ᠳᠥᠷᠪᠡ᠂ ᠳᠠᠭᠠᠳᠬᠠᠯ ᠳᠤ ᠣᠷᠤᠯᠴᠠᠬᠤ ᠠᠵᠢᠯ ᠢ ᠲᠥᠷᠥᠯ ᠬᠤᠪᠢᠶᠠᠨ ᠲᠤᠰᠠᠯᠠᠬᠤ ᠶᠢ ᠵᠢᠷᠤᠮᠵᠢᠭᠤᠯᠤᠨ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠤᠯᠴᠠᠬᠤ ᠡᠳ᠋ ᠤᠨ ᠵᠠᠰᠠᠭ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠲᠤ | ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ᠂ ᠬᠦᠴᠢᠷᠳᠡᠯᠲᠡᠢ ᠣᠯᠠᠨ ᠲᠦᠮᠡᠨ ᠣᠯᠠᠨ ᠳᠠᠪᠬᠤᠷ ᠤᠨᠴᠠᠭᠠᠢ ᠪᠡᠶ᠎ᠡ ᠭᠠᠷᠤᠯ ᠤᠨ ᠰᠢᠨᠵᠢ ᠴᠢᠨᠠᠷ ᠲᠠᠢ ᠪᠠᠶᠢᠪᠠᠯ ︽ | ᠥᠨᠳᠥᠷ ᠢ ᠨᠢ ᠦᠵᠡᠬᠦ ᠠᠴᠠ ᠪᠢᠰᠢ ᠳᠤᠤᠷ᠎ᠠ ᠶᠢ ᠨᠢ ᠦᠵᠡᠬᠦ ᠦᠭᠡᠢ︾ ᠵᠠᠷᠴᠢᠮ ᠶᠣᠰᠣᠭᠠᠷ ᠳᠠᠭᠠᠳᠬᠠᠯ ᠳᠤ ᠣᠷᠤᠯᠴᠠᠬᠤ ᠲᠤᠰᠠᠯᠠᠮᠵᠢ ᠶᠢ ᠬᠦᠷᠲᠡᠭᠡᠨ᠎ᠡ᠂ | ᠳᠠᠪᠬᠤᠷᠳᠠᠭᠤᠯᠤᠨ ᠲᠤᠰᠠᠯᠠᠵᠤ ᠪᠣᠯᠬᠤ ᠦᠭᠡᠢ᠃ | ︵ᠨᠢᠭᠡ︶ ᠤᠨᠴᠠᠭᠠᠢ ᠬᠦᠴᠢᠷᠳᠡᠯᠲᠡᠢ ᠬᠥᠮᠥᠰ ᠢ ᠪᠥᠬᠦ ᠲᠤᠭ᠎ᠠ ᠪᠠᠷ ᠲᠤᠰᠠᠯᠠᠨ᠎ᠠ᠃ | ︵ᠬᠤᠶᠠᠷ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠬᠦᠮᠦᠰ᠂ ᠳᠠᠬᠢᠨ ᠶᠠᠳᠠᠭᠤᠷᠠᠭᠰᠠᠨ ᠪᠠ ᠶᠠᠳᠠᠭᠤᠷᠠᠵᠤ ᠪᠠᠶᠢᠭ᠎ᠠ ᠬᠥᠮᠥᠨ ᠠᠮᠠ ᠶᠢ | ᠲᠤᠭᠲᠠᠮᠠᠯ ᠬᠠᠷᠢᠴᠠᠯ ᠢᠶᠠᠷ ᠲᠤᠰᠠᠯᠠᠵᠤ᠂ ᠲᠤᠭᠲᠠᠮᠠᠯ ᠬᠠᠷᠢᠴᠠᠯ ᠢᠶᠠᠷ ᠲᠤᠰᠠᠯᠠᠬᠤ ᠪᠠᠷᠢᠮᠵᠢᠶ᠎ᠠ ᠶᠢ ᠲᠣᠰ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45% ᠠᠴᠠ ᠳᠣᠣᠷ᠎ᠠ ᠪᠠᠶᠢᠯᠭᠠᠬᠤ ᠦᠭᠡᠢ᠂ ᠪᠣᠳᠠᠲᠠᠢ ᠲᠤᠰᠠᠯᠠᠬᠤ ᠲᠥᠷᠥ ᠶᠢᠨ | ᠪᠣᠳᠣᠯᠭ᠎ᠠ ᠶᠢ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢ ᠴᠤᠭᠯᠠᠭᠤᠯᠵᠤ ᠬᠡᠷᠡᠭᠯᠡᠬᠦ ᠪᠠ ᠬᠦᠴᠢᠷᠳᠡᠯᠲᠡᠢ ᠣᠯᠠᠨ | ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠴᠠᠭ ᠲᠤᠨᠢ ᠵᠤᠬᠢᠴᠠᠭᠤᠯᠤᠨ ᠲᠣᠬᠢᠷᠠᠭᠤᠯᠤᠨ᠎ᠠ᠃ | ᠲᠠᠪᠤ᠂ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠳᠤᠳᠤᠷᠬᠠᠶᠢᠯᠠᠨ᠎ᠠ | ᠨᠢᠭᠡ ᠳᠤ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ | ᠡᠮᠴᠢᠯᠡᠭᠡᠨ ᠤ ᠬᠡᠷᠡᠭᠴᠡᠭᠡ ᠶᠢ ᠲᠣᠬᠢᠲᠠᠢ ᠰᠢᠢᠳᠪᠦᠷᠢᠯᠡᠨ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠭᠠᠴᠠᠭ᠎ᠠ ᠬᠢᠬᠦ ᠬᠦᠷᠢᠶ᠎ᠡ ᠬᠡᠪᠴᠢᠶ᠎ᠡ ᠨᠢ | ᠵᠠᠷᠴᠢᠮ ᠳᠡᠭᠡᠷ᠎ᠡ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠭᠠᠴᠠᠭ᠎ᠠ ᠬᠢᠬᠦ ᠬᠦᠷᠢᠶ᠎ᠡ ᠬᠡᠪᠴᠢᠶ᠎ᠡ ᠶᠢᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠳᠣᠷᠬᠠᠢ | ᠲᠣᠭᠲᠠᠭᠠᠯ ᠲᠠᠢ ᠶᠢ ᠭᠠᠷᠭᠠᠪᠠᠯ᠂ ᠡᠯ᠎ᠡ ᠬᠤᠰᠢᠭᠤ ᠬᠤᠲᠠ ᠲᠣᠭᠤᠷᠢᠭ ᠨᠢ ᠥᠪᠡᠷᠲᠡᠭᠡᠨ ᠲᠣᠭᠲᠠᠭᠠᠬᠤ ᠪᠤᠶᠤ ᠵᠣᠬᠢᠴᠠᠭᠤᠯᠤᠨ ᠲᠤᠬᠢᠷᠠᠭᠤᠯᠬᠤ ᠠᠷᠭ᠎ᠠ ᠶᠢ ᠬᠡᠷᠡᠭᠯᠡᠨ | ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ ᠬᠤᠶᠠᠷ ᠲᠤ᠂ ︽ᠤᠷᠢᠳᠠᠪᠠᠷ | ᠳᠠᠭᠠᠳᠬᠠᠯ ᠳᠤ ᠤᠷᠤᠯᠴᠠᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ ᠦᠨᠳᠦᠰᠦᠨ ᠡᠮᠴᠢᠯᠡᠬᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠶᠢ ᠲᠥᠯᠥᠭᠰᠡᠨ ᠤ ᠳᠠᠷᠠᠭ᠎ᠠ ᠬᠤᠪᠢ ᠬᠥᠮᠥᠨ ᠤ ᠡᠮᠴᠢᠯᠡᠬᠡᠨ ᠤ ᠵᠠᠷᠤᠳᠠᠯ ᠤᠨ ᠳᠠᠷᠤᠭᠠᠰᠤ ᠨᠢ ᠮᠥᠨ ᠬᠦ | ᠨᠡᠯᠢᠶᠡᠳ ᠬᠦᠨᠳᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ ᠲᠤᠰᠠᠯᠠᠵᠤ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ | ᠶᠠᠳᠠᠭᠤᠷᠠᠬᠤ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠨ᠎ᠡ᠃ ᠭᠤᠷᠪᠠ ᠳᠤ ᠠᠪᠤᠷᠠᠨ ᠲᠤᠰᠠᠯᠠᠬᠤ ᠵᠠᠷᠤᠳᠠᠯ ᠳᠤ ᠭᠤᠣᠯᠳᠠᠭᠤ ᠠᠪᠤᠷᠠᠨ ᠲᠤᠰᠠᠯᠠᠬᠤ | ᠡᠲᠡᠭᠡᠳ ᠤᠨ ᠲᠣᠭᠲᠠᠭᠰᠠᠨ ᠡᠮᠴᠢᠯᠡᠬᠡᠨ ᠤ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ᠂ ᠤᠳᠠᠭᠠᠨ ᠴᠢᠨᠠᠷᠲᠠᠢ ᠡᠪᠡᠳᠴᠢᠨ ᠠᠴᠠ ᠪᠣᠯᠵᠤ | ᠣᠷᠳᠣ ᠬᠤᠭᠤᠴᠠᠭ᠎ᠠ ᠪᠠᠷ ᠡᠮ ᠤᠤᠭᠤᠬᠤ ᠪᠤᠶᠤ ᠤᠨᠴᠠᠭᠠᠢ ᠬᠦᠨᠳᠦ ᠬᠡᠴᠡᠬᠦᠦ ᠡᠪᠡᠳᠴᠢᠨ ᠳᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠭᠦᠳᠡᠨ ᠡᠮᠨᠡᠯᠭᠡ ᠳᠤ | ᠡᠮᠨᠡᠭᠦᠯᠬᠦ ᠴᠢᠬᠤᠯᠠᠲᠠᠢ ᠵᠠᠷᠤᠳᠠᠯ ᠢ ᠬᠠᠮᠤᠷᠤᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ | ᠱᠤᠭᠤᠮ ᠠᠴᠠ ᠳᠣᠷᠣᠭᠰᠢᠬᠢ ᠶᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠬᠤᠪᠢ ᠬᠥᠮᠥᠨ ᠤ ᠥᠪᠡᠷ ᠢᠶᠠᠨ ᠳᠥᠯᠥᠬᠦ ᠵᠠᠷᠤᠳᠠᠯ ᠢ ᠲᠣᠭᠲᠠᠭᠠᠯ ᠶᠣᠰᠣᠭᠠᠷ | ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠨ᠎ᠠ᠃ | |