ᠬᠥᠯᠥᠨ ᠪᠤᠶᠢᠷ ᠬᠤᠲᠠ ᠶᠢᠨ ᠨᠢᠭᠡ ᠮᠦᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ  4
ᠨᠡᠶᠢᠲᠡᠯᠡᠭᠰᠡᠨ ᠴᠠᠭ᠄
2023/5/10
       ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ ᠬᠡᠷ ᠲᠡᠭᠡᠨ ᠰᠠᠭᠤᠬᠤ ᠪᠠ ᠨᠡᠶᠢᠬᠡᠮ ᠲᠤᠭᠤᠷᠢᠭ ᠤᠨ ᠨᠠᠰᠤᠲᠠᠶᠢᠴᠤᠳ ᠤᠨ ᠠᠰᠠᠷᠠᠮᠵᠢ  ᠶᠢᠨ ᠦᠢᠯᠡᠴᠢᠯᠡᠬᠡᠨ ᠤ ᠴᠢᠨᠠᠷ ᠢ ᠳᠡᠭᠡᠭᠰᠢᠯᠡᠭᠦᠯᠦᠨ ᠪᠦᠲᠦᠮᠵᠢ ᠨᠡᠮᠡᠭᠳᠡᠭᠦᠯᠬᠦ ᠶᠢ ᠠᠬᠢᠭᠤᠯᠵᠤ᠂ ᠨᠠᠰᠤᠲᠠᠶᠢᠴᠤᠳ ᠤᠨ ᠡᠷᠡᠭᠦᠯᠵᠢᠯ ᠰᠤᠪᠢᠯᠠᠯᠲᠠ ᠶᠢᠨ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠬᠥᠭᠵᠢᠭᠦᠯᠦᠨ᠂ ᠭᠤᠷᠪᠠᠳᠠᠬᠢ ᠡᠲᠡᠭᠡᠳ ᠠᠴᠠ ᠡᠵᠡᠩᠨᠡᠬᠦ ᠪᠠᠷ ᠭᠤᠤᠯ ᠪᠣᠯᠭᠠᠭᠰᠠᠨ ᠬᠡᠷ ᠲᠡᠭᠡᠨ ᠰᠠᠭᠤᠬᠤ ᠪᠠ ᠨᠡᠶᠢᠬᠡᠮ ᠲᠤᠭᠤᠷᠢᠭ ᠤᠨ ᠨᠠᠰᠤᠲᠠᠶᠢᠴᠤᠳ ᠢ ᠠᠰᠠᠷᠠᠬᠤ ᠦᠢᠯᠡᠴᠢᠯᠡᠬᠡᠨ ᠤ ᠲᠥᠷᠥᠯ ᠲᠡᠮᠳᠡᠭᠵᠢᠭᠰᠡᠨ᠂ ᠬᠡᠯᠬᠢᠶᠡᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠤᠨ᠎ᠠ᠃ ᠬᠠᠶᠢᠯᠠᠷ ᠲᠣᠭᠤᠷᠢᠭ ᠤᠨ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠯᠣᠭᠤᠳᠤᠨ᠎ᠠ᠃ ᠦᠲᠡᠭᠦᠰ ᠲᠤ ᠲᠤᠬᠢᠷᠠᠭᠤᠯᠬᠤ ᠦᠭᠡᠷᠡᠴᠢᠯᠡᠯᠳᠡ ᠶᠢ ᠠᠬᠢᠭᠤᠯᠵᠤ᠂ ᠬᠡᠷ ᠪᠦᠯᠢ ᠶᠢᠨ ᠨᠠᠰᠤᠵᠢᠯ ᠤᠨ ᠣᠷᠣ ᠶᠢᠨ ᠪᠥᠲᠥᠭᠡᠨ ᠪᠠᠶᠢᠭᠤᠯᠤᠯᠲᠠ ᠶᠢ ᠰᠦᠪᠡᠭᠴᠢᠯᠡᠨ᠂ 2023 ᠣᠨ ᠳᠤ᠂ ᠤᠨᠴᠠᠭᠠᠢ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢᠨ 1550 ᠡᠷᠦᠭᠡ ᠶᠢ ᠦᠲᠡᠭᠦᠰ ᠲᠤ ᠲᠤᠬᠢᠷᠠᠭᠤᠯᠤᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠭᠤᠤᠯ ᠴᠣᠭᠴᠠ ᠶᠢᠨ ᠨᠠᠰᠤᠲᠠᠶᠢᠴᠤᠳ ᠲᠤ ᠦᠢᠯᠡᠴᠢᠯᠡᠬᠦ ᠲᠤᠰᠬᠠᠶ ᠯᠠᠩᠭᠦᠶ ᠪᠠ ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠪᠣᠳᠠᠲᠤ ᠴᠣᠭᠴᠠᠲᠤ ᠳᠡᠯᠭᠡᠭᠦᠷ ᠤᠨ ᠦᠢᠯᠡᠴᠢᠯᠡᠭᠴᠢ  ᠶᠢᠨ ᠦᠢᠯᠡᠴᠢᠯᠡᠭᠡ ᠶᠢ ᠦᠯᠡᠳᠡᠭᠡᠵᠦ᠂ ᠪᠡᠯᠡᠨ ᠵᠣᠭᠤᠰ ᠪᠠ ᠪᠠᠩᠬᠢ ᠶᠢᠨ ᠺᠠᠷᠲ ᠢᠶᠠᠷ ᠲᠣᠭᠠᠴᠠᠭ᠎ᠠ ᠬᠢᠬᠦ ᠶᠢ ᠳᠡᠮᠵᠢᠵᠦ᠂ ᠳᠥᠭᠦᠮ ᠳᠥᠲᠡ ᠪᠥᠭᠡᠳ ᠬᠢᠯᠪᠠᠷ ᠶᠠᠪᠤᠭᠳᠠᠬᠤ᠂ ᠨᠠᠰᠤᠲᠠᠶᠢᠴᠤᠳ ᠤᠨ ᠦᠨᠳᠦᠰᠦᠨ ᠬᠡᠷᠡᠭᠴᠡᠭᠡ ᠶᠢ ᠬᠠᠩᠭᠠᠬᠤ ᠦᠢᠯᠡᠴᠢᠯᠡᠭᠡᠨ ᠤ ᠠᠷᠭ᠎ᠠ ᠮᠠᠶ᠋ᠢᠭ ᠢ ᠬᠠᠩᠭᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠳᠤᠯᠠᠭᠠᠴᠠ︾ ᠶᠢ ᠳᠡᠭᠡᠭᠰᠢᠯᠡᠭᠦᠯᠦᠨ᠎ᠡ᠃       ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ︽ᠬᠥᠯᠥᠨ ᠪᠤᠶᠢᠷ ᠤᠨ ᠡᠮᠴᠢᠯᠡᠭᠡᠨ ᠤ ᠳᠠᠭᠠᠳᠬᠠᠯ ᠤᠨ ᠨᠡᠪᠲᠡᠷᠡᠯ︾ APP ᠶᠢ ᠨᠡᠭᠡᠭᠡᠨ ᠬᠦᠭᠵᠢᠬᠦᠯᠵᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠪᠡᠶᠡᠯᠡᠬᠦᠯᠵᠦ᠂ 130 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠥᠷᠲᠡᠭᠡ᠂ 784 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠴᠡᠭ ᠪᠠᠶᠢᠭᠤᠯᠵᠤ᠂ ︽15 ᠮᠢᠨᠦ᠋ᠲ ᠤᠨ ᠡᠮᠴᠢᠯᠡᠬᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠬᠡᠨ ᠤ ᠲᠣᠭᠤᠷᠢᠭ︾ ᠢ ᠴᠤᠭᠴᠠᠯᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠦᠢᠯᠡᠴᠢᠯᠡᠭᠡ ᠥᠷᠨᠢᠭᠦᠯᠬᠦ ᠶᠢ ᠵᠤᠷᠢᠭᠵᠢᠭᠤᠯᠵᠤ᠂ ᠠᠮᠢᠳᠤᠷᠠᠯ ᠤᠨ  ᠲᠤᠭᠤᠷᠢᠭ ᠳᠣᠲᠣᠷᠠᠬᠢ ᠨᠢᠬᠡᠳᠦᠯᠳᠡᠢ ᠲᠦᠯᠦᠪᠯᠡᠬᠦ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠢᠯᠡᠴᠢᠯᠡᠭᠡᠨ ᠤ ᠬᠡᠪᠴᠢᠶ᠎ᠡ ᠶᠢ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷᠠᠬᠢ ᠡᠮᠨᠡᠯᠭᠡ ᠶᠢᠨ ᠬᠤᠷᠢᠶ᠎ᠠ᠂ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ︵ᠦᠷᠲᠡᠭᠡ︶᠂ ᠡᠭᠦᠳᠡᠨ ᠡᠮᠨᠡᠯᠭᠡ᠂ ᠡᠮᠨᠡᠬᠦ ᠭᠠᠵᠠᠷ᠂ ᠵᠢᠵᠢᠭᠯᠡᠨ ᠬᠤᠳᠠᠯᠳᠤᠬᠤ ᠡᠮ ᠤᠨ ᠳᠡᠯᠭᠡᠬᠦᠷ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠲᠡᠯ᠎ᠡ ᠥᠷᠭᠡᠳᠬᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠳᠥᠭᠦᠮ ᠦᠵᠡᠬᠦᠯᠵᠦ᠂ ᠣᠯᠠᠨ ᠲᠦᠮᠡᠨ ᠳᠤ ︽ᠳᠥᠭᠦᠮ ᠲᠦᠲᠡ᠂ ᠴᠢᠨᠠᠷᠯᠢᠭ᠂ ᠥᠨᠳᠥᠷ ᠪᠦᠲᠦᠮᠵᠢᠲᠡᠶ︾ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠬᠠᠩᠭᠠᠨ᠎ᠠ᠃        ᠣᠯᠠᠨ ᠨᠡᠶᠢᠲᠡ ᠶᠢᠨ ᠦᠢᠯᠡᠴᠢᠯᠡᠬᠡᠨ ᠤ ᠲᠣᠭᠤᠷᠢᠭ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ 12345 ᠬᠠᠯᠠᠮᠰᠢᠯ ᠤᠲᠠᠰᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠦᠴᠦᠨ ᠢ ᠵᠡᠭᠡᠯᠢ ᠭᠤᠳᠤᠮᠵᠢ ᠳᠤ ᠪᠠᠭᠤᠯᠭᠠᠬᠤ ᠶᠢ ᠠᠬᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠠᠵᠢᠯ ᠲᠦᠷᠦᠯ ᠬᠤᠯᠪᠣᠭᠠᠯᠠᠨ ᠬᠥᠳᠡᠯᠦᠯᠴᠡᠭᠰᠡᠨ ᠠᠵᠢᠯ ᠤᠨ ᠵᠠᠭᠪᠤᠷ ᠢ ᠪᠦᠷᠢᠯᠳᠦᠭᠦᠯᠦᠨ᠎ᠡ᠃ ᠨᠥᠬᠦᠴᠡᠯ ᠲᠠᠢ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠥᠪ᠂ ᠬᠥᠷᠰᠢ ᠵᠡᠷᠭᠡᠯᠡᠳᠡᠭᠡ ᠲᠥᠪ ᠵᠡᠷᠭᠡ ᠡᠯ᠎ᠡ ᠲᠥᠷᠥᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠳᠠᠮᠵᠢᠵᠤ᠂ ︽ᠨᠢᠭᠡ ᠥᠷᠲᠡᠭᠡ ᠮᠠᠶ᠋ᠢᠭ︾ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠲᠦᠰᠢᠭᠯᠡᠨ᠂ ᠨᠡᠶᠢᠭᠡᠮ ᠲᠣᠭᠤᠷᠢᠭ ᠤᠨ ᠠᠷᠠᠳ ᠲᠤ ᠦᠢᠯᠡᠴᠢᠯᠡᠬᠦ ᠴᠢᠳᠠᠮᠵᠢ ᠶᠢ ᠰᠢᠯᠢᠳᠡᠭᠵᠢᠭᠦᠯᠵᠦ᠂ ᠣᠶᠤᠨᠴᠢ ᠦᠵᠡᠭᠦᠯᠦᠯᠭᠡ ᠶᠢᠨ ᠲᠢᠩᠬᠢᠮ ᠢ ᠪᠠᠶᠢᠭᠤᠯᠤᠨ᠂ ᠤᠩᠰᠢᠯᠭ᠎ᠠ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠰᠣᠶᠣᠯ᠂ ᠰᠠᠶᠢᠨ ᠳᠤᠷ᠎ᠠ ᠶᠢᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠮᠴᠢᠯᠡᠭᠡ ᠡᠷᠡᠭᠦᠯᠵᠢᠯ ᠰᠤᠪᠢᠯᠠᠯᠲᠠ ᠵᠡᠷᠭᠡ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠢ ᠳᠠᠶᠢᠴᠢᠯᠠᠨ ᠰᠢᠢᠳᠪᠦᠷᠢᠲᠦ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠬᠥᠭᠵᠢᠯᠲᠡ ᠶᠢ ᠬᠠᠮᠲᠤᠪᠠᠷ ᠪᠠᠶᠢᠭᠤᠯᠵᠤ᠂ ᠬᠠᠮᠲᠤᠪᠠᠷ ᠬᠠᠮᠢᠶᠠᠷᠬᠤ᠂ ᠦᠷ᠎ᠡ ᠪᠦᠲᠦᠮᠵᠢ ᠶᠢ ᠬᠠᠮᠲᠤᠪᠠᠷ ᠦᠨᠡᠯᠡᠬᠦ᠂ ᠦᠷ᠎ᠡ ᠪᠦᠲᠦᠭᠡᠯ ᠢ ᠬᠠᠮᠲᠤᠪᠠᠷ ᠭᠥᠷᠳᠡᠬᠦ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠬᠢᠭᠡᠳ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠠᠭᠤᠰᠤᠯᠴᠠᠭᠰᠠᠨ᠂ ᠬᠠᠷᠢᠯᠴᠠᠨ ᠨᠡᠪᠲᠡᠷᠡᠯᠴᠡᠭᠰᠡᠨ᠂ ᠵᠣᠯᠭᠠᠯᠴᠠᠭᠰᠠᠨ᠂ ᠬᠠᠮᠲᠤᠪᠠᠷ ᠭᠥᠷᠳᠡᠬᠦ ᠬᠤᠯᠪᠣᠭᠠᠯᠠᠨ ᠬᠥᠳᠡᠯᠦᠯᠴᠡᠬᠦ ᠦᠢᠯᠡᠴᠢᠯᠡᠬᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ