ᠵᠢᠭᠤᠯᠴᠢᠯᠠᠯ ᠨᠢ ᠤᠯᠠᠨ ᠨᠡᠶᠢᠲᠡ ᠶᠢᠨ ᠨᠢᠭᠡ ᠵᠦᠢᠯ ᠤᠨ ᠠᠮᠢᠳᠤᠷᠠᠯ ᠤᠨ ᠰᠢᠨ᠎ᠡ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠪᠣᠳᠠᠰ ᠤᠨ ᠪᠤᠰᠤ | ᠰᠣᠶᠣᠯ ᠤᠨ ᠥᠪ ᠢ ᠦᠢᠯᠡᠳᠦᠯᠭᠡᠵᠢᠭᠦᠯᠵᠦ ᠬᠡᠷᠡᠭᠯᠡᠭᠡᠨ ᠳᠤ ᠤᠷᠤᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ | ᠬᠥᠭᠵᠢᠭᠡᠭᠰᠡᠨ ᠪᠠᠶᠢᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠠᠮᠢᠯᠠᠭᠤᠯᠤᠨ ᠤᠯᠠᠮᠵᠢᠯᠠᠬᠤ ᠪᠣᠯ ᠪᠢᠳᠠᠨ ᠤ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠪᠠᠰᠠ ᠴᠢᠬᠤᠯᠠ | ᠬᠥᠭᠵᠢᠯᠲᠡ ᠶᠢᠨ ᠠᠵᠠ ᠲᠣᠭᠢᠶᠠᠯ ᠪᠣᠯᠬᠤ ᠶᠤᠮ᠃ ᠪᠣᠳᠠᠰ ᠤᠨ ᠪᠤᠰᠤ ᠰᠣᠶᠣᠯ ᠤᠨ ᠥᠪ ᠤᠨ ᠪᠠᠶᠠᠯᠢᠭ ᠠᠭᠤᠷᠬᠠᠢ ᠶᠢ ᠨᠡᠭᠡᠭᠡᠨ ᠠᠭᠤᠳᠠᠯᠵᠤ᠂ ᠡᠷᠳᠡᠮᠲᠡᠨ ᠮᠡᠷᠭᠡᠳ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠲᠦᠭᠡᠯᠴᠢ ᠪᠠᠷ ᠰᠢᠯᠵᠢᠭᠦᠯᠬᠦ ᠨᠢ ᠪᠣᠳᠠᠰ ᠤᠨ ᠪᠤᠰᠤ ᠰᠣᠶᠣᠯ ᠤᠨ ᠥᠪ ᠤᠨ ᠯᠤᠲᠤ ᠶᠡᠭᠡ ᠰᠣᠶᠣᠯ ᠤᠨ ᠦᠷᠳᠡᠭ᠂ | ᠲᠡᠦᠬᠡ ᠶᠢᠨ ᠦᠷᠳᠡᠭ ᠪᠣᠯᠣᠨ ᠠᠵᠤ ᠠᠬᠤᠢ ᠶᠢᠨ ᠦᠷᠳᠡᠭ ᠢ ᠢᠯᠡᠷᠡᠭᠦᠯᠵᠦ ᠴᠢᠳᠠᠨ᠎ᠠ᠃ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ | ᠠᠭᠤᠰᠤᠯᠴᠠᠯ ᠨᠢ ᠨᠢᠭᠡ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠬᠥᠭᠵᠢᠭᠡᠬᠦ᠂ ᠠᠷᠠᠳ ᠤᠨ ᠠᠮᠢᠳᠤᠷᠠᠯ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠨᠠᠩ | ᠣᠯᠠᠨ ᠪᠣᠯᠣᠯᠴᠠᠭ᠎ᠠ ᠠᠪᠴᠢᠷᠠᠬᠤ ᠪᠣᠯᠣᠨ᠎ᠠ᠃ ᠮᠠᠨ ᠤ ᠤᠯᠤᠰ ᠲᠤ 80 ᠭᠠᠷᠤᠢ ᠲᠦᠮᠡᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠤᠢ᠂ ᠲᠤᠭ᠎ᠠ | ᠬᠡᠮᠵᠢᠶ᠎ᠡ ᠨᠢ ᠶᠡᠭᠡ᠂ ᠲᠦᠷᠦᠯ ᠵᠦᠢᠯ ᠨᠢ ᠤᠯᠠᠨ᠂ ᠬᠦᠷᠢᠶ᠎ᠡ ᠬᠡᠪᠴᠢᠶ᠎ᠡ ᠨᠢ ᠥᠷᠭᠡᠨ᠂ ᠣᠳᠣᠬᠠᠨ ᠳᠤ ᠠᠰᠢᠭᠯᠠᠭᠳᠠᠵᠤ ᠪᠠᠶᠢᠭ᠎ᠠ ᠨᠢ ᠵᠥᠪᠬᠡᠨ ᠲᠡᠭᠦᠨ ᠤ ᠳᠣᠲᠣᠷᠠᠬᠢ | ᠮᠠᠰᠢ ᠪᠠᠭ᠎ᠠ ᠬᠡᠰᠡᠭ ᠨᠢ ᠪᠣᠯᠣᠨ᠎ᠠ᠂ ᠢᠷᠡᠭᠡᠳᠦᠢ ᠳᠤ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠢᠭᠤᠯᠴᠢᠯᠠᠯ ᠤᠨ ᠠᠭᠤᠰᠤᠯᠴᠠᠯ ᠤᠨ ᠣᠷᠣᠨ ᠵᠠᠢ ᠶᠡᠭᠡ᠂ ᠡᠭᠦᠷᠭᠡ | ᠬᠦᠨᠳᠦ ᠪᠠᠶᠢᠨ᠎ᠠ᠃ ᠡᠶᠢᠮᠦ ᠠᠴᠠ ᠲᠥᠷᠥ ᠶᠢᠨ ᠪᠣᠳᠣᠯᠭ᠎ᠠ ᠪᠠᠷ ᠬᠥᠲᠥᠯᠬᠦ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠬᠥᠭᠵᠢᠯᠲᠡ ᠶᠢᠨ | ᠨᠡᠶᠢᠯᠡᠯ ᠬᠦᠴᠦᠨ ᠢ ᠪᠦᠷᠢᠯᠳᠦᠭᠦᠯᠦᠨ᠂ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠬᠦ ᠶᠢ ᠲᠤᠯᠭᠠᠮ ᠱᠠᠭᠠᠷᠳᠠᠵᠤ ᠪᠠᠶᠢᠨ᠎ᠠ᠃ | ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠢᠶᠠᠷ ᠤᠯᠠᠮᠵᠢᠯᠠᠬᠤ ᠶᠢ ᠪᠠᠶᠠᠯᠢᠭᠵᠢᠭᠤᠯᠤᠨ᠎ᠠ᠃ ᠠᠷᠠᠳ ᠤᠨ ᠳᠤᠮᠳᠠ ᠲᠠᠷᠬᠠᠵᠤ | ᠪᠠᠶᠢᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠵᠠᠷᠢᠮ ᠨᠢ ᠠᠮᠢᠳᠤᠷᠠᠯ ᠳᠤᠮᠳᠠ ᠬᠡᠷᠡᠭᠯᠡᠭᠳᠡᠬᠦ ᠦᠭᠡᠢ ᠪᠣᠯᠤᠭᠰᠠᠨ ᠠᠴᠠ ᠤᠰᠠᠳᠤᠮᠠᠷ ᠪᠣᠯᠵᠠᠢ᠂ ᠭᠡᠪᠡᠴᠦ ᠶᠡᠭᠡ | ᠬᠡᠪᠴᠢᠶᠡᠨ ᠤ ᠬᠥᠳᠡᠯᠦᠩᠭᠦᠢ ᠵᠢᠭᠤᠯᠴᠢᠯᠠᠯ ᠤᠨ ᠠᠵᠢᠯᠯᠠᠭ᠎ᠠ ᠨᠢ ᠶᠠᠭ ᠰᠠᠶᠢᠬᠠᠨ ᠡᠨᠡ ᠬᠦ ᠳᠤᠲᠠᠭᠳᠠᠯ ᠢ ᠨᠥᠬᠦᠪᠦᠷᠢᠯᠡᠭᠰᠡᠨ ᠪᠠᠶᠢᠨ᠎ᠠ᠃ ᠥᠪᠡᠷᠮᠢᠴᠡ ᠣᠨᠴᠠᠯᠢᠭ ᠢᠶᠠᠷ | ᠪᠢᠯᠬᠠᠮ᠎ᠠ ᠨᠤᠲᠤᠭ ᠤᠰᠤᠨ ᠤ ᠵᠠᠩ ᠦᠢᠯᠡ᠂ ᠭᠦᠷ ᠬᠥᠭᠵᠢᠶᠡᠨ ᠲᠠᠢ ᠪᠠᠶᠠᠷ ᠳᠤᠷᠠᠰᠬᠠᠯ ᠤᠨ ᠠᠵᠢᠯᠯᠠᠭ᠎ᠠ᠂ ᠥᠩᠭᠡ ᠢᠯᠭᠠᠷᠠᠨ ᠰᠣᠯᠣᠩᠭᠠᠷᠠᠬᠤ ᠦᠨᠳᠦᠰᠦᠲᠡᠨ ᠤ | ᠬᠤᠪᠴᠠᠰᠤ ᠵᠠᠰᠠᠯ᠂ ᠥᠪᠡᠷ ᠥᠪᠡᠷ ᠤᠨ ᠣᠨᠴᠠᠭᠠᠢ ᠡᠷᠳᠡᠮ ᠲᠠᠢ ᠭᠠᠷ ᠤᠷᠠᠯᠠᠯ᠂ ᠦᠨᠦᠷ ᠠᠮᠲᠠ ᠪᠠᠷ ᠢᠶᠠᠨ ᠣᠨᠴᠠᠯᠢᠭᠳᠠᠬᠤ ᠣᠷᠣᠨ ᠨᠤᠲᠤᠭ ᠤᠨ ᠠᠮᠲᠠᠲᠤ | ᠢᠳᠡᠭᠡᠨ᠂ ᠢᠳᠡᠬᠦ ᠤᠤᠭᠤᠬᠤ ᠬᠤᠨᠣᠬᠤ ᠶᠠᠪᠤᠬᠤ ᠵᠢᠭᠤᠯᠴᠢᠯᠠᠬᠤ ᠬᠤᠳᠠᠯᠳᠤᠨ ᠠᠪᠬᠤ ᠴᠡᠩᠭᠡᠬᠦ ᠪᠦᠭᠦ ᠲᠠᠯ᠎ᠠ ᠪᠠᠷ ᠵᠢᠭᠤᠯᠴᠢᠯᠠᠯ ᠳᠤ ᠬᠦᠴᠦᠨ ᠨᠡᠮᠡᠷᠢᠯᠡᠨ᠎ᠡ᠃ | ᠦᠵᠡᠮᠵᠢ ᠶᠢᠨ ᠣᠷᠣᠨ ᠨᠢ ᠪᠣᠳᠠᠰ ᠤᠨ ᠪᠤᠰᠤ ᠰᠣᠶᠣᠯ ᠤᠨ ᠥᠪ ᠢ ᠠᠭᠤᠰᠤᠯᠴᠠᠭᠤᠯᠤᠭᠰᠠᠨ ᠠᠴᠠ ᠪᠣᠯᠵᠤ ᠶᠠᠰᠤ ᠴᠢᠨᠠᠷ ᠨᠢ ᠳᠡᠭᠡᠭᠰᠢᠯᠡᠵᠦ᠂ ᠣᠷᠣᠨ ᠨᠤᠲᠤᠭ ᠤᠨ | ᠬᠢᠨ ᠣᠨᠴᠠᠯᠢᠭᠲᠤ ᠬᠥᠭᠵᠢᠯᠲᠡ ᠠᠴᠠ ᠪᠣᠯᠵᠤ ᠳᠠᠪᠠᠭᠤᠯᠢᠭ ᠢᠶᠠᠨ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠠᠮᠢᠳᠤᠯᠢᠭ ᠤᠯᠠᠮᠵᠢᠯᠠᠯ ᠠᠴᠠ ᠪᠣᠯᠵᠤ | ᠠᠮᠢᠵᠢᠷᠠᠯ ᠤᠨ ᠬᠦᠴᠦᠨ ᠨᠢ ᠨᠡᠮᠡᠭᠳᠡᠵᠦ ᠪᠠᠶᠢᠨ᠎ᠠ᠃ ᠡᠶᠢᠮᠦ ᠪᠣᠯᠬᠤᠷ ᠪᠣᠳᠠᠰ ᠤᠨ ᠪᠤᠰᠤ ᠰᠣᠶᠣᠯ ᠤᠨ ᠥᠪ ᠢ ᠬᠥᠭᠵᠢᠵᠦ ᠳᠡᠶᠢᠯᠭᠦ ᠦᠭᠡᠢ᠂ ᠤᠯᠠᠮᠵᠢᠯᠠᠵᠤ ᠳᠡᠶᠢᠯᠭᠦ | ᠦᠭᠡᠢ ᠭᠡᠵᠦ ᠵᠣᠪᠠᠭ᠋ᠤ ᠤᠴᠢᠷ ᠶᠠᠭᠤᠨ︖ | ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠠᠰᠢᠭᠯᠠᠯᠲᠠ ᠳᠤ ᠬᠥᠭᠵᠢᠯᠲᠡ ᠶᠢᠨ ᠬᠥᠳᠡᠯᠭᠡᠭᠦ ᠬᠦᠴᠦᠨ ᠨᠡᠮᠡᠷᠢᠯᠡᠨ᠎ᠡ᠃ ᠵᠠᠬ᠎ᠠ ᠳᠡᠯᠭᠡᠭᠦᠷ ᠤᠨ | ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠶᠣᠰᠣ ᠭᠡᠳᠡᠷᠭᠦ ᠪᠠᠨ ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤᠯᠢᠭ ᠢᠶᠠᠷ ᠬᠥᠭᠵᠢᠨ ᠴᠠᠭ ᠦᠶ᠎ᠡ ᠲᠠᠢ | ᠵᠡᠷᠭᠡ ᠪᠠᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠱᠠᠯᠠᠪᠳᠠᠭᠤᠯᠤᠭᠰᠠᠨ ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢ | ᠠᠮᠢᠳᠤᠯᠢᠭᠵᠢᠭᠤᠯᠵᠤ ᠴᠢᠳᠠᠭᠰᠠᠨ ᠡᠰᠡᠬᠦ ᠶᠢ ᠵᠢᠭᠤᠯᠴᠢᠯᠠᠬᠰᠠᠳ ᠤᠨ ᠬᠤᠳᠠᠯᠳᠤᠨ ᠠᠪᠬᠤ ᠪᠢᠯᠧᠲ᠂ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢᠨ ᠵᠢᠩ ᠰᠢᠯᠭᠠᠨ | ᠲᠣᠭᠲᠠᠭᠠᠨ᠎ᠠ᠃ ᠲᠥᠪ ᠶᠣᠰᠣ ᠶᠢ ᠪᠠᠷᠢᠮᠲᠠᠯᠠᠬᠤ ᠪᠣᠯ ᠳᠠᠷᠤᠢ ᠵᠣᠷᠢᠭ ᠰᠠᠨᠠᠭ᠎ᠠ ᠪᠠᠨ ᠰᠠᠬᠢᠵᠤ᠂ ᠤᠷ᠎ᠠ ᠮᠡᠷᠭᠡᠵᠢᠯ ᠢᠶᠠᠨ ᠰᠠᠬᠢᠬᠤ ᠶᠠᠪᠤᠳᠠᠯ ᠪᠤᠯᠤᠨ᠎ᠠ;ᠰᠢᠨ᠎ᠡ ᠶᠢ | ᠡᠭᠦᠳᠬᠦ ᠪᠣᠯ ᠳᠠᠷᠤᠢ ᠵᠣᠷᠢᠭᠲᠠᠢ ᠰᠢᠪᠲᠤᠯᠤᠯᠲᠠ ᠭᠠᠷᠭᠠᠵᠤ᠂ ᠴᠠᠭ ᠦᠶ᠎ᠡ ᠲᠠᠢ ᠠᠭᠤᠰᠤᠯᠴᠠᠬᠤ ᠶᠠᠪᠤᠳᠠᠯ ᠪᠣᠯᠣᠨ᠎ᠠ᠃ ᠥᠭᠡᠷᠡᠴᠢᠯᠡᠯᠲᠡ ᠬᠢᠬᠦ ᠶᠢ ᠪᠣᠳᠣᠯᠬᠢᠯᠠᠬᠤ | ᠦᠭᠡᠢ ᠪᠣᠯ ᠪᠣᠯᠬᠤ ᠦᠭᠡᠢ᠂ ᠠᠳᠠᠯᠢ ᠪᠠᠷ ᠳᠤᠷ᠎ᠠ ᠪᠠᠷ ᠢᠶᠠᠨ ᠵᠣᠬᠢᠶᠠᠵᠤ ᠵᠣᠷᠢᠭ ᠢᠶᠠᠷ ᠢᠶᠠᠨ ᠦᠢᠯᠡᠳᠴᠦ ᠪᠣᠯᠬᠤ ᠦᠭᠡᠢ᠃ ᠪᠣᠳᠠᠰ ᠤᠨ ᠪᠤᠰᠤ ᠰᠣᠶᠣᠯ ᠤᠨ ᠥᠪ | ᠪᠣᠯᠣᠨ ᠵᠠᠬ᠎ᠠ ᠳᠡᠯᠭᠡᠭᠦᠷ ᠤᠨ ᠬᠤᠣᠰ ᠴᠢᠭᠯᠡᠯ ᠢᠶᠠᠷ ᠦᠢᠯᠡᠳᠦᠯᠴᠡᠬᠦ ᠪᠠᠷ ᠳᠠᠮᠵᠢᠭᠤᠯᠵᠤ᠂ ᠵᠢᠭᠤᠯᠴᠢᠯᠠᠬᠰᠠᠳ ᠤᠨ ᠪᠤᠳᠤᠯ ᠰᠡᠳᠬᠢᠯ ᠢ ᠣᠨᠣᠪᠴᠢᠲᠠᠢ ᠣᠶᠢᠯᠠᠭᠠᠵᠤ᠂ | ᠵᠠᠬ᠎ᠠ ᠳᠡᠯᠭᠡᠭᠦᠷ ᠤᠨ ᠡᠭᠦᠳᠡ ᠶᠢ ᠨᠡᠭᠡᠭᠡᠨ᠂ ᠪᠦᠲᠦᠭᠡᠯᠴᠢ ᠰᠠᠨᠠᠭ᠎ᠠ ᠳᠤ ᠲᠦᠰᠢᠨ ᠡᠵᠡᠩᠨᠡᠯᠲᠡ ᠶᠢᠨ ᠬᠡᠯᠪᠡᠷᠢ ᠶᠢ ᠡᠭᠦᠳᠦᠨ᠂ ᠰᠢᠨ᠎ᠡ ᠶᠢ ᠡᠭᠦᠳᠬᠦ ᠪᠠᠷ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠵᠦ᠂ ᠡᠭᠦᠳᠦᠨ ᠪᠦᠲᠦᠭᠡᠯᠲᠡ ᠪᠠᠷ ᠳᠠᠮᠵᠢᠨ ᠨᠡᠶᠢᠭᠡᠮ ᠳᠤ ᠪᠤᠶᠠᠨ ᠦᠢᠯᠡᠳᠦᠨ᠎ᠡ᠃ | ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠥᠷᠭᠡᠨ ᠠᠭᠤᠳᠠᠮ ᠲᠠᠪᠴᠠᠩ ᠬᠠᠩᠭᠠᠨ᠎ᠠ᠃ ᠪᠣᠳᠠᠰ ᠤᠨ ᠪᠤᠰᠤ | ᠰᠣᠶᠣᠯ ᠤᠨ ᠥᠪ ᠤᠨ ᠮᠦᠽᠧᠢ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠨᠢ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠶᠢᠨ ᠤᠷ᠎ᠠ ᠮᠡᠷᠭᠡᠵᠢᠯ ᠢᠶᠠᠨ ᠪᠠᠳᠠᠷᠠᠭᠤᠯᠬᠤ ᠳᠤ ᠣᠷᠣᠨ ᠵᠠᠢ ᠬᠠᠩᠭᠠᠨ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠲᠠᠬᠢ ᠡᠭᠦᠳᠡᠨ ᠪᠢᠯᠧᠲ᠂ ᠳᠡᠯᠭᠡᠭᠦᠷ ᠨᠢ | ᠠᠳᠠᠯᠢ ᠪᠠᠷ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠰᠢᠨ᠎ᠡ ᠣᠷᠣᠨ ᠵᠠᠢ ᠪᠣᠯᠵᠤ ᠪᠣᠯᠣᠨ᠎ᠠ᠃ ᠣᠶᠢᠷ᠎ᠠ ᠶᠢᠨ ᠵᠢᠯ ᠠᠴᠠ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠭᠴᠢ ᠰᠢᠨ᠎ᠡ ᠶᠢ ᠡᠭᠦᠳᠦᠨ ᠬᠤᠪᠢᠰᠤᠯᠲᠠ ᠶᠢ ᠡᠷᠢᠯᠬᠢᠯᠡᠵᠦ᠂ ᠠᠭᠤᠰᠤᠯᠴᠠᠨ ᠬᠥᠭᠵᠢᠬᠦ ᠵᠠᠮ ᠢ ᠲᠠᠰᠤᠷᠠᠯᠳᠠ ᠦᠭᠡᠢ ᠥᠷᠭᠡᠳᠬᠡᠨ᠂ | ᠥᠪᠡᠷᠮᠢᠴᠡ ᠣᠨᠴᠠᠯᠢᠭᠲᠤ ᠵᠢᠵᠢᠭ ᠪᠠᠯᠭᠠᠰᠤ᠂ ᠦᠵᠡᠮᠵᠢ ᠶᠢᠨ ᠴᠡᠭ᠂ ᠦᠵᠡᠰᠬᠦᠯᠡᠩ᠂ ᠮᠦᠽᠧᠢ᠂ ᠥᠪᠡᠷᠮᠢᠴᠡ ᠣᠨᠴᠠᠯᠢᠭᠲᠤ ᠵᠡᠭᠡᠯᠢ ᠲᠣᠭᠤᠷᠢᠭ ᠵᠡᠷᠭᠡ ᠯᠦᠭᠡ | ᠠᠭᠤᠰᠤᠯᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠠᠷᠭ᠎ᠠ ᠬᠡᠯᠪᠡᠷᠢ ᠨᠢ ᠨᠡᠩ ᠠᠷᠪᠢᠨ ᠪᠣᠯᠵᠤ ᠪᠠᠶᠢᠨ᠎ᠠ᠃ | ᠨᠢᠭᠡ ᠯᠡ ᠦᠭᠡ ᠪᠠᠷ ᠬᠡᠯᠡᠪᠡᠯ᠂ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠪᠣᠯᠭᠠᠬᠤ ᠳᠤ ᠵᠢᠭᠤᠯᠴᠢᠯᠠᠯ ᠲᠤᠲᠠᠭᠳᠠᠵᠤ ᠪᠣᠯᠬᠤ ᠦᠭᠡᠢ᠃ | ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠯᠤᠭ᠎ᠠ ᠠᠭᠤᠰᠤᠯᠴᠠᠬᠤ ᠳᠤ ᠪᠢᠳᠡ ᠨᠡᠩ ᠠᠩᠬᠠᠷᠴᠤ ᠳᠡᠮᠵᠢᠬᠦ ᠶᠣᠰᠣᠲᠠᠢ᠃ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠨᠢᠭᠡᠴᠢ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠠᠪᠴᠤ ᠬᠡᠯᠡᠪᠡᠯ᠂ ᠲᠣᠰ | ᠤᠳᠠᠭᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠠᠵᠠ ᠲᠣᠭᠢᠶᠠᠯ ᠢ | ᠡᠵᠡᠮᠳᠡᠵᠦ᠂ ᠪᠣᠳᠠᠰ ᠤᠨ ᠪᠤᠰᠤ ᠰᠣᠶᠣᠯ ᠤᠨ ᠥᠪ ᠢ ᠪᠦᠲᠦᠭᠡᠯᠴᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠡᠶᠡᠯᠡᠭᠦᠯᠬᠦ ᠲᠠᠯ᠎ᠠ ᠪᠠᠷ ᠨᠠᠩ | ᠶᠡᠭᠡ ᠬᠦᠴᠦ ᠣᠷᠣᠭᠤᠯᠵᠤ᠂ ᠦᠯᠡᠮᠵᠢ ᠪᠦᠲᠦᠮᠵᠢ ᠭᠠᠷᠭᠠᠬᠤ ᠨᠢ ᠴᠢᠬᠤᠯᠠ᠃ |