︽5·1︾ ᠤ ᠠᠮᠠᠷᠠᠯᠲᠠ ᠶᠢᠨ ᠬᠤᠭᠤᠴᠠᠭᠠᠨ ᠳᠤ᠂ ᠪᠦᠭᠦ ᠣᠷᠣᠨ ᠤ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤᠶᠢᠯ ᠤᠨ ᠬᠥᠭᠵᠢᠶᠡᠨ | ᠲᠠᠢ ᠪᠠᠶᠢᠵᠤ᠂ ᠠᠮᠠᠷᠠᠯᠲᠠ ᠶᠢᠨ ᠲᠦᠷᠦᠭᠦᠤ ᠡᠳᠦᠷ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠡᠳ ᠢ 156.2 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.3 ᠳᠠᠭᠢᠨ ᠨᠡᠮᠡᠭᠳᠡᠪᠡ; ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 8.05 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.63 ᠳᠠᠭᠢᠨ ᠨᠡᠮᠡᠭᠳᠡᠪᠡ᠃ | 4 ᠰᠠᠷ᠎ᠠ ᠶᠢᠨ 28 ᠤ ᠡᠳᠦᠷ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠠᠶᠠᠯᠠᠯ ᠡᠬᠢᠯᠡᠬᠦ ᠶᠣᠰᠣᠯᠠᠯ ᠡᠵᠡᠨ᠎ᠡ ᠬᠤᠰᠢᠭᠤᠨ ᠤ | ᠲᠡᠮᠡᠭᠡᠨ ᠤᠷᠤᠯᠳᠤᠭᠠᠨ ᠤ ᠲᠠᠯᠠᠪᠠᠶ ᠳᠤ ᠶᠠᠪᠤᠭᠳᠠᠪᠠ᠂ ᠬᠢᠯᠢ ᠠᠯᠤᠰᠯᠠᠭᠰᠠᠨ ᠵᠢᠭᠤᠯᠴᠢᠯᠠᠯ ᠡᠬᠢᠯᠡᠭᠰᠡᠨ ᠤ ᠳᠠᠷᠠᠭ᠎ᠠ᠂ ᠨᠠᠩ ᠣᠯᠠᠨ ᠵᠢᠭᠤᠯᠴᠢᠯᠠᠬᠰᠡᠳ ᠡᠵᠡᠨ᠎ᠡ | ᠬᠤᠰᠢᠭᠤ ᠪᠠᠷ ᠲᠠᠮᠵᠢᠨ ᠤᠯᠤᠰ ᠤᠨ ᠬᠢᠯᠢ ᠠᠴᠠ ᠭᠠᠷᠴᠤ᠂ ᠮᠣᠩᠭᠤᠯ ᠤᠯᠤᠰ ᠤᠨ ᠵᠠᠩ ᠦᠶᠯᠡ ᠶᠢ ᠪᠠᠶᠠᠳᠠᠨ ᠣᠶᠢᠯᠠᠭᠠᠵᠤ ᠪᠣᠯᠣᠨ᠎ᠠ᠂ ᠭᠠᠳᠠᠭᠠᠳᠤ ᠶᠢᠨ | ᠵᠢᠭᠤᠯᠴᠢᠯᠠᠬᠰᠡᠳ ᠴᠤ ᠴᠡᠭᠡ ᠪᠣᠭᠤᠮᠲᠠ ᠪᠠᠷ ᠬᠢᠯᠢ ᠳᠤ ᠣᠷᠣᠵᠤ ᠢᠷᠡᠨ᠂ ᠡᠵᠡᠨ᠎ᠡ ᠶᠢᠨ ᠭᠤᠶᠢᠳᠠ ᠰᠠᠶᠢᠬᠠᠨ ᠦᠵᠡᠮᠵᠢ ᠶᠢ ᠰᠣᠨᠢᠷᠬᠠᠵᠤ ᠪᠣᠯᠬᠤ ᠪᠣᠯᠵᠠᠢ᠃ 4 | ᠰᠠᠷ᠎ᠠ ᠶᠢᠨ 30 ᠤ ᠡᠳᠦᠷ᠂ 17 ᠳ᠋ᠤᠭᠠᠷ ᠬᠤᠭᠤᠴᠠᠭᠠᠨ ᠤ ︽ᠬᠡᠭᠡᠷᠡᠯᠡᠨ ᠠᠶᠠᠯᠠᠬᠤ e ᠠᠩᠭᠢ︾ ᠶᠢᠨ ᠪᠠᠭᠠᠲᠤᠷᠴᠤᠳ ᠤᠨ ᠴᠤᠭᠯᠠᠭᠠᠨ ᠠᠯᠠᠱᠠ ᠪᠠᠷᠠᠭᠤᠨ | ᠬᠤᠰᠢᠭᠤᠨ ᠳᠤ ᠡᠬᠢᠯᠡᠪᠡ᠂ ᠪᠠᠳᠠᠢ ᠶᠢᠨ ᠵᠢᠷᠠᠨ ᠳᠠᠬᠢ ᠴᠣ ᠰᠢᠨ᠎ᠡ ᠲᠡᠰ ᠠᠴᠠ ᠳᠠᠪᠠᠭᠰᠠᠨ ᠤᠷᠤᠯᠳᠤᠭᠠᠨ ᠤ ᠵᠠᠮ ᠨᠢ ᠬᠡᠭᠡᠷᠡᠯᠡᠨ ᠠᠶᠠᠯᠠᠬᠤ ᠪᠠᠭᠠᠲᠤᠷᠴᠤᠳ ᠤᠨ ᠴᠤᠭ | ᠵᠢᠪᠬᠤᠭ᠎ᠠ ᠶᠢ ᠭᠦᠢᠴᠡᠳ ᠪᠠᠳᠠᠷᠠᠭᠤᠯᠤᠨ᠎ᠠ᠃ 4 ᠰᠠᠷ᠎ᠠ ᠶᠢᠨ 30 ᠤ ᠥᠷᠯᠥᠭᠡ ᠶᠢᠨ 8 ᠴᠠᠭ ᠲᠤ ᠭᠦᠭᠡᠬᠤᠲᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ | ᠠᠮᠢᠲᠠᠨ ᠤ ᠬᠦᠷᠢᠶᠡᠯᠡᠩ ᠤᠨ ᠡᠭᠦᠳᠡᠨ ᠡᠮᠦᠨ᠎ᠡ ᠨᠢᠭᠡᠨᠲᠡ ᠤᠯᠠᠨ ᠬᠥᠮᠥᠨ ᠴᠤᠭᠯᠠᠷᠠᠨ᠂ 9 ᠴᠠᠭ ᠪᠣᠯᠤᠭ᠎ᠠ ᠦᠭᠡᠢ ᠪᠠᠷ ᠬᠦᠷᠢᠶᠡᠯᠡᠩ ᠳᠠᠬᠢ ᠵᠢᠭᠤᠯᠴᠢᠯᠠᠬᠰᠡᠳ ᠤᠨ | ᠲᠤᠭ᠎ᠠ ᠨᠢ ᠬᠦᠷᠢᠶᠡᠯᠡᠩ ᠤᠨ ᠭᠥᠯᠢᠶᠡᠨ ᠠᠪᠬᠤ ᠬᠠᠮᠤᠭ ᠤᠨ ᠶᠡᠭᠡ ᠬᠡᠮᠵᠢᠶᠡᠨ ᠳᠤ ᠤᠶᠢᠷᠠᠳᠴᠠᠢ᠃ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠴᠦ | ᠠᠳᠠᠯᠢᠬᠠᠨ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠂ ᠡᠨᠡ ᠤᠳᠠᠭᠠᠨ ᠤ ︽5·1︾ ᠤ ᠠᠮᠠᠷᠠᠯᠲᠠ ᠶᠢ ᠤᠭᠲᠤᠬᠤ ᠶᠢᠨ ᠲᠥᠯᠥᠭᠡ᠂ ᠲᠤᠰ ᠠᠮᠢᠲᠠᠨ ᠤ ᠬᠦᠷᠢᠶᠡᠯᠡᠩ | ᠠᠴᠠ ᠨᠢᠭᠡ ᠪᠦᠯᠦᠭ ᠬᠤᠪᠣᠷ ᠴᠤᠬᠠᠭ ᠬᠡᠭᠡᠷ᠎ᠡ ᠶᠢᠨ ᠠᠮᠢᠲᠠᠨ ᠢ ᠣᠷᠣᠭᠤᠯᠵᠤ ᠠᠪᠴᠢᠷᠠᠭᠰᠠᠨ ᠪᠠᠶᠢᠨ᠎ᠠ᠂ ᠡᠭᠦᠨ ᠳᠤ ᠤᠰᠤᠨ ᠲᠠᠬᠢ᠂ ᠤᠮᠠᠷᠠᠲᠤ ᠠᠮᠧᠷᠢᠺᠠ ᠶᠢᠨ | ᠵᠢᠵᠢᠭ ᠤᠭᠢᠶᠠᠯᠴᠢ ᠮᠠᠯᠤᠷ ᠥᠲᠡᠭᠡ᠂ ᠡᠮᠦᠨᠡᠲᠦ ᠠᠹᠷᠢᠺᠠ ᠶᠢᠨ ᠲᠣᠮᠣ ᠪᠥᠬᠦᠩ᠂ ᠭᠠᠨᠠ ᠶᠢᠨ ᠣᠷᠳᠣ ᠰᠡᠭᠦᠯᠲᠦ ᠰᠠᠮᠵᠠ ᠵᠡᠷᠭᠡ ᠪᠤᠶ᠂ ᠠᠮᠢᠲᠠᠨ ᠤ ᠬᠦᠷᠢᠶᠡᠯᠡᠩ ᠪᠠᠰᠠ | ᠲᠤᠰᠬᠠᠶᠢᠯᠠᠨ ︽ᠰᠢᠨ᠎ᠡ ᠪᠠᠷ ᠬᠦᠷᠦᠯᠴᠡᠨ ᠢᠷᠡᠭᠰᠡᠨ ᠠᠮᠢᠳᠠᠨ ᠤ ᠠᠭᠤᠯᠵᠠᠯᠲᠠ︾ ᠶᠢ ᠡᠷᠭᠢᠯᠡᠵᠤ᠂ ᠮᠠᠰᠢ ᠣᠯᠠᠨ ᠵᠢᠭᠤᠯᠴᠢᠯᠠᠬᠰᠡᠳ ︽ᠰᠢᠨ᠎ᠡ ᠰᠠᠭᠤᠭᠠᠯᠢ ᠠᠷᠠᠳ︾ ᠢ | ᠦᠵᠡᠬᠦ ᠪᠠᠷ ᠠᠳᠡ ᠬᠦᠷᠦᠯᠴᠡᠨ ᠢᠷᠡᠭᠰᠡᠨ ᠪᠠᠶᠢᠨ᠎ᠠ᠃ ᠬᠥᠯᠥᠨ ᠪᠤᠶᠢᠷ ᠬᠤᠳᠠ ︽ᠴᠡᠴᠡᠭ ᠰᠣᠨᠢᠷᠬᠠᠬᠤ ᠠᠵᠤ ᠠᠬᠤᠢ︾ ᠶᠢᠨ ᠡᠬᠢ ᠪᠠᠶᠠᠯᠢᠭ ᠢ ᠭᠦᠨᠵᠡᠭᠡᠢ | ᠠᠭᠤᠳᠠᠯᠤᠨ᠂ ᠬᠥᠳᠡᠭᠡ ᠨᠤᠲᠤᠭ ᠢᠶᠠᠷ ᠠᠶᠠᠯᠠᠬᠤ᠂ ᠬᠢᠩᠭᠠᠨ ᠳᠠᠪᠠᠭ᠎ᠠ ᠶᠢ ᠳᠠᠪᠠᠭ᠋ᠤ᠂ ᠭᠤᠣᠯ ᠬᠤᠳᠠ ᠶᠢᠨ ᠲᠣᠭᠤᠷᠢᠭ ᠢᠶᠠᠷ ᠵᠢᠭᠤᠯᠴᠢᠯᠠᠬᠤ ᠵᠡᠷᠭᠡ 3 ᠵᠤᠷᠪᠤᠰ ᠴᠡᠴᠡᠭ | ᠰᠣᠨᠢᠷᠬᠠᠬᠤ ᠵᠢᠭᠤᠯᠴᠢᠯᠠᠯ ᠤᠨ ᠰᠣᠳᠣᠨ ᠱᠤᠭᠤᠮ ᠢ ᠭᠠᠷᠭᠠᠵᠤ᠂ 50 ᠭᠠᠷᠤᠢ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠥᠪᠯᠡᠨ ᠥᠷᠨᠢᠭᠦᠯᠵᠦ᠂ | ᠪᠦᠭᠦ ᠬᠤᠳᠠ ᠶᠢᠨ 30 ᠮᠦᠽᠧᠢ᠂ 143 ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ᠂ 49 ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠵᠠᠷ | ᠵᠡᠷᠭᠡ ᠰᠣᠶᠣᠯ ᠤᠨ ᠥᠪ ᠤᠨ ᠲᠦᠷᠦᠯ ᠵᠦᠢᠯ ᠤᠨ ᠳᠠᠪᠠᠭᠤᠯᠢᠭ ᠢ ᠪᠠᠳᠠᠷᠠᠭᠤᠯᠵᠤ᠂ ᠣᠬᠤᠷ ᠵᠠᠢ ᠶᠢᠨ ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ᠂ ᠰᠣᠶᠣᠯ | ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨ ᠲᠠᠢ ᠪᠠᠶᠢᠳᠠᠯ ᠢᠶᠠᠨ | ᠡᠬᠢᠯᠡᠭᠦᠯᠬᠦ ᠶᠢ ᠠᠬᠢᠭᠤᠯᠪᠠ᠃ | ᠣᠶᠢᠯᠠᠭᠠᠭᠰᠠᠨ ᠢᠶᠠᠷ᠂ ︽5·1︾ ·1 ᠤ ᠬᠤᠭᠤᠴᠠᠭᠠᠨ ᠳᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠡᠬᠡ ᠪᠠᠶᠢᠭᠠᠯᠢ ᠲᠠᠢ ᠣᠶᠢᠷᠠᠲᠤᠨ ᠬᠤᠸᠠᠷ ᠴᠡᠴᠡᠭ | ᠰᠣᠨᠢᠷᠬᠠᠬᠤ᠂ ᠥᠪᠡᠷ ᠲᠡᠭᠡᠨ ᠲᠡᠷᠭᠡ ᠵᠢᠯᠤᠭᠤᠳᠴᠤ ᠵᠢᠭᠤᠯᠴᠢᠯᠠᠬᠤ᠂ ᠡᠯᠡᠰᠦᠨ ᠴᠥᠯ ᠳᠤ ᠬᠡᠭᠡᠷᠡᠯᠡᠨ ᠪᠠᠭᠤᠳᠠᠯᠯᠠᠬᠤ᠂ ᠨᠠᠶᠢᠷ ᠨᠠᠭᠠᠳᠤᠮ᠂ ᠰᠣᠶᠣᠯ ᠤᠨ ᠪᠦᠲᠦᠭᠡᠯᠴᠢ | ᠰᠡᠳᠬᠢᠮᠵᠢ ᠶᠢᠨ ᠦᠢᠯᠡᠳᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | 376 ᠵᠦᠢᠯ ᠲᠣᠬᠢᠷᠠᠭᠤᠯᠵᠠᠢ᠃ | | |