ᠳᠣᠯᠤᠭ᠎ᠠ᠂ ᠦᠨᠳᠦᠰᠦ ᠠᠴᠠ ᠨᠢ ᠪᠠᠲᠤᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠬᠦᠯᠦᠨ᠎ᠡ | ︵ᠨᠢᠭᠡ︶ ᠭᠤᠷᠪᠠᠨ ᠳᠠᠪᠬᠤᠷ ᠳᠦᠷᠢᠮ ᠤᠨ ᠬᠠᠷᠢᠯᠴᠠᠨ ᠨᠥᠬᠦᠪᠦᠷᠢᠯᠡᠵᠦ ᠵᠣᠯᠭᠠᠭᠤᠯᠬᠤ ᠶᠢ ᠠᠬᠢᠭᠤᠯᠤᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠭᠤᠣᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠪᠠᠳᠠᠷᠠᠭᠤᠯᠤᠨ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ | ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠡᠮᠨᠡᠯᠭᠡ ᠳᠤ ᠰᠠᠭᠤᠬᠤ ᠣᠯᠭᠤᠮᠵᠢ ᠶᠢᠨ ᠪᠠᠲᠤᠯᠠᠭ᠎ᠠ ᠶᠢᠨ ᠲᠦᠪᠰᠢᠨ ᠢ ᠪᠠᠬᠢᠵᠢᠬᠦᠯᠦᠨ᠎ᠡ᠃ ᠬᠦᠨᠳᠦ | ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠷᠠᠭᠤᠯᠵᠤ᠂ ᠣᠨᠴᠠ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭᠠᠳᠤ ᠬᠦᠮᠦᠰ᠂ ᠳᠠᠬᠢᠨ ᠶᠠᠳᠠᠭᠤᠷᠠᠭᠰᠠᠨ ᠪᠠ ᠶᠠᠳᠠᠭᠤᠷᠠᠵᠤ ᠪᠠᠶᠢᠭ᠎ᠠ ᠬᠥᠮᠥᠨ ᠠᠮᠠ ᠳᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠳᠥᠯᠥᠬᠦ ᠱᠤᠭᠤᠮ ᠢ 50% ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠦᠨ᠂ ᠬᠦᠨᠳᠦ ᠡᠪᠡᠳᠴᠢᠨ ᠤ ᠳᠠᠭᠠᠳᠬᠠᠯ ᠤᠨ | ᠣᠨ ᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢᠨ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠨ᠎ᠠ᠃ | ︵ᠬᠤᠶᠠᠷ︶ ᠬᠠᠷᠠᠭᠠᠯᠵᠠᠵᠤ ᠠᠪᠤᠷᠠᠨ ᠲᠤᠰᠠᠯᠠᠬᠤ ᠲᠤᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠩᠰᠠᠯᠠᠭᠤᠯᠬᠤ ᠶᠢ | ᠵᠢᠷᠤᠮᠵᠢᠭᠤᠯᠤᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ᠂ ᠭᠤᠷᠪᠠᠨ ᠳᠠᠪᠬᠤᠷ | ᠳᠦᠷᠢᠮ ᠢᠶᠠᠷ ᠶᠡᠷᠦᠩᠬᠡᠶᠢᠯᠡᠨ ᠪᠠᠲᠤᠯᠠᠭᠰᠠᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠳᠠᠷᠤᠭᠠᠰᠤ ᠮᠥᠨ ᠨᠡᠯᠢᠶᠡᠳ ᠬᠦᠨᠳᠦ | ᠪᠠᠶᠢᠪᠠᠯ᠂ ᠢᠯᠡᠭᠦᠬᠡᠨ ᠠᠪᠤᠷᠠᠨ ᠲᠤᠰᠠᠯᠠᠯᠳᠠ ᠦᠵᠡᠬᠦᠯᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠦᠴᠦ ᠪᠠᠨ | ᠬᠠᠮᠲᠤᠳᠬᠠᠨ ᠰᠡᠷᠭᠡᠶᠢᠯᠡᠨ᠎ᠡ᠃ ᠬᠠᠷᠠᠭᠠᠯᠵᠠᠵᠤ ᠠᠪᠤᠷᠠᠨ ᠲᠤᠰᠠᠯᠠᠵᠤ ᠲᠤᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠥᠯᠥᠨ ᠪᠤᠶᠢᠷ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠥᠬᠦ ᠬᠤᠲᠠ ᠶᠢᠨ ᠲᠦᠷᠦᠭᠦᠸ ᠵᠢᠯ ᠤᠨ ᠪᠥᠬᠦ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠵᠡᠷᠭᠡ ᠬᠦᠴᠦᠨ ᠵᠦᠢᠯ ᠢ | ᠦᠨᠳᠦᠰᠦᠯᠡᠨ ᠲᠣᠭᠲᠠᠭᠠᠵᠤ᠂ ᠬᠡᠲᠦᠷᠬᠡᠢ ᠪᠠᠲᠤᠯᠠᠬᠤ ᠠᠴᠠ ᠵᠠᠶᠢᠯᠠᠰᠬᠢᠨ᠎ᠡ᠃ ᠠᠪᠤᠷᠠᠨ ᠲᠤᠰᠠᠯᠠᠬᠤ ᠣᠨ ᠤ ᠬᠢᠵᠠᠭᠠᠷ ᠲᠤᠭ᠎ᠠ ᠬᠢᠭᠡᠳ ᠡᠭᠦᠳᠡᠨ ᠡᠮᠨᠡᠯᠭᠡ᠂ | ᠡᠮᠨᠡᠯᠭᠡ ᠳᠤ ᠰᠠᠭᠤᠬᠤ ᠠᠪᠤᠷᠠᠨ ᠲᠤᠰᠠᠯᠠᠬᠤ ᠣᠨ ᠤ ᠬᠢᠵᠠᠭᠠᠷ ᠲᠤᠭ᠎ᠠ ᠶᠢ ᠲᠣᠰ ᠲᠣᠰ ᠨᠡᠶᠢᠯᠡᠭᠦᠯᠦᠨ ᠪᠤᠳᠤᠨ᠎ᠠ᠃ |