ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠪᠦᠭᠦ ᠣᠷᠣᠨ ᠤ ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ | ᠰᠢᠨ᠎ᠡ ᠬᠢᠴᠢᠶᠡᠯ ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠤᠷ ᠤᠨ ᠰᠤᠳᠤᠯᠤᠨ ᠶᠠᠷᠢᠯᠴᠠᠬᠤ ᠬᠤᠷᠠᠯ ᠬᠢᠵᠦ᠂ ᠨᠠᠮ ᠤᠨ ᠰᠤᠷᠭᠠᠨ ᠬᠥᠮᠦᠵᠢᠯ ᠤᠨ ᠲᠦᠷᠦ ᠶᠢᠨ | ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ᠂ ᠬᠥᠮᠥᠨ ᠬᠥᠮᠥᠵᠢᠭᠦᠯᠬᠦ | ᠥᠭᠡᠷᠡᠴᠢᠯᠡᠯᠲᠡ ᠪᠠ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ | ᠰᠤᠳᠤᠯᠤᠨ ᠶᠠᠷᠢᠯᠴᠠᠬᠤ ᠬᠤᠷᠠᠯ ᠨᠢ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ ᠤᠨ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠢ᠂ ᠥᠪᠡᠷᠮᠢᠴᠡ ᠣᠨᠴᠠᠯᠢᠭ ᠲᠠᠢ᠂ ᠣᠯᠠᠨ ᠶᠠᠩᠵᠤ ᠶᠢᠨ ᠬᠥᠭᠵᠢᠯᠲᠡ ᠶᠢ | ᠬᠥᠲᠥᠯᠥᠨ ᠵᠢᠯᠤᠭᠤᠳᠴᠤ᠂ ᠰᠤᠷᠤᠬᠴᠢᠳ ᠤᠨ ᠪᠦᠭᠦ ᠲᠠᠯ᠎ᠠ ᠪᠠᠷ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠬᠦ ᠪᠠᠷ ᠵᠣᠷᠢᠯᠲᠠ ᠪᠤᠯᠭᠠᠵᠤ᠂ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠦᠨᠳᠦᠰᠦᠨ ᠣᠶᠢᠯᠠᠭᠠᠭᠳᠠᠬᠤᠨ᠂ ᠠᠷᠭ᠎ᠠ ᠪᠣᠳᠣᠯᠭ᠎ᠠ ᠶᠢᠨ | ᠱᠠᠭᠠᠷᠳᠠᠯᠭ᠎ᠠ᠂ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠴᠢᠶᠡᠯ ᠤᠨ ᠪᠠᠶᠢᠭᠤᠯᠤᠯᠲᠠ᠂ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠭᠡᠯᠪᠡᠷᠢ ᠶᠢ | ᠬᠤᠪᠢᠷᠠᠭᠤᠯᠬᠤ᠂ ᠰᠤᠷᠭᠠᠭᠤᠯᠢ ᠶᠢᠨ ᠥᠪᠡᠷ ᠤᠨ ᠬᠢᠴᠢᠶᠡᠯ ᠬᠥᠮᠦᠵᠢᠯ ᠤᠨ ᠰᠤᠳᠤᠯᠭᠠᠨ ᠪᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠰᠠᠨᠠᠯ ᠪᠤᠳᠤᠯ ᠢᠶᠠᠨ ᠰᠣᠯᠢᠯᠴᠠᠨ ᠰᠤᠳᠤᠯᠤᠨ ᠶᠠᠷᠢᠯᠴᠠᠪᠠ᠃ ᠡᠯ᠎ᠡ ᠠᠶᠢᠮᠠᠭ ᠬᠤᠲᠠ ᠶᠢᠨ | ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ᠡᠷᠭᠢᠯᠡᠭᠴᠢ ᠪᠠ ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠨᠡᠶᠢᠲᠡ 200 | ᠭᠠᠷᠤᠢ ᠬᠥᠮᠥᠨ ᠬᠤᠷᠠᠯ ᠳᠤ ᠣᠷᠣᠯᠴᠠᠵᠠᠢ᠃ | ᠬᠤᠷᠠᠯ ᠳᠤ ᠣᠷᠣᠯᠴᠠᠭᠰᠠᠳ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠲᠠᠩᠬᠢᠮ᠂ ᠬᠢᠴᠢᠶᠡᠯ ᠪᠡᠯᠡᠳᠬᠡᠬᠦ ᠳᠤᠭᠤᠶᠢᠯᠠᠩ ᠤᠨ ᠠᠵᠢᠯᠯᠠᠭ᠎ᠠ ᠶᠢᠨ ᠠᠬᠤᠢ | ᠲᠠᠯᠠᠪᠠᠶ ᠳᠤ ᠭᠦᠨᠵᠡᠭᠡᠶᠢᠷᠡᠵᠦ᠂ ︽ᠳᠥᠷᠪᠡᠨ ᠬᠡᠮᠵᠢᠯᠲᠦ ᠠᠮᠢ ᠠᠬᠤᠢ ᠶᠢᠨ ᠬᠢᠴᠢᠶᠡᠯ ᠤᠨ ᠲᠠᠩᠬᠢᠮ︾ ᠤᠨ ᠣᠶᠢᠯᠠᠭᠠᠭᠳᠠᠬᠤᠨ ᠤ ᠲᠥᠯᠥᠪᠯᠡᠯ ᠳᠣᠣᠷᠠᠬᠢ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠶᠠᠷᠢᠵᠤ ᠬᠢᠴᠢᠶᠡᠯ ᠦᠨᠡᠯᠡᠬᠦ ᠵᠡᠷᠭᠡ ᠠᠵᠢᠯᠯᠠᠭ᠎ᠠ ᠶᠢ ᠲᠣᠭᠤᠷᠢᠨ ᠦᠵᠡᠬᠦ ᠶᠢᠨ ᠳᠠᠭᠠᠤ | ᠶᠡᠭᠡ ᠬᠡᠮᠵᠢᠶᠡᠨ ᠤ ᠵᠢᠭᠠᠨ ᠰᠤᠷᠭᠠᠯᠲᠠ ᠬᠢᠭᠡᠳ ᠬᠠᠮᠢᠶᠠᠷᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠮᠠᠲ᠋ᠧᠷᠢᠶᠠᠯ ᠢ ᠲᠣᠭᠤᠷᠢᠨ ᠦᠵᠡᠵᠦ ᠰᠤᠷᠤᠯᠴᠠᠪᠠ᠃ | ᠡᠯ᠎ᠡ ᠠᠶᠢᠮᠠᠭ ᠬᠤᠲᠠ ᠶᠢᠨ 14 ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢ ᠲᠣᠰ ᠲᠣᠰ ᠤᠨ ᠰᠤᠷᠭᠠᠭᠤᠯᠢ ᠶᠢᠨ ᠢᠶᠠᠨ ︽ᠬᠤᠣᠰ ᠰᠢᠨ᠎ᠡ︾ | ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠬᠢ ᠪᠣᠳᠠᠲᠠᠢ ᠠᠷᠭ᠎ᠠ ᠪᠠ ᠠᠮᠵᠢᠯᠲᠠᠲᠠᠢ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ | ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠪᠠᠷ ᠭᠤᠣᠯ ᠰᠢᠵᠢᠮ ᠪᠤᠯᠭᠠᠵᠤ᠂ | ᠴᠢᠭᠯᠡᠭᠦᠯᠦᠯᠲᠦ ᠴᠢᠨᠠᠷᠲᠠᠢ ᠬᠥᠲᠥᠯᠥᠨ ᠳᠠᠭᠠᠭᠤᠯᠬᠤ᠂ ᠪᠠᠷᠠᠯᠠᠯᠳᠤ ᠴᠢᠨᠠᠷᠲᠠᠢ ᠡᠷᠳᠡᠮ ᠰᠢᠨᠵᠢᠯᠡᠭᠡᠨ ᠬᠢᠬᠦ ᠪᠠ ᠲᠤᠰᠬᠠᠢ ᠮᠡᠷᠭᠡᠵᠢᠯ ᠤᠨ ᠴᠢᠨᠠᠷᠲᠠᠢ ᠵᠢᠯᠤᠭᠤᠳᠬᠤ | ᠠᠵᠢᠯ ᠢ ᠰᠠᠶᠢᠲᠤᠷ ᠠᠳᠬᠤᠵᠤ᠂ ︽ᠬᠤᠣᠰ ᠰᠢᠨ᠎ᠡ︾ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ | ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠦᠨ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠴᠡᠭ ᠢᠶᠠᠷ ᠨᠡᠶᠢᠳᠡᠮ ᠢ | ᠳᠠᠶᠢᠴᠢᠯᠠᠨ᠂ ᠡᠩ ᠤᠨ ᠥᠨᠳᠥᠷ ᠳᠤᠮᠳᠠᠳᠤ ᠰᠤᠷᠭᠠᠭᠤᠯᠢ ᠶᠢᠨ ︽ᠬᠤᠣᠰ ᠰᠢᠨ᠎ᠡ︾ ᠶᠢ ᠬᠡᠷᠡᠭᠵᠢᠭᠦᠯᠬᠦ ᠠᠵᠢᠯ ᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠣᠯᠣᠨ᠎ᠠ᠃ | | |