ᠨᠠᠢᠮᠠ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠠᠷᠢᠯᠭᠠᠬᠤ ᠪᠠᠶᠢᠩᠭᠤ ᠪᠦᠲᠦᠮᠵᠢᠲᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ | ︵ᠨᠢᠭᠡ︶ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠬᠦᠯᠦᠨ᠎ᠡ᠃ | ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠰᠡᠳ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠡᠪᠡᠳᠴᠢᠨ ᠠᠴᠠ ᠪᠣᠯᠵᠤ | ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢᠨ ᠬᠤᠣᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠨᠥᠬᠦᠴᠡᠯ ᠳᠤ | ᠨᠡᠶᠢᠴᠡᠬᠦ ᠬᠥᠮᠥᠰ ᠢ ᠴᠠᠭ ᠲᠤᠬᠠᠢ ᠳᠤᠨᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠨᠢᠭᠡ ᠳᠤ ᠡᠪᠡᠳᠴᠢᠨ ᠠᠴᠠ ᠪᠣᠯᠵᠤ ᠶᠠᠳᠠᠭᠤᠷᠠᠭᠰᠠᠨ ᠢ | ᠬᠢᠨᠠᠨ ᠬᠡᠮᠵᠢᠨ᠎ᠡ᠃ ᠣᠨ ᠤ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ | ᠲᠤᠭᠠᠴᠠᠭ᠎ᠠ ᠬᠢᠭᠰᠡᠨ ᠤ ᠳᠠᠷᠠᠭ᠎ᠠ᠂ ᠬᠤᠪᠢ ᠬᠥᠮᠥᠨ ᠤ ᠨᠡᠶᠢᠲᠡ ᠳᠠᠷᠤᠭᠠᠰᠤ ᠨᠢ ᠬᠥᠯᠥᠨ ᠪᠤᠶᠢᠷ ᠬᠤᠲᠠ ᠶᠢᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠢ ᠬᠢᠨᠠᠨ ᠬᠡᠮᠵᠢᠬᠦ ᠳᠤ ᠣᠷᠣᠭᠤᠯᠤᠨ᠎ᠠ᠃ ᠬᠤᠶᠠᠷ ᠲᠤ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠬᠢᠨᠠᠨ ᠬᠡᠮᠵᠢᠨ᠎ᠡ᠃ ᠬᠤᠪᠢ ᠬᠥᠮᠥᠨ ᠤ | ᠨᠡᠶᠢᠲᠡ ᠳᠠᠷᠤᠭᠠᠰᠤ ᠨᠢ ᠬᠥᠯᠥᠨ ᠪᠤᠶᠢᠷ ᠬᠤᠲᠠ ᠶᠢᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠠᠴᠠ ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠳᠤ | ᠣᠷᠣᠭᠤᠯᠤᠨ᠎ᠠ᠃ ᠭᠤᠷᠪᠠ ᠳᠤ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠵᠡᠷᠭᠡ ᠪᠠᠷ ᠳᠡᠮᠵᠢᠨ ᠲᠤᠭᠠᠴᠠᠭ᠎ᠠ ᠬᠢᠭᠰᠡᠨ ᠤ ᠳᠠᠷᠠᠭᠠᠬᠢ ᠬᠤᠪᠢ ᠬᠥᠮᠥᠨ ᠤ ᠣᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠢ ᠮᠥᠨ ᠬᠦ ᠨᠡᠯᠢᠶᠡᠳ | ᠬᠦᠨᠳᠦ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠪᠦᠷᠢᠯᠳᠦᠭᠦᠨ ᠪᠠ ᠬᠢᠨᠠᠨ ᠬᠡᠮᠵᠢᠬᠦ ᠬᠡᠪᠴᠢᠶᠡᠨ ᠳᠤ | ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠶᠢ ᠭᠤᠣᠯᠳᠠᠯᠭ᠎ᠠ ᠲᠠᠢ ᠬᠢᠨᠠᠨ ᠬᠡᠮᠵᠢᠵᠦ᠂ | ᠴᠠᠭ ᠲᠤᠬᠠᠢ ᠳᠤᠨᠢ ᠰᠡᠷᠡᠮᠵᠢᠯᠡᠬᠦᠯᠦᠨ᠎ᠡ᠃ ᠳᠥᠷᠪᠡ ᠳᠤ᠂ ᠬᠠᠮᠵᠢᠯᠴᠠᠨ ᠬᠢᠨᠠᠨ ᠬᠡᠮᠵᠢᠨ᠎ᠡ᠃ ᠡᠮᠴᠢᠯᠡᠭᠡᠨ ᠤ ᠳᠠᠭᠠᠳᠬᠠᠯ᠂ ᠠᠷᠠᠳ ᠤᠨ ᠶᠠᠪᠤᠳᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠬᠠᠮᠵᠢᠯᠴᠠᠭ᠎ᠠ ᠪᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ | ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠢ ᠪᠠᠷ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠶᠢ ᠴᠢᠩᠭᠠᠳᠬᠠᠨ᠎ᠠ᠃ | ︵ᠬᠤᠶᠠᠷ︶ ᠭᠤᠶᠤᠴᠢᠯᠠᠯ ᠶᠤᠰᠤᠭᠠᠷ ᠠᠪᠤᠷᠠᠨ ᠲᠤᠰᠠᠯᠠᠬᠤ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠪᠦᠷᠢᠯᠳᠦᠭᠦᠨ ᠪᠠ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠤ ᠭᠤᠶᠤᠴᠢᠯᠠᠬᠤ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠭᠤᠶᠤᠴᠢᠯᠠᠬᠤ ᠴᠤᠪᠤᠷᠠᠯ ᠢ ᠳᠥᠭᠦᠮᠴᠢᠯᠡᠨ᠂ ᠠᠪᠤᠷᠠᠨ ᠲᠤᠰᠠᠯᠠᠬᠤ ᠴᠠᠭ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ | ᠤᠨᠴᠠᠭᠠᠢ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠳᠤ ᠬᠦᠮᠦᠰ ᠢᠶᠠᠷ ᠨᠢᠭᠡᠨᠲᠡ ᠦᠨᠡᠯᠡᠨ ᠲᠤᠭᠲᠠᠭᠠᠭᠰᠠᠨ ᠪᠠ ᠬᠢᠨᠠᠨ ᠬᠡᠮᠵᠢᠬᠦ | ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠵᠤ ᠪᠠᠶᠢᠭ᠎ᠠ ᠬᠥᠮᠥᠨ ᠠᠮᠠ ᠳᠤ | ᠰᠢᠭᠤᠳ ᠡᠮᠴᠢᠯᠡᠭᠡᠨ ᠤ ᠲᠤᠰᠠᠯᠠᠮᠵᠢ ᠬᠦᠷᠲᠡᠭᠡᠨ᠎ᠡ᠃ ᠨᠡᠶᠢᠭᠡᠮ ᠤᠨ ᠬᠦᠴᠦᠨ ᠢ ᠠᠪᠤᠷᠠᠨ ᠲᠤᠰᠠᠯᠠᠬᠤ ᠳᠤ ᠣᠷᠣᠯᠴᠠᠭᠤᠯᠬᠤ ᠶᠢ ᠬᠦᠲᠦᠯᠦᠨ ᠵᠢᠯᠤᠭᠤᠳᠬᠤ | ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠶᠢᠨ ᠠᠪᠤᠷᠠᠨ ᠲᠤᠰᠠᠯᠠᠯᠲᠠ | ᠵᠡᠷᠭᠡ ᠶᠡᠷᠦᠩᠬᠡᠶᠢᠯᠡᠭᠰᠡᠨ ᠴᠢᠨᠠᠷᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠪᠤᠷᠠᠨ | ᠲᠤᠰᠠᠯᠠᠯᠲᠠ ᠬᠦᠷᠲᠡᠭᠰᠡᠳ ᠤᠨ ᠪᠣᠳᠠᠲᠠᠢ ᠪᠠᠶᠢᠳᠠᠯ ᠢ ᠦᠨᠳᠦᠰᠦᠯᠡᠨ᠂ ︽ᠨᠢᠭᠡ ᠨᠢᠭᠡ ᠬᠡᠷᠡᠭ ᠢᠶᠠᠷ ᠵᠥᠪᠯᠡᠬᠦ︾ ᠠᠷᠭ᠎ᠠ ᠮᠠᠶ᠋ᠢᠭ ᠢ ᠠᠪᠴᠤ᠂ ᠲᠠᠰ ᠬᠤᠪᠢᠶᠠᠨ | ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠣᠨᠣᠴᠠᠲᠠᠢ ᠥᠷᠨᠢᠭᠦᠯᠵᠦ᠂ ᠶᠡᠷᠦᠩᠬᠡᠶᠢᠯᠡᠨ ᠠᠪᠤᠷᠠᠨ ᠲᠤᠰᠠᠯᠠᠬᠤ ᠲᠦᠪᠰᠢᠨ ᠢ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ᠂ ᠬᠤᠪᠢ ᠬᠥᠮᠥᠨ ᠤ ᠪᠣᠳᠠᠲᠠᠢ ᠵᠠᠷᠤᠳᠠᠯ ᠤᠨ ᠳᠠᠷᠤᠭᠠᠰᠤ ᠶᠢᠨ ᠪᠠᠶᠢᠳᠠᠯ ᠢ ᠦᠨᠳᠦᠰᠦᠯᠡᠨ ᠵᠦᠢ ᠵᠣᠬᠢᠰᠲᠠᠢ ᠲᠤᠭᠲᠠᠭᠠᠨ᠎ᠠ᠃ |