᠨ ᠲᠠᠯᠠᠷᠬᠠᠵᠤ ᠪᠠᠶᠢᠨ᠎ᠠ ᠁ ᠭᠡᠬᠦ ᠮᠡᠲᠦᠴᠢᠯᠡᠨ ᠪᠢᠴᠢᠭᠰᠡᠨ ᠨᠢ ᠮᠠᠰᠢ ᠤᠬᠠᠭᠠᠯᠢᠭ ᠰᠠᠨᠠᠭᠳᠠᠯ᠎ᠠ᠃ ᠮᠦᠨ ᠵᠠᠯᠭᠠᠭᠠᠳ ᠦᠪᠡᠷ ᠤᠨ ᠢᠶᠠᠨ ᠲᠤᠬᠠᠢ ᠳᠤᠷᠠᠰᠤᠮᠵᠢ ᠳᠤ ᠪᠠᠨ᠂ ᠬᠦᠨᠳᠦᠲᠦ ᠬᠠᠶᠢᠷᠠᠲᠠᠢ ᠠᠪᠤ ᠡᠵᠢ᠂ ᠬᠠᠳᠠᠮ ᠡᠵᠢ ᠶᠢᠨ ᠢᠶᠠᠨ ᠳᠠᠯᠠᠢ ᠶᠡᠭᠡ ᠬᠠᠶᠢᠷ᠎ᠠ᠂ ᠠᠷᠢᠭᠤᠨ ᠨᠠᠨᠳᠢᠨ ᠵᠠᠩ ᠴᠢᠨᠠᠷ᠂ ᠪᠠᠭᠰᠢ ᠨᠠᠷ ᠪᠤᠯᠤᠨ ᠬᠠᠮᠲᠤ ᠠᠵᠢᠯᠯᠠᠭᠰᠠᠳ᠂ ᠤᠳᠤᠷᠢᠳᠤᠯᠭ᠎ᠠ ᠨᠠᠷ ᠤᠨ ᠢᠶᠠᠨ ᠲᠤᠰᠠ ᠳᠡᠮᠵᠢᠯᠭᠡ ᠶᠢ ᠯᠡ ᠭᠦᠨ ᠭᠦᠨᠵᠡᠭᠡᠢ ᠲᠤᠭᠠᠴᠢᠨ ᠳᠡᠮᠳᠡᠭᠯᠡᠪᠡ᠃ ︽ᠪᠢ ᠡᠵᠢ ᠪᠠᠨ ᠰᠠᠶᠢᠬᠠᠨ ᠰᠤᠪᠢᠯᠠᠵᠤ ᠴᠢᠳᠠᠭᠰᠠᠨ ᠦᠭᠡᠢ ᠥᠩᠭᠡᠷᠡᠭᠦᠯᠵᠡᠢ︾ ︽ᠬᠠᠳᠠᠮ ᠡᠵᠢ ᠪᠠᠨ ᠡᠳᠦᠷ ᠲᠤᠳᠤᠮ ᠤᠨ ᠠᠵᠢᠯ ᠮᠠᠵᠢᠯ ᠳᠤ ᠳᠡᠩᠳᠡᠭᠦᠦ ᠠᠷᠪᠢᠨ ᠪᠦᠭᠡᠴᠡᠭᠡᠨᠡᠬᠦᠯᠦᠭᠰᠡᠨ ᠁︾ ᠭᠡᠬᠦ ᠮᠡᠲᠦ ᠪᠠᠷ ᠦᠪᠡᠷ ᠤᠨ ᠪᠡᠶ᠎ᠡ ᠪᠠᠨ ᠵᠢᠮᠡᠯᠡᠨ ᠪᠢᠴᠢᠭᠰᠡᠨ ᠨᠢ ᠲᠡᠬᠦᠨ ᠤ ᠪᠤᠰᠤᠳ ᠤᠨ ᠠᠴᠢ ᠭᠠᠪᠢᠶ᠎ᠠ᠂ ᠬᠠᠶᠢᠷ᠎ᠠ ᠬᠠᠯᠠᠮᠵᠢ ᠶᠢ ᠵᠢᠷᠦᠬᠡ ᠰᠡᠳᠭᠢᠯ ᠳᠤ ᠪᠠᠨ ᠴᠡᠭᠡᠵᠢᠯᠡᠳᠡᠭ ᠦᠨᠡᠨᠴᠢ ᠴᠠᠶᠢᠯᠭᠠᠨ᠂ ᠠᠴᠢᠯᠠᠯ ᠵᠢᠷᠤᠮ ᠬᠢᠭᠡᠳ ᠢᠲᠡᠭᠡᠯ ᠬᠦᠨᠳᠦ ᠶᠢ ᠡᠷᠬᠢᠮᠯᠡᠳᠡᠭ ᠡᠷᠬᠢᠮ ᠨᠠᠨᠳᠢᠨ ᠬᠦᠮᠦᠨ ᠮᠦᠰᠦ ᠶᠢ ᠢᠯᠡᠷᠡᠬᠦᠯᠦᠭᠰᠡᠨ ᠪᠠᠶᠢᠨ᠎ᠠ᠃ ᠡᠶᠢᠮᠦ ᠴᠦ ᠪᠤᠯᠬᠤᠷ ᠬᠠᠰᠤᠩᠭᠤᠸ᠎ᠠ ᠶᠢᠨ ᠵᠤᠬᠢᠶᠠᠯ ᠤᠨ ᠲᠡᠭᠦᠪᠦᠷᠢ ᠶᠢᠨ ᠰᠢᠯᠦᠭ ᠨᠠᠶᠢᠷᠠᠭᠤᠯᠤᠯ ᠤᠳ ᠢ ᠨᠢᠭᠡᠳ ᠨᠢᠭᠡ ᠪᠠᠷ ᠤᠩᠰᠢᠪᠠᠯ ᠬᠦᠮᠦᠰ ᠤᠨ ᠤᠶᠤᠨ ᠤᠬᠠᠭᠠᠨ ᠳᠤ ᠴᠡᠪᠡᠷ ᠠᠭᠠᠷ ᠢ ᠣᠷᠣᠭᠤᠯᠣᠨ ᠴᠡᠭᠡᠵᠢ ᠶᠢ ᠲᠡᠨ᠋ᠶᠢᠯᠭᠡᠨ ᠰᠡᠳᠭᠢᠯ ᠢ ᠠᠭᠤᠵᠢᠷᠠᠭᠤᠯᠳᠠᠭ ᠨᠢ ᠲᠡᠷᠡ ᠪᠢᠯᠡ᠃       ᠮᠡᠳᠡᠭᠡᠵᠢ ᠪᠠᠷ᠂ ᠬᠦᠯᠦᠨ ᠪᠤᠶᠢᠷ ᠤᠨ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠠ ᠪᠠᠷᠭᠤ ᠬᠤᠰᠢᠭᠤ ᠵᠡᠷᠭᠡ ᠭᠤᠷᠪᠠᠨ ᠬᠤᠰᠢᠭᠤ ᠪᠣᠯ ᠳᠡᠭᠡᠳᠦ ᠦᠶ᠎ᠡ ᠠᠴᠠ ᠪᠠᠨ ᠪᠠᠷᠭᠤ ᠮᠤᠩᠭᠤᠯᠴᠤᠳ ᠢᠶᠠᠷ ᠭᠤᠤᠯᠯᠠᠭᠰᠠᠨ ᠭᠤᠷᠪᠠᠨ ᠬᠤᠰᠢᠭᠤ ᠮᠦᠷᠲᠡᠭᠡᠨ ᠠᠳᠡ ᠠᠴᠠ ᠪᠠᠷᠭᠤ ᠶᠢᠨ ᠰᠣᠳᠣᠨ ᠦᠷᠡᠰ ᠦᠶ᠎ᠡ ᠳᠠᠷᠠᠭᠠᠯᠠᠨ ᠲᠠᠰᠤᠷᠠᠯᠲᠠ ᠦᠭᠡᠢ ᠴᠤᠯᠭᠤᠷᠠᠨ ᠭᠠᠷᠴᠦ᠂ ᠨᠤᠲᠤᠭ ᠤᠰᠤ ᠪᠠᠨ ᠦᠭᠡᠷᠡᠴᠢᠯᠡᠨ ᠤᠳᠤᠬᠢᠴᠢᠯᠠᠵᠤ᠂ ᠨᠠᠮ ᠵᠠᠰᠠᠭ᠂ ᠠᠷᠠᠳ ᠲᠦᠮᠡᠨ᠂ ᠨᠤᠲᠤᠭ ᠤᠰᠤᠨ ᠤ ᠪᠠᠨ ᠲᠦᠯᠦᠭᠡ ᠴᠦᠬᠦᠷᠡᠯ ᠦᠭᠡᠢ ᠵᠢᠳᠭᠦᠨ᠂ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠵᠦ ᠢᠷᠡᠭᠰᠡᠨ ᠨᠢ ᠳᠠᠮᠵᠢᠭ ᠦᠭᠡᠢ᠃ ᠮᠢᠨᠤ ᠦᠵᠡᠬᠦ ᠪᠠᠷ ︽ᠪᠠᠷᠭᠤ ᠶᠢᠨ ᠰᠣᠳᠣᠨ ᠦᠷᠡᠰ︾ ᠬᠡᠮᠡᠬᠦ ᠨᠣᠮ ᠤᠨ ᠵᠤᠬᠢᠶᠠᠭᠴᠢ ᠬᠠᠰᠤᠩᠭᠤᠸ᠎ᠠ ᠡᠮᠴᠢ ᠪᠤᠯ ᠲᠡᠷᠡ ᠴᠢᠭ ᠢᠶᠠᠷ ᠢᠶᠠᠨ ᠪᠠᠷᠭᠤ ᠶᠢᠨ ᠰᠤᠳᠣᠨ ᠦᠷᠡᠰ ᠤᠨ ᠨᠢᠭᠡ ᠪᠣᠯᠬᠤ ᠨᠢ ᠭᠠᠷᠴᠠᠭ᠎ᠠ ᠦᠭᠡᠢ᠃ ᠮᠡᠳᠡᠯᠭᠡ ᠴᠢᠳᠠᠪᠤᠷᠢ ᠬᠤᠤᠰᠯᠠᠭᠰᠠᠨ ᠬᠠᠰᠤᠩᠭᠤᠸ᠎ᠠ ᠶᠢᠨ ᠬᠡᠷ ᠪᠦᠯᠢ ᠬᠠᠰᠤᠩᠭᠤᠸ᠎ᠠ ᠡᠮᠴᠢ ᠳᠠᠭᠠᠭᠠᠭᠰᠠᠨ ᠠᠵᠢᠯ ᠢᠶᠠᠨ ᠬᠢᠨᠠᠮᠠᠭᠠᠢ ᠬᠢᠳᠡᠭ ᠮᠦᠷᠳᠡᠭᠡᠨ ᠬᠠᠷᠢᠭᠤᠴᠠᠯᠭ᠎ᠠ ᠦᠨᠳᠦᠷ ᠪᠠᠶᠢᠳᠠᠭ ᠢᠶᠠᠷ ᠪᠠᠷᠠᠬᠤ ᠦᠭᠡᠢ ᠬᠡᠷ ᠪᠦᠯᠢ ᠶᠢᠨ ᠰᠤᠷᠭᠠᠨ ᠬᠦᠮᠦᠵᠢᠯ ᠢᠶᠠᠨ ᠴᠦ ᠲᠡᠷᠢᠬᠦᠨ ᠪᠠᠶᠢᠷᠢᠨ ᠳᠤ ᠴᠢᠬᠤᠯᠠᠴᠢᠯᠠᠳᠠᠭ ᠪᠤᠯᠬᠤᠷ ᠲᠡᠬᠦᠨ ᠤ ᠦᠰᠬᠡᠨ ᠬᠦᠮᠦᠵᠢᠬᠦᠯᠦᠭᠰᠡᠨ ᠭᠤᠷᠪᠠᠨ ᠬᠡᠤᠬᠡᠨ ᠨᠢ ᠴᠦ ᠠᠵᠢᠯ ᠰᠤᠷᠤᠯᠭ᠎ᠠ ᠪᠠᠷ ᠢᠶᠠᠨ ᠬᠢᠯᠠᠷᠠᠭᠤᠯᠵᠦ ᠶᠠᠪᠤᠭ᠎ᠠ ᠶᠤᠮ᠃ ᠲᠡᠭᠦᠨ ᠤ ᠭᠤᠷᠪᠠᠨ ᠬᠡᠦᠬᠡᠨ ᠨᠢ ᠪᠠᠭ᠎ᠠ ᠰᠤᠷᠭᠠᠭᠤᠯᠢ ᠶᠢᠨ ᠠᠯᠲᠠᠨ ᠪᠤᠱᠤᠭ᠎ᠠ ᠶᠢ ᠠᠯᠬᠤᠭᠰᠠᠨ ᠲᠡᠷᠡ ᠡᠳᠦᠷ ᠠᠴᠠ ᠪᠠᠨ ᠣᠨᠴᠠ ᠰᠤᠷᠤᠯᠭᠠᠲᠠᠨ᠂ ᠭᠤᠷᠪᠠᠨ ᠰᠠᠶᠢᠲᠠᠢ ᠰᠤᠷᠤᠭᠴᠢ᠂ ᠰᠢᠯᠢᠳᠡᠭ ᠬᠤᠰᠢᠭᠤᠴᠢ ᠠᠩᠬᠢ ᠶᠢᠨ ᠭᠡᠰᠢᠭᠦᠨ᠂ ᠡᠪᠯᠡᠯ ᠤᠨ ᠬᠡᠰᠢᠬᠦᠨ ᠵᠡᠷᠭᠡ ᠢᠷᠠᠭᠤ ᠠᠯᠳᠠᠷ ᠢ ᠰᠤᠷᠤᠯᠭ᠎ᠠ ᠶᠢᠨ ᠬᠤᠭᠤᠴᠠᠭ᠎ᠠ ᠪᠣᠯᠭᠠᠨ᠂ ᠵᠢᠯ ᠪᠦᠷᠢ ᠳᠠᠷᠠᠭᠠᠯᠠᠨ ᠣᠯᠵᠣ᠂ ᠦᠨᠳᠦᠷ ᠳᠤᠮᠳᠠᠳᠤ ᠠᠴᠠ ᠶᠡᠭᠡ ᠰᠤᠷᠭᠠᠭᠤᠯᠢ ᠶᠢ ᠲᠡᠭᠦᠰᠦᠨ ᠲᠡᠭᠦᠰᠲᠡᠯ᠎ᠡ ᠪᠠᠨ ᠠᠯᠲᠠᠨ ᠮᠧᠲᠡᠯ ᠪᠤᠶᠤ ᠠᠯᠢ ᠤᠯᠠᠨ ᠱᠠᠩᠨᠠᠯ ᠬᠦᠬᠢᠭᠦᠯᠦᠯ ᠢᠶᠠᠷ ᠡᠩᠬᠡᠷ ᠢᠶᠠᠨ ᠮᠢᠯᠢᠶᠠᠯᠭᠠᠵᠤ᠂ ᠠᠮᠵᠢᠯᠲᠠ ᠲᠦᠬᠦᠷᠩ ᠪᠦᠳᠦᠮᠵᠢ ᠦᠨᠳᠦᠷ ᠰᠤᠷᠤᠯᠴᠠᠭᠰᠠᠨ ᠪᠤᠯᠬᠤᠷ ᠡᠵᠢ ᠲᠠᠢ ᠪᠠᠨ ᠡᠭᠡᠭᠡ ᠠᠳᠠᠯᠢᠬᠠᠨ ︽ᠪᠠᠷᠭᠤ ᠶᠢᠨ ᠰᠤᠳᠤᠨ ᠦᠷᠡᠰ︾ ᠤᠳ ᠪᠢᠯᠡ᠃ ᠶᠡᠭᠡ ᠬᠡᠦᠬᠡᠨ ᠨᠣᠮᠢᠨ ᠨᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢ ᠦᠨᠳᠦᠷ ᠪᠦᠲᠦᠮᠵᠢ ᠦᠯᠡᠮᠵᠢ ᠠᠮᠵᠢᠯᠲᠠ ᠲᠠᠢ ᠲᠡᠭᠦᠰᠭᠡᠭᠡᠳ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠪᠯᠡᠯ ᠤᠨ ᠬᠤᠷᠢᠶᠠᠨ ᠤ ᠳᠠᠳ᠋ ᠱᠦᠵᠢ ᠪᠠᠷ ᠠᠵᠢᠯᠯᠠᠵᠤ ᠪᠠᠶᠢᠭᠰᠠᠨ ᠢᠶᠠᠨ ᠣᠳᠣ ᠪᠤᠭᠤᠲᠤ ᠬᠤᠲᠠ ᠶᠢᠨ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠪᠠᠷ ᠠᠵᠢᠯᠯᠠᠵᠤ ᠦᠢᠯᠡᠰ ᠤᠨ ᠭᠢᠯᠪᠠᠭ᠎ᠠ ᠪᠠᠨ ᠰᠠᠴᠤᠷᠠᠭᠤᠯᠵᠦ ᠶᠠᠪᠤᠨ᠎ᠠ᠃ ᠳᠤᠮᠳᠠᠬᠢ ᠬᠡᠦᠬᠡᠨ ᠢᠮᠢᠨ ᠨᠢ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠮ ᠡᠮᠨᠡᠯᠭᠡ ᠶᠢᠨ ᠰᠠᠯᠪᠤᠷᠢ ᠠᠴᠠ ᠲᠡᠭᠦᠰᠴᠦ᠂ ᠬᠦᠯᠦᠨ ᠪᠦᠢᠷ ᠬᠤᠲᠠ ᠶᠢᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ᠳᠤ ᠪᠠᠭᠰᠢ ᠪᠠᠷ ᠠᠵᠢᠯᠠᠯᠠᠵᠤ ᠪᠠᠶᠢᠭᠰᠠᠨ ᠢᠶᠠᠨ ᠣᠳᠣ ᠬᠦᠯᠦᠨ ᠪᠤᠶᠢᠷ ᠬᠤᠲᠠ ᠶᠢᠨ ᠮᠤᠩᠭᠤᠯ ᠡᠮᠨᠡᠯᠭᠡ ᠶᠢᠨ ᠬᠤᠷᠢᠶᠠᠨ ᠳᠤ ᠠᠵᠢᠯ ᠰᠢᠯᠵᠢᠭᠡᠳ ᠡᠵᠢ ᠶᠢᠨ ᠢᠶᠠᠨ ᠦᠢᠯᠡᠰ ᠢ ᠵᠠᠯᠭᠠᠮᠵᠢᠯᠠᠵᠦ ᠶᠠᠪᠤᠨ᠎ᠠ᠃ ᠪᠠᠭ᠎ᠠ ᠬᠡᠦᠬᠡᠨ ᠰᠤᠨᠢᠨ ᠨᠢ ᠦᠪᠦᠷ ᠮᠤᠩᠭᠤᠯ ᠤᠨ ᠤᠷᠠᠯᠢᠭ ᠤᠨ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠪᠠᠷ ᠲᠡᠭᠦᠰᠴᠦ᠂ ᠣᠳᠣ ᠬᠦᠯᠦᠨ ᠪᠤᠶᠢᠷ ᠬᠤᠲᠠ ᠶᠢᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ᠳᠤ ᠠᠷᠠᠳ ᠤᠨ ᠪᠠᠭᠰᠢ ᠪᠠᠷ ᠠᠵᠢᠯᠯᠠᠵᠦ᠂ ᠨᠤᠳᠤᠭ ᠤᠷᠤᠨ ᠳᠤ ᠪᠠᠨ ᠬᠤᠪᠢ ᠨᠡᠮᠡᠷᠢ ᠪᠠᠨ ᠦᠵᠡᠬᠦᠯᠵᠦ ᠶᠠᠪᠤᠨ᠎ᠠ᠃       ᠬᠠᠰᠤᠩᠭᠤᠸ᠎ᠠ ᠶᠢᠨ ᠨᠦᠬᠦᠷ — ᠰᠤᠶᠤᠯᠲᠤ ᠭᠤᠸᠠᠢ ᠴᠦ ᠮᠦᠨ ᠤᠯᠠᠨ ᠲᠠᠯ᠎ᠠ ᠪᠠᠷ ᠣᠯᠠᠨ ᠠᠴᠠ ᠣᠷᠦ᠋ᠢᠯᠠᠭᠰᠠᠨ᠂ ᠠᠵᠢᠯ ᠦᠢᠯᠡᠰ ᠲᠤ ᠪᠠᠨ ᠵᠢᠳᠬᠦᠯ ᠴᠢᠷᠮᠠᠶᠢᠯᠭ᠎ᠠ ᠲᠠᠢ᠂ ᠪᠦᠷᠢᠨ ᠡᠷᠳᠡᠮ ᠲᠡᠭᠦᠰ ᠴᠢᠳᠠᠪᠤᠷᠢ ᠲᠠᠢ᠂ ᠡᠯᠪᠡᠭ ᠲᠤᠷᠰᠢᠯᠭ᠎ᠠ ᠠᠷᠪᠢᠨ ᠪᠦᠲᠦᠭᠡᠯ ᠲᠠᠢ ᠬᠦᠮᠦᠨ ᠤ ᠨᠢᠭᠡ ᠨᠢ ᠪᠢᠯᠡ᠃ ᠲᠡᠷᠡ ᠵᠠᠯᠠᠭᠤ ᠽᠠᠨᠳᠠᠨ ᠨᠠᠰᠣᠨ ᠳᠤ ᠪᠠᠨ 4 ᠵᠢᠯ ᠴᠡᠷᠢᠭ ᠤᠨ ᠠᠯᠪᠠ ᠬᠠᠭᠠᠭᠰᠠᠨ ᠪᠠ ᠬᠤᠵᠢᠮ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠯᠡ ᠪᠢᠴᠢᠭ ᠤᠨ ᠰᠠᠯᠪᠤᠷᠢ ᠶᠢᠨ ᠰᠢᠨ᠎ᠡ ᠮᠤᠩᠭᠤᠯ ᠪᠢᠴᠢᠭ ᠤᠨ ᠵᠠᠬᠢᠲᠠᠯ ᠢᠶᠠᠷ ᠰᠤᠷᠬᠤ ᠠᠩᠬᠢ ᠳᠤ ᠰᠤᠷᠤᠯᠴᠠᠨ᠂ ᠣᠨᠴᠠ ᠬᠢᠷᠢ ᠪᠦᠳᠦᠮᠵᠢ ᠲᠠᠢ ᠲᠡᠭᠦᠰᠴᠦ ︽ᠤᠷᠤᠨ ᠤ ᠬᠤᠶᠠᠳᠤᠭᠠᠷ ᠳᠡᠰ ᠤᠨ ᠤᠷᠴᠢᠭᠤᠯᠤᠭᠴᠢ︾ ᠶᠢᠨ ᠦᠨᠡᠮᠯᠡᠯ ᠢ ᠭᠠᠷᠳᠠᠭᠰᠠᠨ ᠢᠶᠠᠷ ᠦᠯᠦ ᠪᠠᠷᠠᠮ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠨᠠᠰᠤᠨ ᠳᠤ ᠬᠦᠷᠦᠭᠰᠡᠳ ᠤᠨ ᠰᠢᠯᠭᠠᠯᠲᠠ ᠳᠤ ᠤᠷᠤᠭᠠᠳ ︽ᠤᠷᠤᠨ ᠨᠤᠲᠤᠭ — ᠲᠡᠦᠬᠡ ᠦᠢᠯᠡᠪᠦᠷᠢ︾ ᠶᠢᠨ ᠲᠤᠰᠬᠠᠢ ᠮᠡᠷᠭᠡᠵᠢᠯ ᠤᠨ ᠠᠩᠬᠢ ᠶᠢ ᠲᠡᠭᠦᠰ ᠪᠦᠲᠦᠮᠵᠢ ᠲᠠᠢ ᠲᠡᠬᠦᠰᠬᠡᠬᠦ ᠶᠢᠨ ᠬᠠᠮᠳᠦ 2000 ᠣᠨ ᠤ ᠡᠬᠢᠨ ᠳᠤ ᠬᠦᠯᠦᠨ ᠪᠤᠶᠢᠷ ᠳᠡᠭᠡᠳᠦ ᠰᠤᠷᠭᠠᠭᠤᠯᠢ ᠶᠢᠨ ︽ᠵᠠᠰᠠᠭ ᠵᠠᠬᠢᠷᠭᠠᠨ ᠤ ᠬᠠᠮᠢᠶᠠᠷᠤᠯᠲᠠ︾ ᠶᠢᠨ ᠠᠩᠬᠢ ᠶᠢ ᠴᠦ ᠰᠢᠯᠢᠳᠡᠭ ᠪᠦᠲᠦᠮᠵᠢ ᠲᠠᠢ ᠲᠡᠬᠦᠰᠬᠡᠨ᠂ ᠶᠡᠭᠡ ᠰᠤᠷᠭᠠᠭᠤᠯᠢ ᠶᠢᠨ ᠦᠨᠡᠮᠯᠡᠯ ᠢ ᠬᠤᠤᠰ ᠢᠶᠠᠷ ᠭᠠᠷᠳᠠᠭᠰᠠᠨ ᠰᠤᠷᠤᠯᠭ᠎ᠠ ᠶᠢᠨ ᠨᠠᠮᠳᠠᠷ ᠲᠠᠢ᠃ ᠰᠤᠶᠤᠯᠲᠤ ᠭᠤᠸᠠᠢ 1997 ᠣᠨ ᠳᠤ ᠥᠩᠭᠡ ᠭᠡᠷᠡᠯ ᠲᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠠᠢ᠃ ᠲᠡᠷᠡ ᠰᠢᠨ᠎ᠡ ᠪᠠᠷᠭᠤ ᠵᠡᠭᠦᠨ ᠬᠤᠰᠢᠭᠤᠨ ᠤ ᠰᠤᠶᠤᠯ ᠲᠠᠮᠢᠷ ᠷᠠᠳᠢᠣ᠋ ᠲᠧᠯᠸᠢᠰ ᠰᠢᠰᠲ᠋ᠧᠮ ᠤᠨ ᠨᠠᠮ ᠤᠨ ᠶᠡᠷᠦᠩᠬᠡᠢ ᠡᠭᠦᠷ ᠤᠨ ᠰᠠᠬᠢᠯᠭ᠎ᠠ ᠪᠠᠲᠤ ᠶᠢ ᠪᠠᠶᠢᠴᠠᠭᠠᠭᠴᠢ ᠶᠢᠨ ᠲᠤᠰᠢᠶᠠᠯ ᠢ ᠬᠠᠷᠢᠭᠤᠴᠠᠵᠤ ᠢᠷᠡᠵᠡᠢ᠃       ᠲᠡᠷᠡ ᠪᠠᠰᠠ ᠬᠦᠯᠦᠨ ᠪᠤᠶᠢᠷ ᠬᠤᠲᠠ ᠶᠢᠨ ᠪᠡᠶ᠎ᠡ ᠲᠠᠮᠢᠷ ᠤᠨ ᠠᠵᠢᠯ ᠤᠨ ᠲᠡᠷᠢᠭᠦᠨ ᠤ ᠬᠤᠪᠢ ᠬᠦᠮᠦᠨ᠂ ᠲᠡᠷᠢᠭᠦᠨ ᠤ ᠠᠵᠢᠯᠲᠠᠨ᠂ ᠬᠦᠯᠦᠨ ᠪᠤᠶᠢᠷ ᠬᠤᠲᠠ ᠶᠢᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ᠂ ᠳᠡᠳ᠋ ᠲᠡᠷᠢᠭᠦᠯᠡᠭᠴᠢ ᠁ ᠵᠡᠷᠭᠡ ᠨᠡᠶᠢᠬᠡᠮ ᠤᠨ ᠡᠷᠬᠢᠮ ᠲᠤᠰᠢᠶᠠᠯ ᠲᠠᠢ ᠪᠠᠶᠢᠵᠦ ᠦᠩᠭᠡᠷᠡᠪᠡ᠃ ᠲᠡᠷᠡ ᠪᠠᠰᠠ ᠬᠤᠰᠢᠭᠤᠨ ᠤ ᠮᠤᠷᠢᠨ ᠤ ᠨᠡᠶᠢᠭᠡᠮᠯᠢᠭ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠲᠠᠢ᠃ ᠲᠡᠷᠡ ᠣᠣᠯ ᠠᠴᠠ ᠪᠠᠨ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢᠶᠠᠨ ᠴᠢᠩ ᠰᠡᠳᠭᠢᠯ ᠠᠴᠠ ᠪᠠᠨ ᠳᠡᠭᠡᠳᠦᠯᠡᠨ ᠬᠦᠨᠳᠦᠳᠬᠡᠳᠡᠭ ᠪᠦᠭᠡᠳ ᠤᠷᠠᠨ ᠵᠤᠬᠢᠶᠠᠯ ᠳᠤ ᠠᠪᠢᠶᠠᠰ ᠲᠠᠢ ᠮᠦᠷᠲᠡᠭᠡᠨ ᠳᠤᠷ᠎ᠠ ᠪᠠᠬ᠎ᠠ ᠲᠠᠢ ᠲᠤᠯᠠ ᠠᠵᠢᠯ ᠤᠨ ᠴᠢᠯᠦᠭᠡ ᠪᠠᠷ ᠢᠶᠠᠨ ᠤᠷᠢᠳ ᠬᠤᠵᠢᠳ ᠬᠤᠶᠠᠷ ᠵᠠᠭᠤ ᠰᠢᠬᠠᠮ ᠵᠤᠬᠢᠶᠠᠯ ᠪᠦᠲᠦᠭᠡᠯ ᠢᠶᠠᠨ ᠬᠤᠲᠠ ᠤᠷᠤᠨ ᠤ ᠰᠤᠨᠢᠨ ᠰᠡᠳᠭᠦᠯ ᠤᠳ ᠢᠶᠠᠷ ᠨᠡᠶᠢᠲᠡᠯᠡᠭᠦᠯᠵᠦ ᠥᠩᠭᠡᠷᠡᠵᠡᠢ᠃ ᠰᠤᠶᠤᠯᠲᠦ ᠭᠤᠸᠠᠢ ᠨᠤᠮᠤ ᠰᠤᠮᠤ᠂ ᠮᠤᠩᠭᠤᠯ ᠰᠢᠲᠠᠷ᠎ᠠ ᠶᠢᠨ ᠠᠯᠳᠠᠷᠲᠤ ᠲᠠᠮᠢᠷᠴᠢᠨ ᠪᠢᠯᠡ᠃ ᠣᠯᠠᠨ ᠵᠢᠯ ᠤᠨ ᠲᠤᠷᠰᠢ ᠬᠡᠷᠬᠡᠢ ᠲᠠᠢ ᠪᠠᠨ ᠬᠤᠶᠠᠭᠤᠯᠠ ᠨᠤᠮᠤ ᠰᠤᠮᠤ᠂ ᠲᠦᠩᠬᠦ ᠬᠠᠷᠪᠤᠯᠭ᠎ᠠ ᠶᠢᠨ ᠤᠷᠤᠯᠳᠤᠭᠠᠨ ᠢᠶᠠᠷ ᠪᠤᠭᠤᠲᠤ᠂ ᠣᠷᠳᠣᠰ᠂ ᠰᠢᠯᠢ ᠶᠢᠨ ᠭᠤᠣᠯ᠂ ᠪᠠᠶᠠᠨᠨᠠᠭᠤᠷ᠂ ᠤᠯᠠᠭᠠᠨᠬᠠᠳᠠ᠂ ᠬᠢᠩᠭᠠᠨ ᠵᠡᠷᠭᠡ ᠠᠶᠢᠮᠠᠭ ᠬᠤᠲᠠ ᠪᠠ ᠬᠦᠯᠦᠨ ᠪᠤᠶᠢᠷ ᠤᠨ ᠢᠶᠠᠨ ᠬᠠᠶᠢᠯᠠᠷ ᠲᠤᠭᠤᠷᠢᠭ᠂ ᠡᠷᠭᠦᠨ᠎ᠡ ᠬᠤᠲᠠ ᠬᠢᠭᠡᠳ ᠮᠠᠯᠵᠢᠬᠤ ᠳᠦᠷᠪᠡᠨ ᠬᠤᠰᠢᠭᠤ ᠨᠤᠭᠤᠳ ᠲᠤ ᠬᠦᠷᠴᠦ᠂ ᠤᠷᠤᠯᠳᠤᠭᠠᠨ ᠳᠤ ᠤᠷᠤᠯᠴᠠᠬᠤ ᠪᠦᠷᠢ ᠶᠡᠷᠦ ᠨᠢ ᠡᠮᠦᠨ᠎ᠡ ᠭᠤᠷᠪᠠ ᠳᠤ ᠤᠷᠣᠳᠠᠭ ᠪᠠ ᠠᠯᠳᠠ᠂ ᠮᠦᠩᠭᠦ᠂ ᠬᠦᠷᠡᠯ ᠮᠧᠲᠡᠯ ᠢ ᠡᠩᠬᠡᠷ ᠲᠦᠬᠦᠷᠡᠩ ᠵᠡᠬᠦᠭᠰᠡᠨ ᠤᠳᠠᠭ᠎ᠠ ᠲᠠᠢ᠃ ᠰᠤᠶᠤᠯᠲᠦ ᠭᠤᠸᠠᠢ ᠵᠦᠪᠬᠡᠨ ᠨᠤᠮᠤ ᠰᠤᠮᠤᠴᠢᠨ ᠳᠡᠳᠦᠢ ᠪᠢᠰᠢ ᠬᠠᠷᠢᠨ ᠭᠠᠷ ᠤᠷᠠᠯᠠᠯ ᠳᠤ ᠪᠠᠨ ᠭᠠᠶᠢᠬᠠᠮᠠᠷ ᠠᠪᠢᠶᠠᠰᠯᠢᠭ ᠬᠦᠮᠦᠨ ᠪᠢᠯᠡ᠃ ᠲᠡᠷᠡ ᠲᠠᠪᠤᠨ ᠬᠤᠰᠢᠭᠤ ᠮᠠᠯ᠂ ᠮᠤᠩᠭᠤᠯ ᠭᠡᠷ᠂ ᠮᠤᠩᠭᠤᠯ ᠰᠢᠲᠠᠷ᠎ᠠ᠂ ᠡᠪᠡᠷ ᠨᠤᠮᠤ ᠰᠤᠮᠤ᠂ ᠵᠢᠷᠠᠨ ᠫᠠᠢ᠂ ᠬᠤᠷᠢᠨ ᠳᠥᠷᠪᠡ᠂ ᠬᠤᠰᠤᠭᠤᠷ᠂ ᠮᠤᠷᠢᠨ ᠲᠤᠯᠤᠭᠠᠢ ᠶᠢᠨ ᠱᠤᠭᠤᠮᠠᠯ ᠁ ᠵᠡᠷᠭᠡ ᠶᠠᠩᠵᠤ ᠶᠠᠩᠵᠤ ᠶᠢᠨ ᠠᠯᠢ ᠤᠯᠠᠨ ᠰᠡᠶᠢᠯᠦᠮᠡᠯ ᠤᠳ ᠢ ᠨᠢᠮᠪᠠᠢ ᠰᠠᠶᠢᠬᠠᠨ ᠨᠠᠷᠢᠯᠢᠭ ᠬᠢᠴᠡ ᠲᠠᠢ ᠪᠦᠲᠦᠭᠡᠳᠡᠭ ᠤᠯᠠᠨ ᠠᠴᠠ ᠤᠨᠴᠠᠭᠠᠶᠢᠷᠠᠭᠰᠠᠨ ᠤᠯᠠᠨ ᠪᠦᠲᠦᠭᠡᠯ ᠲᠠᠢ ᠪᠢᠯᠡ᠃ ᠰᠤᠶᠤᠯᠲᠤ ᠭᠤᠸᠠᠢ ᠪᠠᠰᠠ ︽ᠳᠡᠯᠡᠬᠡᠢ ᠨᠡᠶᠢᠲᠡ ᠶᠢᠨ ᠰᠢᠲᠠᠷ᠎ᠠ︾ ᠪᠠ ︽ᠳᠤᠮᠳᠠᠳᠤ ᠶᠢᠨ ᠮᠠᠶ᠋ᠢᠭ ᠤᠨ ᠪᠦᠬᠡ︾ ᠶᠢᠨ ᠤᠯᠤᠰ ᠤᠨ ᠬᠤᠶᠠᠳᠤᠭᠠᠷ ᠳᠡᠰ ᠤᠨ ᠬᠢᠨᠠᠭᠴᠢ᠂ ᠲᠡᠷᠡᠴᠢᠯᠡᠨ ︽ᠠᠪᠤᠷᠭᠤ ᠰᠢᠳᠠᠷᠠᠴᠢᠨ︾ ᠤ ᠴᠤᠯᠠ ᠶᠢ ᠬᠠᠮᠠᠭᠠᠯᠠᠵᠤ᠂ ᠠᠯᠲᠠᠨ ᠮᠧᠲᠡᠯ ᠢᠶᠠᠷ ᠡᠩᠭᠡᠷ ᠢᠶᠠᠨ ᠮᠢᠯᠢᠶᠠᠯᠭᠠᠭᠰᠠᠨ ᠭᠢᠯᠪᠠᠭ᠎ᠠ ᠲᠠᠢ᠃       ᠨᠢᠭᠡ ᠯᠡ ᠦᠭᠡ ᠪᠠᠷ ᠬᠡᠯᠡᠪᠡᠯ᠂ ᠬᠠᠰᠤᠩᠭᠤᠸ᠎ᠠ ᠶᠢᠨ ᠨᠦᠬᠦᠷ ᠰᠤᠶᠤᠯᠲᠦ ᠭᠤᠸᠠᠢ ᠶᠢᠨ ᠠᠯᠢ ᠤᠯᠠᠨ ᠡᠷᠳᠡᠮ ᠴᠢᠳᠠᠪᠦᠷᠢ᠂ ᠠᠪᠢᠶᠠᠰ ᠪᠢᠯᠢᠭ ᠢ ᠡᠷᠬᠢᠮ ᠤᠯᠠᠨ ᠳᠤ ᠪᠠᠨ ᠲᠤᠯᠢᠯᠠᠭᠤᠯᠤᠭᠠᠳ ᠳᠠᠭᠤᠰᠤᠰᠢ ᠦᠭᠡᠢ ᠁ ᠬᠠᠰᠤᠩᠭᠤᠸ᠎ᠠ ᠶᠢᠨ ᠭᠡᠷ ᠪᠦᠯᠢ ᠶᠢᠨ ᠬᠢᠨ ᠪᠣᠯ ᠶᠤᠰᠤᠲᠠᠢ ᠨᠢᠭᠡᠨ ᠪᠤᠰᠤᠳ ᠠᠴᠠ ᠤᠷᠦ᠋ᠢᠯᠠᠭᠰᠠᠨ ᠡᠶ᠎ᠡ ᠨᠠᠶᠢᠷᠠᠮᠳᠠᠭᠤ ᠶᠢ ᠡᠷᠬᠢᠮᠯᠡᠳᠡᠭ ᠡᠶᠡᠪᠡᠷᠭᠦᠦ ᠳᠤᠯᠠᠭᠠᠨ ᠭᠡᠷ ᠪᠦᠯᠢ᠂ ᠡᠷᠳᠡᠮ ᠰᠤᠶᠤᠯ ᠢ ᠳᠡᠭᠡᠳᠦᠯᠡᠳᠡᠭ ᠤᠶᠤᠲᠠᠨ ᠢᠶᠠᠷ ᠪᠦᠷᠢᠯᠳᠦᠭᠰᠡᠨ ᠭᠡᠷ ᠪᠦᠯᠢ᠂ ᠡᠷᠬᠢᠯᠡᠭᠰᠡᠨ ᠦᠢᠯᠡᠰ ᠲᠤ ᠪᠠᠨ ᠰᠢᠯᠭᠠᠷᠠᠭᠰᠠᠨ ᠦᠯᠡᠮᠵᠢ ᠪᠦᠲᠦᠭᠡᠯ ᠲᠠᠢ ᠭᠡᠷ ᠪᠦᠯᠢ᠂ ᠨᠠᠰᠤᠲᠠᠨ ᠢᠶᠠᠨ ᠬᠦᠨᠳᠦᠯᠡᠵᠤ ᠨᠢᠯᠬᠠᠰ ᠢᠶᠠᠨ ᠨᠢᠮᠪᠠᠢ ᠬᠦᠮᠦᠵᠢᠭᠦᠯᠦᠭᠰᠡᠨ ᠨᠠᠨᠳᠢᠨ ᠠᠵᠢᠯᠯᠠᠭ᠎ᠠ ᠲᠠᠢ ᠭᠡᠷ ᠪᠦᠯᠢ᠂ ᠬᠠᠨᠴᠦᠢ ᠰᠢᠮᠠᠯᠠᠨ ᠠᠵᠢᠯᠯᠠᠳᠠᠭ ᠬᠠᠳᠠᠨ ᠵᠣᠷᠢᠭ ᠲᠠᠢ ᠭᠡᠷ ᠪᠦᠯᠢ᠂ ᠠᠷᠠᠳ ᠤᠠᠯᠨ ᠤ ᠪᠠᠨ ᠬᠠᠶᠢᠷ᠎ᠠ ᠬᠦᠷᠢᠶᠡᠯᠡᠯ ᠢ ᠬᠦᠷᠲᠡᠭᠰᠡᠨ ᠬᠦᠨᠳᠦᠲᠡᠢ ᠰᠠᠶᠢᠬᠠᠨ ᠭᠡᠷ ᠪᠦᠯᠢ᠂ ᠡᠩ ᠦᠭᠡᠢ ᠤᠯᠠᠨ ᠮᠧᠲᠡᠯ ᠭᠢᠯᠪᠠᠭ᠎ᠠ ᠶᠢ ᠡᠩᠭᠡᠷ᠂ ᠬᠠᠨ᠎ᠠ ᠪᠠᠷ ᠳᠦᠭᠦᠷᠡᠩ ᠭᠢᠯᠠᠯᠵᠠᠭᠤᠯᠤᠭᠰᠠᠨ ᠬᠢᠯᠪᠠᠭᠠᠲᠦ ᠭᠡᠷ ᠪᠦᠯᠢ᠂ ᠤᠷᠭᠢᠯ ᠳᠤ ᠭᠠᠷᠬᠤ ᠤᠮᠤᠭ ᠵᠣᠷᠢᠭ ᠢᠶᠠᠷ ᠤᠷᠤᠭᠰᠢ ᠪᠠᠨ ᠲᠡᠮᠡᠦᠯᠦᠭᠰᠡᠨ ᠰᠤᠳᠤᠨ ᠭᠡᠷ ᠪᠦᠯᠢ ᠮᠦᠨ ᠡ᠃ ᠬᠠᠨᠳᠢᠪ ᠵᠢᠳᠬᠦᠯ ᠡᠩᠬᠡ ᠶᠢᠨ ᠡᠯᠴᠢ ᠬᠠᠰᠤᠩᠭᠤᠸ᠎ᠠ᠂ ᠬᠤᠰᠢᠭᠤᠨ ᠤ ᠪᠠᠨ ᠮᠤᠩᠭᠤᠯ ᠡᠮᠨᠡᠯᠭᠡ ᠶᠢᠨ ᠬᠤᠷᠢᠶᠠᠨ ᠳᠤ 40 ᠭᠠᠷᠤᠢ ᠵᠢᠯ ᠠᠵᠢᠯᠯᠠᠭᠰᠠᠨ ᠠᠴᠠ ᠨᠠᠭᠠᠰᠢ ᠠᠵᠢᠯ ᠳᠤ ᠪᠠᠨ ᠭᠦᠨᠵᠡᠭᠡᠢ ᠰᠢᠮᠳᠡᠨ ᠬᠦᠴᠦᠲᠡᠢ ᠵᠢᠳᠭᠦᠨ᠂ ᠡᠮᠴᠢ ᠶᠢᠨ ᠡᠷᠳᠡᠮ ᠮᠡᠳᠡᠯᠭᠡ ᠪᠠᠨ ᠳᠡᠭᠡᠭᠰᠢᠯᠡᠭᠦᠯᠦᠭᠰᠡᠭᠡᠷ ᠪᠠᠶᠢᠵᠤ ᠤᠷᠢᠳ ᠬᠤᠵᠢᠳ ᠬᠡᠳᠦ ᠬᠡᠳᠦᠨ ᠴᠢᠨᠠᠷᠵᠢᠭᠤᠨ ᠦᠭᠦᠯᠡᠯ ᠢ ᠪᠢᠴᠢᠵᠤ ᠰᠣᠨᠢᠨ ᠰᠡᠳᠭᠦᠯ ᠳᠤ ᠨᠡᠶᠢᠲᠡᠯᠡᠭᠦᠯᠵᠡᠢ᠃ ᠲᠡᠭᠦᠨ ᠤ ᠪᠢᠴᠢᠭᠰᠡᠨ ︽ᠠᠯᠲᠠᠨ ᠦᠷᠢᠯ ᠢᠶᠠᠷ ᠠᠭᠤᠰᠬᠢᠨ ᠦᠮᠠᠨ ᠡᠪᠡᠳᠴᠢᠨ ᠢ ᠡᠮᠨᠡᠩᠰᠡᠨ ᠦᠢᠯᠠᠭᠠᠯᠲᠠ︾ ᠬᠡᠮᠡᠬᠦ ᠦᠭᠦᠯᠡᠯ ᠨᠢ 2003 ᠣᠨ ᠳᠤ ᠪᠦᠬᠦ ᠤᠷᠤᠨ ᠤ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠬᠤᠷᠠᠯ ᠤᠨ ᠲᠤᠰᠬᠠᠢ ᠦᠭᠦᠯᠡᠯ ᠢᠶᠠᠷ ᠲᠡᠪᠰᠢᠭᠦᠯᠦᠭᠳᠡᠵᠦ᠂ ︽ᠮᠤᠩᠭᠤᠯ ᠡᠮ ᠡᠮᠨᠡᠯᠭᠡ︾ ᠰᠡᠳᠭᠦᠯ ᠳᠤ ᠨᠡᠶᠢᠲᠡᠯᠡᠭᠳᠡᠭᠡᠳ᠂ ᠤᠯᠤᠰ ᠤᠷᠤᠨ ᠤ ᠳᠡᠰ ᠤᠨ ᠥᠭᠦᠯᠡᠯ ᠤᠨ ᠱᠠᠩᠨᠠᠯ ᠢ ᠬᠦᠷᠲᠡᠪᠡ᠃ ︽ᠴᠢᠰᠦᠨ ᠳᠠᠷᠤᠯᠲᠠ ᠦᠨᠳᠦᠷ ᠡᠪᠡᠳᠴᠢᠨ ᠢ ᠠᠭᠠᠷᠤ — 13 ᠪᠠᠷ ᠭᠤᠣᠯᠳᠠᠵᠤ ᠡᠮᠴᠢᠯᠡᠭᠰᠡᠨ ᠦᠢᠯᠠᠭᠠᠯᠲᠠ︾ ᠬᠡᠮᠡᠬᠦ ᠥᠭᠦᠯᠡᠯ ᠨᠢ 2004 ᠣᠨ ᠳᠤ ᠤᠯᠤᠰ ᠤᠷᠤᠨ ᠤ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠬᠤᠷᠠᠯ ᠤᠨ ᠥᠭᠦᠯᠡᠯ ᠤᠨ ᠡᠮᠬᠢᠳᠭᠡᠯ ᠳᠤ ᠤᠷᠤᠵᠤ᠂ 2005 ᠣᠨ ᠳᠤ ︽ᠮᠤᠩᠭᠤᠯ ᠡᠮ ᠡᠮᠨᠡᠯᠭᠡ︾ ᠰᠡᠳᠭᠦᠯ ᠳᠤ ᠨᠡᠶᠢᠲᠡᠯᠡᠭᠳᠡᠵᠡᠢ᠃ ︽ᠨᠢᠭᠤᠷ ᠤᠨ ᠰᠠ ᠡᠪᠡᠳᠴᠢᠨ ᠢ ᠡᠮᠴᠢᠯᠡᠭᠰᠡᠨ ᠦᠢᠯᠡᠭᠠᠯᠲᠠ︾ ᠬᠡᠮᠡᠬᠦ ᠥᠭᠦᠯᠡᠯ ᠨᠢ 2009 ᠣᠨ ᠳᠤ ︽ᠳᠤᠮᠳᠠᠳᠤ ᠤᠯᠤᠰ ᠤᠨ ᠮᠤᠩᠭᠤᠯ ᠡᠮ ᠡᠮᠨᠡᠯᠭᠡ︾ ᠰᠡᠳᠭᠦᠯ ᠤᠨ ᠨᠡᠶᠢᠲᠡᠯᠡᠭᠳᠡᠵᠡᠢ᠃ ︽ᠬᠠᠮᠠᠷ ᠠᠴᠠ ᠦᠷᠭᠦᠯᠵᠢ ᠴᠢᠰᠤ ᠭᠠᠷᠬᠤ ᠨᠢ ᠠᠮᠢ ᠨᠠᠰᠤᠨ ᠳᠤ ᠠᠶᠤᠯ ᠲᠠᠢ︾ ᠬᠡᠮᠡᠬᠦ ᠥᠭᠦᠯᠡᠯ ᠨᠢ ︽ᠮᠤᠩᠭᠤᠯ ᠡᠮ ᠡᠮᠨᠡᠯᠭᠡ︾ ᠰᠡᠳᠭᠦᠯ ᠳᠤ ᠨᠡᠶᠢᠲᠡᠯᠡᠭᠳᠡᠭᠰᠡᠨ ᠪᠠᠶᠢᠯ᠎ᠠ᠃ ᠳᠡᠭᠡᠷᠡᠬᠢ ᠡᠷᠳᠡᠮ ᠰᠢᠨᠵᠢᠯᠡᠬᠡᠨ ᠤ ᠰᠤᠳᠤᠯᠭᠠᠨ ᠤ ᠦᠬᠦᠯᠡᠯ ᠤᠳ ᠨᠢ ᠬᠤᠵᠢᠮ ᠤᠨ ᠮᠤᠩᠭᠤᠯ ᠡᠮ ᠡᠮᠨᠡᠯᠭᠡ ᠶᠢᠨ ᠰᠤᠳᠤᠯᠤᠯ ᠤᠨ ᠦᠢᠯᠡᠰ ᠲᠤ ᠦᠴᠦᠬᠡᠨ ᠴᠦ ᠬᠡᠰᠡᠨ ᠰᠤᠳᠤᠯᠭᠠᠨ ᠤ ᠰᠦᠪᠡᠭᠴᠢ ᠪᠤᠯᠤᠨ᠎ᠠ ᠬᠡᠳᠡᠭ ᠲᠤ ᠢᠳᠡᠭᠡᠯᠲᠡᠢ ᠪᠠᠶᠢᠨ᠎ᠠ᠃       ᠬᠠᠰᠤᠩᠭᠤᠸ᠎ᠠ ᠡᠮ ᠡᠮᠨᠡᠯᠭᠡ ᠡᠷᠳᠡᠮ ᠰᠢᠨᠵᠢᠯᠡᠭᠡᠨ ᠤ ᠥᠭᠦᠯᠡᠯ ᠶᠠᠷᠢᠶ᠎ᠠ ᠪᠠᠷ ᠢᠶᠠᠨ ᠪᠦᠬᠦ ᠤᠷᠤᠨ ᠤ ᠠᠷᠪᠠᠨ ᠬᠡᠳᠦᠨ ᠠᠶᠢᠮᠠᠭ ᠬᠤᠲᠠ ᠪᠠᠷ ᠶᠠᠪᠤᠵᠤ᠂ ᠦᠨ᠎ᠡ ᠦᠷᠳᠡᠭ ᠲᠠᠢ ᠰᠠᠨᠠᠯ ᠳᠤᠷᠠᠳᠤᠯᠭ᠎ᠠ ᠪᠠᠨ ᠳᠡᠪᠰᠢᠭᠦᠯᠵᠦ᠂ ᠦᠷᠭᠡᠨ ᠲᠦᠮᠡᠨ ᠤ ᠦᠨᠳᠦᠷ ᠦᠨᠡᠯᠡᠯᠲᠡ ᠪᠤᠯᠤᠨ ᠬᠠᠯᠠᠭᠤᠨ ᠬᠦᠷᠢᠶᠡᠯᠡᠯ ᠢ ᠬᠦᠷᠳᠡᠵᠦ᠂ ᠮᠤᠩᠭᠤᠯ ᠡᠮ ᠡᠮᠨᠡᠯᠭᠡ ᠶᠢᠨ ᠡᠷᠳᠡᠮ ᠮᠡᠳᠡᠯᠭᠡ᠂ ᠠᠪᠢᠶᠠᠰ ᠪᠢᠯᠢᠭ ᠢᠶᠠᠨ ᠨᠡᠩ ᠦᠨᠳᠦᠷ ᠲᠦᠪᠰᠢᠨ ᠳᠤ ᠬᠦᠷᠭᠡᠵᠡᠢ᠃ ᠬᠠᠰᠤᠩᠭᠤᠸ᠎ᠠ ᠡᠮᠴᠢ ᠮᠠᠨᠢ ᠬᠠᠭᠠᠰ ᠵᠠᠭᠤᠨ ᠤ ᠲᠤᠷᠰᠢ ᠪᠦᠬᠦ ᠰᠡᠳᠬᠢᠯ ᠰᠠᠨᠠᠭ᠎ᠠ᠂ ᠪᠦᠬᠦ ᠬᠦᠴᠦᠨ ᠴᠢᠳᠠᠯ᠂ ᠪᠦᠬᠦ ᠡᠷᠳᠡᠮ ᠰᠤᠶᠤᠯ᠂ ᠪᠦᠬᠦ ᠬᠦᠰᠡᠯ ᠮᠦᠷᠦᠭᠡᠳᠦᠯ ᠢᠶᠠᠨ ᠡᠷᠡᠬᠦᠯ ᠡᠩᠬᠡ ᠶᠢᠨ ᠲᠦᠯᠦᠭᠡ ᠵᠠᠭᠤᠨ ᠬᠤᠪᠢ ᠪᠠᠷ ᠪᠠᠳᠤᠳᠠᠢ ᠪᠡᠶᠡᠯᠡᠬᠦᠯᠵᠡᠢ᠃ ᠲᠡᠷᠡ ᠪᠠᠷ᠂ ᠨᠤᠳᠤᠭ ᠤᠨ ᠪᠤᠶᠠᠨ᠂ ᠬᠦᠳᠡᠯᠮᠦᠷᠢ ᠶᠢᠨ ᠪᠤᠶᠠᠨ᠂ ᠳᠡᠭᠡᠳᠦᠰ ᠤᠨ ᠪᠤᠶᠠᠨ᠂ ᠤᠬᠠᠭᠠᠨ ᠤ ᠪᠤᠶᠠᠨ ᠢᠶᠠᠷ ᠢᠶᠠᠨ ᠨᠠᠨᠳᠢᠨ ᠬᠢᠯᠪᠠᠭ᠎ᠠ ᠨᠠᠷᠮᠠᠢ ᠠᠯᠳᠠᠷ ᠢᠶᠠᠨ ᠮᠠᠨᠳᠤᠭᠤᠯᠤᠭᠰᠠᠭᠠᠷ ᠪᠠᠶᠢᠵᠦ᠂ ᠨᠠᠰᠤᠨ ᠤ ᠨᠠᠮᠤᠷ ᠢᠶᠠᠨ ᠵᠢᠪᠬᠤᠭ᠎ᠠ ᠲᠠᠢ ᠤᠭᠳᠤᠵᠠᠢ᠃ ᠠᠵᠢᠯ ᠠᠴᠠ ᠪᠠᠨ ᠲᠠᠷᠬᠠᠯᠭ᠍ᠳᠠᠭᠰᠠᠨ ᠤ ᠳᠠᠷᠠᠭ᠎ᠠ 8 ᠵᠢᠯ ᠳᠠᠷᠠᠭᠠᠯᠠᠨ᠂ ᠤᠤᠯ ᠤᠨ ᠠᠵᠢᠯᠯᠠᠵᠤ ᠪᠠᠶᠢᠭᠰᠠᠨ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠳᠤ ᠪᠠᠨ ᠤᠷᠢᠭᠳᠠᠨ ᠠᠵᠢᠯᠯᠠᠵᠤ᠂ ᠨᠠᠰᠤ ᠨᠢᠭᠡᠨᠳᠡ ᠠᠬᠢᠭᠰᠠᠨ ᠪᠤᠯᠪᠠᠴᠦ ᠮᠦᠨ ᠯᠡ ᠬᠠᠯᠠᠭᠤᠨ ᠰᠡᠳᠬᠢᠯ ᠬᠠᠨᠳᠢᠪᠯᠠᠬᠤ ᠵᠤᠷᠢᠭ ᠢᠶᠠᠷ ᠠᠵᠢᠯ ᠳᠤ ᠪᠠᠨ ᠬᠠᠨᠳᠦᠪᠠ᠃ ᠡᠪᠡᠳᠴᠢᠳᠡᠨ ᠪᠦᠬᠦᠨ ᠢ ᠬᠠᠯᠠᠮᠵᠢᠯᠠᠨ ᠬᠠᠷᠠᠭᠠᠯᠵᠠᠵᠤ᠂ ᠡᠪᠡᠳᠴᠢᠨ ᠲᠠᠬᠤᠯ ᠲᠠᠢ ᠬᠦᠮᠦᠰ ᠤᠨ ᠭᠡᠷ ᠲᠤ ᠨᠢ ᠤᠴᠢᠵᠤ ᠡᠮᠨᠡᠬᠦ᠂ ᠡᠮ ᠲᠠᠩ ᠬᠦᠷᠭᠡᠬᠦ᠂ ᠲᠠᠷᠢᠯᠭ᠎ᠠ ᠬᠢᠵᠦ ᠥᠭᠬᠦ᠂ ᠠᠯᠤᠰ ᠬᠦᠳᠡᠭᠡ ᠠᠴᠠ ᠡᠪᠡᠳᠴᠢᠲᠡᠨ ᠢᠷᠡᠪᠡᠯ ᠳᠠᠷᠤᠢ ᠲᠦᠷᠭᠡᠨ ᠡᠮᠴᠢᠯᠡᠵᠤ ᠥᠭᠬᠦ ᠁ ᠵᠡᠷᠭᠡ ᠪᠠᠷ ᠠᠯᠢ ᠤᠯᠠᠨ ᠦᠢᠯᠡᠴᠢᠯᠡᠭᠡ ᠶᠢ ᠬᠠᠩᠭᠠᠨ ᠢᠯᠡᠷᠢ ᠪᠤᠯᠭᠠᠭᠰᠠᠨ ᠪᠢᠯᠡ᠃ ᠨᠢᠭᠡ ᠤᠳᠠᠭ᠎ᠠ ᠨᠢᠳᠦᠨ ᠬᠠᠷᠠᠭ᠎ᠠ ᠨᠢ ᠨᠢᠭᠡᠮᠦᠰᠦᠨ ᠮᠠᠭᠤᠲᠠᠭᠰᠠᠨ ᠨᠠᠰᠤᠲᠠᠢ ᠡᠵᠢ ᠡᠷᠢᠬᠦ ᠪᠠᠷ ᠢᠷᠡᠭᠰᠡᠨ ᠳᠤ ᠠᠷᠭ᠎ᠠ ᠪᠦᠬᠦᠨ ᠢ ᠰᠦᠪᠡᠭᠴᠢᠯᠡᠨ᠂ ᠡᠮ ᠲᠠᠩ ᠤᠤᠭᠤᠯᠭᠠᠬᠤ ᠪᠤᠶᠤ ᠤᠯᠠᠨ ᠡᠮᠴᠢᠯᠡᠭᠡ ᠪᠠᠷ ᠤᠷᠤᠯᠳᠤᠨ ᠵᠠᠰᠠᠭᠠᠳ᠂ ᠬᠠᠮᠤᠭ ᠰᠡᠭᠦᠯ ᠳᠤ ᠪᠠᠨ ᠬᠠᠰᠢ ᠯᠡ ᠬᠠᠷᠠᠭ᠎ᠠ ᠤᠷᠤᠭᠤᠯᠵᠦ ᠴᠢᠳᠠᠵᠠᠢ᠃ ᠲᠡᠷᠡ ᠡᠵᠢ ᠠᠭᠤᠳᠠᠮ ᠳᠡᠯᠡᠬᠡᠢ ᠶᠢ ᠳᠠᠬᠢᠨᠲᠠ ᠣᠯᠵᠣ ᠬᠠᠷᠠᠭᠰᠠᠨ ᠳᠤ ᠪᠠᠨ ᠴᠢᠩ ᠰᠡᠳᠭᠢᠯ ᠠᠴᠠ ᠪᠠᠨ ᠪᠠᠶᠠᠷᠯᠠᠵᠠᠢ᠃ ᠳᠡᠭᠡᠭᠡᠳ ᠤᠳᠠᠴᠢ ᠬᠠᠰᠤᠩᠭᠤᠸ᠎ᠠ ᠶᠢᠨ ᠤᠷ᠎ᠠ ᠮᠡᠷᠭᠡᠵᠢᠯ ᠢ ᠣᠯᠠᠨ ᠳᠠᠶᠠᠭᠠᠷ ᠲᠤ ᠨᠡᠩ ᠴᠤᠤᠷᠢᠶᠠᠲᠤᠭᠤᠯᠵᠠᠢ᠃ ᠪᠠᠰᠠ ᠨᠢᠭᠡᠨ ᠤᠳᠠᠭ᠎ᠠ ᠮᠤᠬᠤᠷ ᠤᠯᠤᠭᠠᠢ ᠶᠢᠨ ᠦᠷᠪᠢᠰᠦᠯ ᠲᠠᠢ ᠬᠦᠨᠳᠦ ᠡᠪᠡᠳᠴᠢᠲᠡᠨ ᠡᠷᠢᠵᠤ ᠢᠷᠡᠭᠰᠡᠨ ᠳᠤ᠂ ᠪᠠᠰᠠ ᠯᠡ ᠶᠠᠩᠵᠤ ᠶᠠᠩᠵᠤ ᠶᠢᠨ ᠠᠷᠭ᠎ᠠ ᠬᠡᠮᠵᠢᠶ᠎ᠡ ᠠᠪᠴᠦ ᠢᠯᠡᠷᠢ ᠰᠠᠶᠢᠨ ᠪᠣᠯᠭᠠᠭᠠᠳ ᠶᠠᠪᠤᠭᠤᠯᠵᠠᠢ᠃       ᠡᠨᠡ ᠮᠡᠳᠦ ᠪᠠᠷ ᠴᠢᠰᠤᠨ ᠳᠠᠷᠤᠯᠲᠠ ᠨᠢ ᠮᠠᠰᠢ ᠦᠨᠳᠦᠷ ᠡᠪᠡᠳᠴᠢᠲᠡᠨ ᠢ ᠡᠮᠴᠢᠯᠡᠨ ᠵᠠᠰᠠᠭᠠᠳ ᠢᠯᠡᠷᠢ ᠪᠤᠯᠭᠠᠭᠰᠠᠨ᠂ ᠬᠦᠯ ᠨᠢᠷᠦᠭᠤ ᠶᠢᠨ ᠬᠦᠨᠳᠦ ᠡᠪᠡᠳᠴᠢᠳᠡᠨ ᠢ ᠦᠪᠡᠷ ᠤᠨ ᠬᠡᠷ ᠲᠤ ᠪᠠᠨ ᠠᠪᠴᠦ ᠰᠠᠭᠤᠯᠭᠠᠵᠦ ᠪᠠᠶᠢᠭᠠᠳ ᠡᠮᠨᠡᠨ ᠵᠠᠰᠠᠭᠠᠳ ᠢᠯᠡᠷᠢ ᠰᠠᠶᠢᠨ ᠪᠤᠯᠭᠠᠭᠰᠠᠨ ᠮᠡᠲᠦ ᠶᠢᠨ ᠵᠢᠱᠢᠶ᠎ᠡ ᠮᠣᠩ ᠦᠭᠡᠢ ᠤᠯᠠᠨ ᠁ ᠵᠥᠭ ᠪᠦᠷᠢ ᠠᠴᠠ ᠢᠷᠡᠭᠰᠡᠨ ᠵᠦᠢᠯ ᠵᠦᠢᠯ ᠤᠨ ᠡᠪᠡᠳᠴᠢᠲᠡᠨ᠂ ᠵᠦᠭᠡᠷ ᠰᠠᠶᠢᠨ ᠪᠣᠯᠵᠠᠭᠠᠭᠰᠠᠨ ᠤ ᠪᠠᠨ ᠳᠠᠷᠠᠭ᠎ᠠ᠂ ᠡᠷᠡᠬᠡᠢ ᠬᠤᠷᠤᠭᠤ ᠪᠠᠨ ᠭᠤᠵᠦ᠋ᠢᠯᠭᠠᠨ ᠪᠠᠶᠢᠵᠤ᠂ ᠠᠮᠠ ᠠᠮᠠ ᠠᠴᠠ ᠪᠠᠨ ᠮᠠᠭᠲᠠᠨ ᠶᠠᠷᠢᠵᠠᠭᠠᠨ᠂ ᠠᠮᠵᠢᠯᠲᠠ ᠪᠦᠲᠦᠮᠵᠢ ᠶᠢ ᠨᠢ ᠦᠨᠳᠦᠷ ᠠᠴᠠ ᠦᠨᠳᠦᠷ ᠦᠨᠡᠯᠡᠭᠰᠡᠭᠡᠷ ᠡ᠃ ᠡᠩᠬᠡ ᠶᠢᠨ ᠡᠯᠴᠢ — ᠬᠠᠰᠤᠩᠭᠤᠸ᠎ᠠ᠂ ᠨᠠᠮ ᠠᠷᠠᠳ ᠲᠦᠮᠡᠨ ᠤ ᠪᠠᠨ ᠡᠷᠡᠬᠦᠯ ᠬᠠᠮᠠᠭᠠᠯᠠᠯ ᠤᠨ ᠦᠢᠯᠡᠰ ᠤᠨ ᠲᠦᠯᠦᠭᠡ ᠵᠠᠵᠢᠨ ᠦᠰᠦ ᠨᠢ ᠴᠠᠶᠢᠳᠠᠯ᠎ᠠ ᠪᠠᠨ ᠲᠡᠮᠡᠴᠡᠬᠡᠳ᠂ ᠪᠦᠬᠦᠯᠢ ᠲᠠᠪᠢᠨ ᠵᠢᠯ ᠤᠨ ᠲᠤᠷᠰᠢ᠂ ᠡᠷᠬᠢᠯᠡᠭᠰᠡᠨ ᠠᠵᠢᠯ ᠤᠨ ᠢᠶᠠᠨ ᠮᠡᠷᠭᠡᠵᠢᠯ ᠢᠶᠠᠷ᠂ ᠡᠮ ᠡᠮᠨᠡᠯᠭᠡ ᠶᠢᠨ ᠠᠵᠢᠯ ᠢᠶᠠᠨ ᠡᠨᠡᠷᠢᠩᠬᠦᠢ ᠳᠤᠯᠠᠭᠠᠨ ᠴᠢᠷᠠᠢ ᠪᠠᠷ᠂ ᠡᠶᠡᠯᠳᠡᠭ ᠵᠦᠭᠡᠯᠡᠨ ᠬᠠᠷᠠᠴᠠ ᠪᠠᠷ᠂ ᠡᠯᠢᠭᠡ ᠵᠢᠷᠦᠬᠡᠨ ᠤ ᠪᠠᠨ ᠬᠦᠴᠦᠨ ᠢᠶᠠᠷ᠂ ᠡᠷᠴᠢ ᠵᠣᠷᠢᠭ ᠢᠶᠠᠨ ᠲᠡᠭᠦᠰ ᠪᠠᠳᠠᠷᠠᠭᠤᠯᠤᠨ᠂ ᠢᠯᠠᠭᠤᠭᠰᠠᠨ ᠳᠠᠭᠤᠯᠠᠯ ᠢᠶᠠᠨ ᠭᠢᠯᠪᠠᠭ᠎ᠠ ᠲᠠᠢ ᠪᠢᠴᠢᠭᠯᠡᠵᠡᠢ᠃ ︽ᠬᠦᠮᠦᠨ ᠨᠤᠳᠤᠭ ᠬᠡᠭᠴᠢ ᠬᠦᠢᠰᠦ ᠨᠢᠭᠡᠳᠡᠢ᠂ ᠠᠭᠠᠷ ᠨᠢ ᠡᠮ᠂ ᠤᠰᠤ ᠨᠢ ᠰᠦ︾ ᠭᠡᠳᠡᠭᠴᠢᠯᠡᠨ ᠡᠨᠡ ᠬᠦ ᠪᠠᠷᠭᠤ ᠶᠢᠨ ᠰᠠᠷᠠᠭᠤᠯ ᠨᠤᠳᠤᠭ ᠲᠤ ᠪᠠᠨ ᠡᠩᠬᠡ ᠶᠢᠨ ᠡᠯᠴᠢ ᠪᠤᠯᠤᠭᠰᠠᠨ ᠬᠠᠰᠤᠩᠭᠤᠸ᠎ᠠ ᠡᠮᠴᠢ ᠮᠠᠨᠢ ᠦᠯᠡᠮᠵᠢ ᠶᠡᠭᠡ ᠬᠦᠴᠦᠨ ᠵᠢᠳᠬᠦᠯ ᠢᠶᠠᠨ ᠦᠯᠡᠳᠡᠭᠡᠯ ᠦᠭᠡᠢ ᠡᠷᠬᠦᠵᠡᠢ᠃ ᠣᠳᠣ ᠴᠦ ᠭᠡᠰᠡᠨ ᠬᠠᠰᠤᠩᠭᠤᠸ᠎ᠠ ᠡᠮᠴᠢ ᠮᠠᠨᠢ᠂ ᠡᠮᠴᠢ ᠶᠢᠨ ᠠᠵᠢᠯ ᠢᠶᠠᠨ ᠶᠠᠭᠤᠨ ᠠᠴᠠ ᠴᠦ ᠢᠯᠡᠭᠦᠦ ᠳᠡᠭᠡᠳᠦᠯᠡᠨ ᠪᠠᠶᠢᠵᠤ᠂ ᠳᠠᠯᠠ ᠶᠢᠨ ᠳᠠᠪᠠᠭ᠎ᠠ ᠶᠢ ᠰᠠᠷᠠᠪᠴᠢᠯᠠᠨ ᠬᠠᠷᠠᠭᠠᠳ᠂ ᠬᠦᠰᠡᠯ ᠲᠡᠮᠦᠯᠡᠯ ᠢᠶᠠᠨ ᠬᠦᠴᠦ ᠲᠠᠢ ᠪᠠᠬ᠎ᠠ ᠲᠠᠢ ᠬᠦᠬᠡᠬᠡᠴᠡᠯᠳᠦᠨ ᠶᠠᠪᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠳᠤᠷᠠᠰᠬᠠᠯᠲᠤ ᠴᠠᠭ ᠮᠦᠴᠡ ᠳᠤ᠂ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢᠶᠠᠨ ᠪᠠᠳᠠᠷᠠᠭᠤᠯᠤᠨ᠂ ᠦᠪᠡᠷ ᠤᠨ ᠭᠡᠰᠡᠨ ᠥᠩᠭᠡ ᠭᠡᠷᠡᠯ ᠦᠢᠯᠡᠰ ᠤᠨ ᠭᠢᠯᠪᠠᠭ᠎ᠠ ᠪᠠᠨ ᠥᠷᠥ ᠵᠢᠷᠦᠬᠡᠨ ᠠᠴᠠ ᠪᠠᠨ ᠡᠷᠭᠦᠨ ᠪᠠᠷᠢᠵᠤ ᠪᠠᠶᠢᠨᠠᠮ᠃       ᠲᠡᠭᠦᠨ ᠤ ︽ᠪᠠᠷᠭᠤ ᠶᠢᠨ ᠰᠣᠳᠣᠨ ᠦᠷᠡᠰ︾ ᠬᠡᠬᠦ ᠨᠤᠮ ᠪᠣᠯᠣᠨ ᠡᠩᠬᠡ ᠶᠢᠨ ᠡᠯᠴᠢ ᠶᠢᠨ ᠶᠡᠭᠡ ᠪᠦᠲᠦᠭᠡᠯ ᠡᠷᠬᠢᠮ ᠠᠵᠢᠯᠯᠠᠭ᠎ᠠ ᠠᠴᠠ ᠨᠢ ᠮᠠᠨ ᠤ ᠵᠠᠯᠠᠭᠤ ᠨᠢᠭᠡ ᠦᠶ᠎ᠡ ᠶᠢᠨ ᠬᠢᠨ ᠤᠭ ᠴᠢᠨᠠᠷ ᠢᠶᠠᠨ ᠮᠠᠷᠲᠠᠯ ᠦᠭᠡᠢ᠂ ᠣᠮᠤᠭ ᠡᠷᠴᠢ ᠪᠠᠨ ᠴᠢᠩᠭᠠᠯᠠᠵᠤ᠂ ᠡᠷᠬᠢᠯᠡᠭᠰᠡᠨ ᠠᠵᠢᠯ ᠦᠢᠯᠡᠰ ᠢᠶᠠᠨ ᠡᠷᠴᠢᠮ ᠲᠠᠢ ᠪᠡᠶᠡᠯᠡᠭᠦᠯᠵᠦ᠂ ᠵᠢᠳᠬᠦᠯ ᠤᠷᠤᠯᠳᠤᠯᠭ᠎ᠠ ᠪᠠᠨ ᠬᠦᠪᠴᠢᠯᠡᠬᠦ ᠶᠢ ᠠᠳᠡ ᠬᠦᠰᠡᠨ ᠨᠠᠶᠢᠳᠠᠵᠤ ᠪᠠᠶᠢᠨᠠᠮ᠃ ᠡᠮᠴᠢ ᠬᠠᠰᠤᠩᠭᠤᠸ᠎ᠠ ᠶᠢᠨ ᠶᠠᠭᠤ ᠰᠠᠨᠠᠭᠰᠠᠨ ᠶᠢᠰᠦᠨ ᠬᠦᠰᠡᠯ ᠨᠢ ᠪᠡᠶᠡᠯᠡᠬᠦ ᠪᠤᠯᠲᠤᠭᠠᠢ ᠬᠡᠮᠡᠨ ᠵᠦᠩᠨᠡᠶ᠎ᠡ᠃       ᠵᠤᠬᠢᠶᠠᠭᠴᠢ ᠶᠢᠨ ᠬᠠᠶ᠋ᠢᠭ᠄ ᠬᠦᠬᠡᠬᠤᠲᠠ ᠶᠢᠨ ᠭᠤᠴᠢᠳᠤᠭᠠᠷ ᠳᠤᠮᠳᠠᠳᠦ ᠰᠤᠷᠭᠠᠭᠤᠯᠢ ︵ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠰᠤᠷᠭᠠᠭᠤᠯᠢ︶ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ