ᠬᠥᠯᠥᠨ ᠪᠤᠶᠢᠷ ᠬᠤᠲᠠ ᠶᠢᠨ ᠬᠦᠨᠳᠦ ᠬᠡᠴᠡᠬᠦᠦ ᠤᠨᠴᠠᠭᠠᠢ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/4/6
       ᠶᠢᠰᠦ᠂ ᠭᠠᠷᠲᠠᠨ ᠭᠦᠢᠴᠡᠳᠬᠡᠬᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠦᠢᠯᠡᠴᠢᠯᠡᠭᠡᠨ ᠤ ᠶᠠᠰᠤ ᠴᠢᠨᠠᠷ ᠢ ᠲᠦᠷᠭᠡᠳᠬᠡᠨ ᠳᠡᠭᠡᠭᠰᠢᠯᠡᠭᠦᠯᠦᠨ᠎ᠡ       ︵ᠨᠢᠭᠡ︶ ᠨᠢᠭᠡ ᠴᠣᠭᠴᠠᠵᠢᠭᠤᠯᠤᠭᠰᠠᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠢ ᠠᠬᠢᠭᠤᠯᠤᠨ᠎ᠠ᠃ ᠨᠢᠭᠡ ᠳᠤ ᠪᠥᠬᠦ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠳᠦᠷᠢᠮ ᠲᠣᠭᠲᠠᠭᠠᠯ ᠪᠠ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠨᠢᠭᠡᠳᠦᠯᠲᠡᠢ ᠪᠣᠯᠭᠠᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠮᠡᠳᠡᠷᠡᠬᠦ᠂ ᠳᠠᠭᠠᠳᠬᠠᠯ ᠳᠤ ᠣᠷᠤᠯᠴᠠᠬᠤ ᠶᠢ ᠲᠡᠳᠬᠦᠨ ᠳᠡᠮᠵᠢᠬᠦ᠂ ᠴᠠᠯᠢᠩ ᠣᠯᠭᠤᠮᠵᠢ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠨ᠎ᠡ᠃ ᠬᠤᠶᠠᠷ ᠲᠤ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠬᠠᠤᠯᠢ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠯᠦᠭᠡ ᠠᠭᠤᠰᠤᠯᠴᠠᠭᠤᠯᠬᠤ ᠶᠢ ᠴᠢᠩᠭᠠᠳᠬᠠᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ᠂ ︽ᠨᠢᠭᠡ ᠴᠣᠩᠬᠤᠪᠴᠢ︾ ᠪᠠᠷ ᠭᠦᠢᠴᠡᠳᠬᠡᠬᠦ ᠶᠢ ᠦᠷᠭᠦᠯᠵᠢᠯᠡᠨ ᠰᠢᠯᠢᠳᠡᠭᠵᠢᠭᠦᠯᠦᠨ ᠠᠬᠢᠭᠤᠯᠵᠤ᠂ ᠳ᠋ᠦᠩᠨᠡᠨ ᠪᠤᠳᠤᠬᠤ ᠦᠢᠯᠡᠴᠢᠯᠡᠭᠡᠨ ᠤ ᠲᠦᠲᠡᠴᠢᠯᠡᠬᠦ ᠴᠢᠨᠠᠷ ᠢ ᠠᠯᠬᠤᠮ ᠴᠢᠨᠠᠭᠰᠢᠳᠠ ᠳᠡᠭᠡᠭᠰᠢᠯᠡᠭᠦᠯᠦᠨ᠎ᠡ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠤᠨ ᠵᠥᠪᠯᠡᠯᠴᠡᠭᠡᠷ ᠤᠨ ᠬᠠᠮᠢᠶᠠᠷᠤᠯᠲᠠ ᠶᠢ ᠨᠢᠭᠡᠳᠦᠯᠲᠡᠢ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠶᠢ ᠵᠥᠪᠯᠡᠯᠴᠡᠭᠡᠷ ᠤᠨ ᠬᠡᠪᠴᠢᠶᠡᠨ ᠳᠤ ᠣᠷᠣᠭᠤᠯᠵᠤ᠂ ᠵᠥᠪᠯᠡᠯᠴᠡᠭᠡᠷ ᠢ ᠭᠦᠢᠴᠡᠳᠬᠡᠭᠰᠡᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠳᠥᠷᠪᠡ ᠳᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠬᠢᠬᠠᠬᠤ ᠳᠤ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠡᠷᠡᠭ ᠤᠨ ᠡᠮᠦᠨ᠎ᠡ᠂ ᠳᠤᠮᠳᠠ᠂ ᠳᠠᠷᠠᠭ᠎ᠠ ᠰᠡᠷᠡᠮᠵᠢᠯᠡᠬᠦᠯᠬᠦ ᠳᠤ ᠬᠢᠨᠠᠯᠲᠠ ᠲᠠᠯᠪᠢᠬᠤ ᠶᠢ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠠᠪᠤ ᠳᠤ ᠮᠥᠷᠳᠡᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠬᠡᠨ ᠤ ᠠᠪᠤᠷᠠᠨ ᠲᠤᠰᠠᠯᠠᠬᠤ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠴᠡᠭ ᠲᠣᠭᠲᠠᠭᠠᠭᠰᠠᠨ ᠡᠮᠴᠢᠯᠡᠬᠡᠨ ᠤ ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃       ︵ᠬᠤᠶᠠᠷ︶ ᠠᠪᠤᠷᠠᠨ ᠲᠤᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠨ᠎ᠡ᠃ ᠭᠦᠢᠴᠡᠳᠬᠡᠬᠦ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠬᠤ ᠮᠥᠩᠭᠦ ᠶᠢᠨ ᠲᠤᠭᠠᠴᠠᠭ᠎ᠠ ᠬᠢᠬᠦ ᠴᠤᠪᠤᠷᠠᠯ ᠢ ᠳᠥᠭᠦᠮᠴᠢᠯᠡᠨ᠂ ᠡᠮᠴᠢᠯᠡᠭᠡᠨ ᠤ ᠠᠪᠤᠷᠠᠨ ᠲᠤᠰᠠᠯᠠᠯᠳᠠ ᠬᠦᠷᠲᠡᠭᠰᠡᠳ ᠤᠨ ᠬᠡᠪᠴᠢᠶᠡᠨ ᠳᠤ ᠨᠡᠶᠢᠴᠡᠭᠰᠡᠨ ᠢ ᠨᠢ ︽ᠨᠢᠭᠡ ᠦᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠳᠤ ᠣᠷᠣᠭᠤᠯᠤᠨ᠎ᠠ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠵᠣᠯᠭᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠰᠠᠯᠭᠠᠨ ᠭᠦᠢᠴᠡᠳᠬᠡᠬᠦ ᠶᠢ ᠰᠢᠯᠵᠢᠭᠦᠯᠦᠨ ᠭᠦᠢᠴᠡᠳᠬᠡᠬᠦ ᠵᠢᠴᠢ ᠦᠷ᠎ᠡ ᠳ᠋ᠦᠩ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠺᠠᠳ᠋ᠷᠴᠤᠳ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ ᠢ ᠨᠠᠶᠢᠳᠠᠵᠤ ᠣᠷᠣᠯᠠᠨ ᠭᠦᠢᠴᠡᠳᠬᠡᠭᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠬᠠᠪᠰᠤᠷᠤᠨ᠎ᠠ᠃      ︵ᠭᠤᠷᠪᠠ︶ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ  ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠰᠡᠳ ᠤᠨ ᠡᠪᠡᠳᠴᠢᠨ ᠦᠵᠡᠭᠦᠯᠬᠦ ᠠᠵᠢᠯᠯᠠᠭ᠎ᠠ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠰᠢᠯᠵᠢᠭᠦᠯᠦᠨ ᠣᠨᠣᠰᠢᠯᠠᠬᠤ ᠵᠢᠷᠤᠮᠵᠢᠭᠤᠯᠤᠯᠳᠠ ᠶᠢ ᠬᠡᠷᠡᠭᠵᠢᠭᠦᠯᠦᠨ᠂ ᠵᠦᠢ ᠵᠣᠬᠢᠰᠲᠠᠢ ᠪᠠᠷ ᠡᠪᠡᠳᠴᠢᠨ ᠦᠵᠡᠭᠦᠯᠬᠦ ᠶᠢ ᠠᠬᠢᠭᠤᠯᠤᠨ᠎ᠠ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠪᠤᠷᠠᠨ ᠲᠤᠰᠠᠯᠠᠬᠤ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ ᠪᠤᠳᠤᠬᠤ ᠶᠢ ᠲᠣᠭᠲᠠᠭᠠᠯ ᠶᠣᠰᠣᠭᠠᠷ ᠰᠠᠶᠢᠲᠤᠷ ᠬᠢᠨ᠎ᠡ᠃ ᠣᠨᠣᠰᠢᠯᠠᠨ ᠡᠮᠨᠡᠬᠦ ᠲᠥᠰᠥᠯ ᠢ ᠲᠣᠳᠣᠷᠬᠠᠶᠢᠯᠠᠬᠤ᠂ ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠣᠭᠲᠠᠭᠰᠠᠨ ᠴᠡᠭ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠵᠦᠢ ᠵᠣᠬᠢᠰᠲᠠᠢ᠂ ᠴᠢᠬᠤᠯᠠ ᠪᠦᠬᠦᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠬᠥᠲᠥᠯᠥᠨ ᠵᠢᠯᠤᠭᠤᠳᠴᠤ᠂ ᠵᠦᠢ ᠵᠣᠬᠢᠰ ᠦᠭᠡᠢ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠷᠲᠡᠭᠡᠨ ᠳᠥᠯᠥᠬᠦ ᠵᠠᠷᠤᠳᠠᠯ ᠤᠨ ᠬᠠᠷᠢᠴᠠᠯ ᠢ ᠵᠦᠢ ᠵᠣᠬᠢᠰᠲᠠᠢ ᠬᠢᠵᠠᠭᠠᠷᠯᠠᠵᠤ᠂ ᠠᠪᠤᠷᠠᠨ ᠲᠤᠰᠠᠯᠠᠯᠳᠠ ᠬᠦᠷᠲᠡᠭᠰᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠬᠠᠷᠢᠴᠠᠯ ᠢ 5% ᠠᠴᠠ ᠳᠠᠪᠠᠭᠤᠯᠬᠤ ᠦᠭᠡᠢ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 10% ᠠᠴᠠ ᠳᠠᠪᠠᠭᠤᠯᠬᠤ ᠦᠭᠡᠢ᠃ ᠦᠨᠳᠦᠰᠦᠨ ᠱᠠᠲᠤᠨ ᠳᠤ ᠠᠩᠬ᠎ᠠ ᠡᠮᠨᠡᠭᠦᠯᠵᠦ ᠰᠢᠯᠵᠢᠭᠦᠯᠦᠨ ᠡᠮᠨᠡᠭᠦᠯᠦᠭᠰᠡᠨ ᠤᠨᠴᠠᠭᠠᠢ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠳᠤ ᠬᠦᠮᠦᠰ ᠨᠢ ᠬᠤᠲᠠ ᠶᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠪᠠᠯ᠂ ︽ᠤᠷᠢᠳᠠᠪᠠᠷ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠶᠢ ᠬᠡᠷᠡᠭᠵᠢᠭᠦᠯᠵᠦ᠂ ᠲᠡᠳᠡᠨ ᠤ ᠡᠮᠨᠡᠯᠭᠡ ᠳᠤ ᠰᠠᠭᠤᠬᠤ ᠪᠡᠷᠢᠴᠠᠭᠠᠨ ᠤ ᠮᠥᠩᠭᠦ ᠶᠢ ᠪᠥᠬᠦ ᠲᠠᠯ᠎ᠠ ᠪᠠᠷ ᠬᠡᠯᠲᠦᠷᠢᠭᠦᠯᠦᠨ᠎ᠡ᠃ ᠬᠤᠶᠠᠷ ᠲᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠣᠨᠳᠣᠣ ᠭᠠᠵᠠᠷ ᠲᠤ ᠲᠥᠪᠬᠢᠨᠡᠭᠦᠯᠬᠦ ᠪᠠ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠵᠦ ᠠᠪᠤᠷᠠᠨ ᠲᠤᠰᠠᠯᠠᠯᠳᠠ ᠬᠦᠷᠲᠡᠭᠰᠡᠳ ᠢ ᠪᠦᠷᠢᠳᠬᠡᠨ ᠳᠠᠩᠰᠠᠯᠠᠬᠤ᠂ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠰᠠᠶᠢᠲᠤᠷ ᠬᠢᠵᠦ᠂ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠠᠪᠤᠷᠠᠨ ᠲᠤᠰᠠᠯᠠᠯᠲᠠ ᠬᠦᠷᠲᠡᠭᠰᠡᠳ ᠲᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠠᠪᠤᠷᠠᠨ ᠲᠤᠰᠠᠯᠠᠯᠳᠠ ᠬᠦᠷᠲᠡᠭᠰᠡᠳ ᠤᠨ ᠵᠠᠷᠤᠴᠠᠭᠤᠯᠤᠭᠰᠠᠨ ᠡᠮᠴᠢᠯᠡᠬᠡᠨ ᠤ ᠵᠠᠷᠤᠳᠠᠯ ᠢ ᠵᠠᠷᠴᠢᠮ ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠦᠭᠡᠢ᠃ ᠭᠤᠷᠪᠠ ᠳᠤ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠪᠤᠷᠠᠨ ᠲᠤᠰᠠᠯᠠᠯᠳᠠ ᠬᠦᠷᠲᠡᠭᠰᠡᠳ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠤᠨᠴᠠᠭᠠᠢ ᠡᠪᠡᠳᠴᠢᠨ ᠤ ᠡᠮ ᠤᠨ ᠵᠦᠢᠯ ᠢ ᠬᠤᠳᠠᠯᠳᠤᠨ ᠠᠪᠬᠤ ᠦᠶ᠎ᠡ ᠶᠢᠨ ᠳ᠋ᠦᠩᠨᠡᠨ ᠪᠣᠳᠣᠯᠲᠠ ᠪᠠ ᠬᠠᠷᠠᠭᠠᠯᠵᠠᠯ ᠬᠦᠷᠲᠡᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠤᠯᠤᠰ ᠤᠨ ᠡᠮ ᠤᠨ ᠵᠦᠢᠯᠡᠰ ᠤᠨ ᠲᠤᠬᠠᠢ ᠶᠠᠷᠢᠯᠴᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ