ᠮᠠᠨ ᠤ ᠣᠷᠣᠨ ᠲᠦᠷᠦᠭᠦᠦ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠢ ᠨᠡᠶᠢᠲᠡᠯᠡᠪᠡ​
ᠨᠡᠶᠢᠲᠡᠯᠡᠭᠰᠡᠨ ᠴᠠᠭ᠄
2023/4/28
       ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ  ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠢ ᠨᠡᠶᠢᠲᠡᠯᠡᠵᠦ᠂ 3A ᠳᠡᠰ ᠠᠴᠠ ᠳᠡᠭᠡᠭᠰᠢᠬᠢ 19 ᠵᠢᠭᠤᠯᠴᠢᠯᠠᠯ ᠤᠨ ᠦᠵᠡᠮᠵᠢ ᠶᠢᠨ ᠭᠠᠵᠠᠷ ᠰᠣᠩᠭᠤᠭᠳᠠᠵᠠᠢ᠃       ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠳᠤ᠂ ᠬᠠᠲᠤᠨ ᠭᠤᠣᠯ ᠤᠨ ᠮᠠᠢ ᠶᠧ ᠭᠦ᠋ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠣᠷᠣᠨ᠂ ᠥᠪᠥᠷ ᠮᠣᠩᠭᠤᠯ ᠤᠨ ᠦᠵᠡᠰᠬᠦᠯᠡᠩ  ᠤᠨ ᠣᠷᠳᠣᠨ᠂ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠴᠡᠯᠡᠭᠡᠷ ᠲᠠᠯ᠎ᠠ ᠮᠦᠽᠧᠢ᠂ ︽ᠬᠠᠲᠤᠨ ᠭᠤᠣᠯ ᠤᠨ ᠳᠠᠭᠤᠯᠠᠯ︾ ᠰᠣᠶᠣᠯ ᠤᠨ ᠬᠦᠷᠢᠶᠡᠯᠡᠩ᠂ ᠣᠯᠭᠤᠶᠠ ᠴᠠᠳᠠᠨ ᠠᠶᠢᠮᠠᠭ ᠤᠨ ᠦᠵᠡᠮᠵᠢ ᠶᠢᠨ ᠣᠷᠣᠨ᠂ ᠲᠣᠪᠠ ᠰᠢᠶᠡᠨᠪᠢ ᠶᠢᠨ ᠲᠡᠦᠬᠡ ᠰᠣᠶᠣᠯ ᠤᠨ ᠬᠦᠷᠢᠶᠡᠯᠡᠩ᠂ ᠲᠦᠰᠢᠶᠡᠲᠦ ᠴᠢᠨ ᠸᠠᠩ ᠤᠨ ᠣᠷᠳᠣᠨ᠂ ᠲᠠᠬᠢᠮᠳᠠᠭᠤ ᠠᠮᠤᠷᠯᠢᠩᠭᠤᠢ ᠬᠠᠳᠤᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠠᠭᠠᠨᠬᠠᠳᠠ ᠮᠦᠽᠧᠢ᠂ ᠮᠣᠩᠭᠤᠯ ᠬᠠᠨ ᠬᠤᠲᠠ ᠶᠢᠨ ᠵᠢᠭᠤᠯᠴᠢᠯᠠᠯ ᠤᠨ ᠣᠷᠣᠨ᠂ ᠬᠦᠢᠲᠡᠨ ᠰᠢᠯᠢ ᠶᠢᠨ ᠬᠤᠩᠬᠤᠷ ᠦᠵᠡᠮᠵᠢ ᠶᠢᠨ ᠣᠷᠣᠨ᠂ ᠯᠦᠩ ᠱᠧᠩ ᠵᠤᠸᠠᠩ ᠡᠷᠲᠡᠨ ᠤ ᠪᠠᠯᠭᠠᠰᠤᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠢᠶ᠎ᠠ ᠪᠠᠭᠰᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠦᠰᠢᠨ ᠵᠢᠷᠤᠭ᠎ᠠ ᠮᠣᠷᠢᠨ ᠤ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠠᠭᠠᠨᠰᠤᠬᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠤᠬᠠᠢ  ᠠᠭᠤᠯᠠ ᠶᠢᠨ ᠰᠣᠶᠣᠯ ᠵᠢᠭᠤᠯᠴᠢᠯᠠᠯ ᠤᠨ ᠣᠷᠣᠨ᠂ ᠲᠣᠣᠷᠠᠢ ᠶᠢᠨ ᠣᠶ ᠶᠢᠨ ᠵᠢᠭᠤᠯᠴᠢᠯᠠᠯ ᠤᠨ ᠣᠷᠣᠨ᠂ ᠬᠤᠯᠠᠳᠠᠭᠢᠨ ᠢ ᠲᠣᠭᠲᠠᠭᠠᠭᠴᠢ ᠬᠤᠷᠢᠶ᠎ᠠ ᠶᠢᠨ ᠬᠠᠭᠤᠴᠢᠨ ᠬᠤᠲᠠ ᠶᠢᠨ ᠵᠢᠭᠤᠯᠴᠢᠯᠠᠯ ᠤᠨ ᠣᠷᠣᠨ ᠵᠡᠷᠭᠡ 19 ᠵᠢᠭᠤᠯᠴᠢᠯᠠᠯ ᠤᠨ ᠦᠵᠡᠮᠵᠢ ᠶᠢᠨ ᠣᠷᠣᠨ ᠪᠠᠭᠲᠠᠵᠠᠢ᠃       ᠣᠶᠢᠯᠠᠭᠠᠭᠰᠠᠨ ᠢᠶᠠᠷ᠂ ᠡᠳᠡᠭᠡᠷ ᠰᠠᠭᠤᠷᠢᠨ ᠨᠢ ᠲᠣᠭᠯᠠᠯᠲᠠ ᠶᠢᠨ ᠤᠷᠠᠯᠢᠭ᠂ ᠤᠯᠠᠮᠵᠢᠯᠠᠯᠲᠤ ᠭᠠᠷ ᠤᠷᠠᠯᠠᠯ᠂ ᠪᠠᠶᠠᠷ ᠳᠤᠷᠠᠰᠬᠠᠯ ᠵᠠᠩ ᠦᠢᠯᠡ᠂ ᠪᠡᠶ᠎ᠡ ᠶᠢᠨ ᠲᠠᠮᠢᠷ ᠲᠣᠭᠯᠠᠭᠠᠮ ᠵᠡᠷᠭᠡ ᠣᠯᠠᠨ ᠲᠥᠷᠥᠯ ᠤᠨ ᠪᠡᠶᠡᠴᠢᠯᠡᠨ ᠣᠶᠢᠯᠠᠭᠠᠯᠲᠠ ᠶᠢ ᠬᠠᠮᠤᠷᠴᠤ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ᠂ ᠮᠣᠩᠭᠤᠯ ᠦᠨᠳᠦᠰᠦᠲᠡᠨ ᠤ ᠬᠥᠭᠡᠮᠡᠢ ᠵᠡᠷᠭᠡ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠵᠢᠴᠢ ᠮᠣᠷᠢᠨ ᠬᠤᠭᠤᠷ᠂ ᠨᠠᠭᠠᠳᠤᠮ ᠤᠨ ᠬᠤᠷᠠᠯ᠂ ᠡᠯ ᠷᠧᠨ ᠲᠠᠢ᠂ ᠮᠣᠩᠭᠤᠯ ᠦᠨᠳᠦᠰᠦᠲᠡᠨ ᠤ ᠬᠠᠳᠬᠤᠮᠠᠯ᠂ ᠬᠠᠰᠠᠭ ᠲᠡᠷᠭᠡ ᠦᠢᠯᠡᠳᠬᠦ ᠤᠷ᠎ᠠ ᠮᠡᠷᠭᠡᠵᠢᠯ ᠵᠡᠷᠭᠡ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ 100 ᠰᠢᠬᠠᠮ ᠵᠦᠢᠯ ᠪᠠᠭᠲᠠᠵᠤ᠂ ᠵᠢᠭᠤᠯᠴᠢᠯᠠᠬᠰᠠᠳ ᠤᠨ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠪᠠ ᠣᠨᠴᠠᠯᠢᠭ ᠤᠨ ᠲᠤᠬᠠᠢ ᠲᠠᠨᠢᠯᠲᠠ ᠪᠠ ᠲᠥᠷᠥᠭᠳᠡᠯ  ᠢ ᠨᠡᠮᠡᠭᠳᠡᠭᠦᠯᠵᠦ᠂ ᠵᠢᠭᠤᠯᠴᠢᠯᠠᠬᠰᠠᠳ ᠤᠨ ᠰᠣᠶᠣᠯ ᠤᠨ ᠲᠤᠬᠠᠢ ᠣᠶᠢᠯᠠᠭᠠᠯᠲᠠ ᠶᠢ ᠪᠠᠶᠠᠯᠢᠭᠵᠢᠭᠤᠯᠤᠨ᠂ ᠵᠢᠭᠤᠯᠴᠢᠯᠠᠯ ᠤᠨ ᠰᠣᠶᠣᠯ ᠤᠨ ᠥᠷᠲᠡᠭ ᠢ ᠨᠡᠮᠡᠭᠳᠡᠭᠦᠯᠦᠭᠰᠡᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ