︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠤᠨ | ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠳᠤ | ᠲᠥᠯᠥᠪᠯᠡᠭᠡ ᠶᠣᠰᠣᠭᠠᠷ ᠰᠣᠷᠣᠬᠴᠢ ᠡᠯᠰᠡᠬᠦ ᠶᠢ ᠪᠠᠷᠢᠮᠲᠠᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠣᠷᠣᠬᠴᠢ ᠡᠯᠰᠡᠬᠦ ᠲᠥᠯᠥᠪᠯᠡᠭᠡ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠤᠵᠢ ᠬᠤᠪᠢᠶᠠᠨ ᠲᠥᠯᠥᠪᠯᠡᠭᠡ | ᠬᠢᠬᠦ ᠦᠭᠡᠢ ᠰᠣᠷᠣᠬᠴᠢ ᠡᠯᠰᠡᠬᠦ ᠲᠥᠷᠥᠯ ᠭᠡᠯᠪᠡᠷᠢ ᠶᠢ ᠭᠠᠷᠭᠠᠪᠠᠯ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠢᠷᠡᠯᠲᠡ ᠶᠢᠨ ᠲᠥᠯᠥᠪᠯᠡᠭᠡ ᠶᠢ | ᠴᠥᠮ ᠰᠤᠷᠭᠠᠨ ᠬᠥᠮᠦᠵᠢᠯ ᠤᠨ ᠶᠠᠮᠤᠨ ᠠᠴᠠ ᠬᠤᠪᠢᠶᠠᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ | ᠰᠢᠯᠭᠠᠯᠲᠠ ᠶᠢᠨ ᠲᠥᠪ ᠠᠴᠠ ᠬᠠᠷᠢᠭᠤᠴᠠᠨ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠡᠭᠦᠨ ᠳᠤ᠂ ᠲᠤᠰᠬᠠᠢ ᠲᠦᠷᠦᠯ ᠤᠨ ᠲᠥᠯᠥᠪᠯᠡᠭᠡ ᠶᠢᠨ ᠡᠷᠡᠮᠡᠯᠵᠡᠯ ᠲᠠᠭᠯᠠᠬᠤ ᠪᠠ ᠡᠯᠰᠡᠬᠦ ᠳᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠦᠨ᠎ᠡ᠂ ᠪᠣᠳᠠᠲᠠᠢ ᠪᠠᠷ ᠬᠡᠯᠡᠪᠡᠯ᠄ | ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠲᠤᠰᠬᠠᠢ ᠲᠥᠯᠥᠪᠯᠡᠭᠡ᠃ 2023 ᠣᠨ ᠳᠤ ᠦᠷᠭᠦᠯᠵᠢᠯᠡᠨ ᠬᠥᠳᠡᠭᠡ ᠲᠣᠰᠬᠤᠨ | ᠪᠠ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠲᠤᠰᠬᠠᠢ | ᠲᠥᠯᠥᠪᠯᠡᠭᠡ (ᠲᠤᠰᠬᠠᠢ ᠲᠥᠯᠥᠪᠯᠡᠭᠡ ᠭᠡᠵᠦ ᠲᠣᠪᠴᠢᠯᠠᠨ᠎ᠠ) ᠶᠢ ᠬᠡᠷᠡᠭᠵᠢᠭᠦᠯᠦᠨ᠎ᠡ᠂ ᠡᠭᠦᠨ ᠳᠤ ᠤᠯᠤᠰ ᠤᠨ᠂ ᠣᠷᠣᠨ ᠨᠤᠲᠤᠭ ᠤᠨ᠂ ᠶᠡᠭᠡ ᠳᠡᠭᠡᠳᠦ ᠰᠤᠷᠭᠠᠭᠤᠯᠢ | ᠶᠢᠨ ᠵᠡᠷᠭᠡ ᠭᠤᠷᠪᠠᠨ ᠲᠤᠰᠬᠠᠢ ᠲᠥᠯᠥᠪᠯᠡᠭᠡ ᠶᠢ ᠪᠠᠭᠲᠠᠭᠠᠨ᠎ᠠ᠃ ᠲᠤᠰᠬᠠᠢ ᠲᠥᠯᠥᠪᠯᠡᠭᠡ ᠶᠢᠨ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠬᠠᠷᠭᠤᠭᠤᠯᠬᠤ᠂ ᠤᠬᠠᠭᠤᠯᠬᠤ | ᠦᠢᠯᠡᠴᠢᠯᠡᠭᠡ᠂ ᠡᠷᠡᠮᠡᠯᠵᠡᠯ ᠲᠠᠭᠯᠠᠬᠤ ᠵᠢᠴᠢ ᠡᠯᠰᠡᠬᠦ᠂ ᠬᠢᠨᠠᠯᠲᠠ ᠲᠠᠯᠪᠢᠵᠤ ᠬᠠᠮᠢᠶᠠᠷᠬᠤ᠂ ᠲᠣᠭᠲᠠᠭᠠᠯ ᠠᠴᠠ ᠵᠥᠷᠢᠴᠡᠭᠰᠡᠨ ᠵᠦᠢᠯᠡᠰ ᠢ ᠪᠠᠶᠢᠴᠠᠭᠠᠨ ᠰᠢᠢᠳᠪᠦᠷᠢᠯᠡᠬᠦ | ᠵᠡᠷᠭᠡ ᠬᠠᠮᠢᠶ᠎ᠠ ᠪᠦᠬᠦᠢ ᠠᠵᠢᠯ ᠢ ᠥᠪᠡᠷᠲᠡᠭᠡᠨ ᠵᠠᠰᠠᠬᠤ ᠣᠷᠣᠨ ᠤ ᠰᠣᠷᠣᠬᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠭᠡᠷ ᠤᠨ ︽2023 ᠣᠨ ᠤ | ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠠᠴᠠ ᠰᠣᠷᠣᠬᠴᠢ ᠡᠯᠰᠡᠬᠦ ᠲᠤᠰᠬᠠᠢ ᠲᠥᠯᠥᠪᠯᠡᠭᠡ ᠶᠢᠨ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ (ᠥᠪᠥᠷ ᠰᠣᠷᠣᠬᠴᠢ ᠡᠯᠰᠡᠬᠦ ᠠᠯᠪᠠᠨ ᠭᠡᠷ ﹇2023﹈ 7 ᠳ᠋ᠤᠭᠠᠷ ᠲᠣᠭᠠᠲᠤ) ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ 2023 ᠣᠨ ᠠᠴᠠ | ᠡᠬᠢᠯᠡᠨ᠂ ᠥᠩᠭᠡᠷᠡᠭᠰᠡᠨ ᠵᠢᠯ ᠤᠳ ᠲᠤ ᠲᠤᠰᠬᠠᠢ ᠲᠥᠯᠥᠪᠯᠡᠭᠡ ᠳᠤ ᠡᠯᠰᠡᠭᠳᠡᠭᠰᠡᠨ ᠤ ᠳᠠᠷᠠᠭ᠎ᠠ ᠰᠤᠷᠭᠠᠭᠤᠯᠢ ᠳᠤ ᠣᠷᠣᠬᠤ ᠬᠢᠷᠢ ᠭᠡᠮ ᠢᠶᠠᠨ ᠬᠠᠶᠠᠭᠰᠠᠨ ᠪᠤᠶᠤ | ᠰᠤᠷᠤᠯᠭ᠎ᠠ ᠪᠠᠨ ᠵᠣᠭᠰᠣᠭᠰᠠᠨ ᠰᠢᠯᠭᠠᠭᠤᠯᠤᠭᠴᠢ ᠲᠤᠰᠬᠠᠢ ᠲᠥᠯᠥᠪᠯᠡᠭᠡ ᠳᠤ ᠳᠠᠭᠢᠨ ᠨᠡᠷ᠎ᠡ ᠮᠡᠳᠡᠭᠦᠯᠬᠦ ᠬᠢᠷᠢ ᠭᠡᠮ ᠦᠭᠡᠢ᠃ | ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠤᠷᠤᠬᠴᠢᠳ ᠢ ᠰᠦᠢᠳᠬᠡᠯ ᠬᠤᠷᠢᠶᠠᠬᠤ | ᠦᠭᠡᠢ ᠪᠠᠷ ᠬᠥᠮᠥᠵᠢᠭᠦᠯᠦᠨ᠎ᠡ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠨ ᠢ ᠠᠯᠪᠠᠨ | ᠵᠠᠷᠤᠳᠠᠯ ᠢᠶᠠᠷ ᠰᠤᠷᠭᠠᠨ ᠬᠥᠮᠥᠵᠢᠭᠦᠯᠦᠨ᠎ᠡ᠃ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠵᠠᠷᠤᠳᠠᠯ ᠤᠨ | ᠪᠠᠭᠰᠢ ᠶᠢᠨ ᠮᠡᠷᠭᠡᠵᠢᠯ ᠤᠨ ᠣᠶᠤᠲᠠᠨ ᠡᠯᠰᠡᠬᠦ ᠶᠡᠭᠡ ᠳᠡᠭᠡᠳᠦ ᠰᠤᠷᠭᠠᠭᠤᠯᠢ ᠪᠣᠯ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ | ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠᠵᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ | ᠰᠤᠷᠭᠠᠭᠤᠯᠢ ᠪᠠ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ 6 ᠪᠠᠭᠰᠢ ᠶᠢᠨ ᠶᠡᠭᠡ ᠰᠤᠷᠭᠠᠭᠤᠯᠢ | ᠪᠣᠯᠣᠨ᠎ᠠ᠂ ᠮᠠᠨ ᠤ ᠣᠷᠣᠨ ᠡᠩ ᠤᠨ ᠪᠠᠶᠢᠳᠠᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠣᠬᠢᠷᠠᠭᠤᠯᠤᠨ ᠡᠯᠰᠡᠨ᠎ᠡ᠃ | ᠥᠪᠡᠷᠲᠡᠭᠡᠨ ᠵᠠᠰᠠᠬᠤ ᠣᠷᠣᠨ ᠤ ᠠᠯᠪᠠᠨ ᠵᠠᠷᠤᠳᠠᠯ ᠤᠨ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ᠃ ᠥᠪᠥᠷ ᠮᠣᠩᠭᠤᠯ ᠤᠨ ︽ᠠᠯᠪᠠᠨ | ᠵᠠᠷᠤᠳᠠᠯ ᠤᠨ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ︾ ᠶᠢ ᠵᠢᠩᠬᠢᠨᠢ ᠠᠩᠭᠢ ᠶᠢᠨ ᠲᠠᠰ ᠳᠠᠪᠬᠤᠷᠭ᠎ᠠ ᠳᠤ ᠬᠡᠷᠡᠭᠵᠢᠭᠦᠯᠵᠦ᠂ ᠰᠣᠷᠣᠬᠴᠢ ᠡᠯᠰᠡᠬᠦ | ᠡᠲᠡᠭᠡᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠭᠡ ᠠᠮᠠ ᠶᠢᠨ ᠲᠠᠩᠰᠠ ᠲᠠᠢ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠲᠡᠭᠦᠰᠬᠦ ᠰᠢᠯᠢᠳᠡᠭ ᠰᠣᠷᠣᠬᠴᠢ ᠪᠠᠶᠢᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ | ᠶᠡᠭᠡ ᠰᠤᠷᠭᠠᠭᠤᠯᠢ ᠵᠡᠷᠭᠡ ᠥᠨᠳᠥᠷ ᠬᠢᠷᠢ ᠲᠦᠪᠰᠢᠨ ᠪᠦᠬᠦᠢ ᠪᠠᠭᠰᠢ ᠶᠢᠨ ᠶᠡᠭᠡ ᠳᠡᠭᠡᠳᠦ ᠰᠤᠷᠭᠠᠭᠤᠯᠢ ᠳᠤ ᠨᠠᠶᠢᠳᠠᠵᠤ ᠬᠥᠮᠥᠵᠢᠭᠦᠯᠦᠨ᠎ᠡ᠃ ︽ᠠᠯᠪᠠᠨ ᠵᠠᠷᠤᠳᠠᠯ ᠤᠨ | ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ︾ ᠶᠢ ᠡᠩ ᠤᠨ ᠪᠠᠶᠢᠳᠠᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ | ᠲᠣᠬᠢᠷᠠᠭᠤᠯᠤᠨ ᠡᠯᠰᠡᠨ᠎ᠡ᠃ | ᠳᠤᠮᠳᠠ ᠪᠠᠷᠠᠭᠤᠨ ᠣᠷᠣᠨ ᠤ ᠬᠥᠭᠵᠢᠭᠡᠳᠦᠢ ᠭᠠᠵᠠᠷ ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠬᠥᠮᠥᠵᠢᠭᠦᠯᠬᠦ ᠲᠥᠯᠥᠪᠯᠡᠭᠡ᠃ 2021 | ᠣᠨ ᠠᠴᠠ ᠡᠬᠢᠯᠡᠨ᠂ ᠵᠢᠯ ᠪᠦᠷᠢ ᠪᠦᠭᠦ ᠤᠯᠤᠰ ᠤᠨ ᠡᠩ ᠤᠨ ᠵᠢᠩᠬᠢᠨᠢ ᠠᠩᠭᠢ ᠶᠢᠨ ᠰᠣᠷᠣᠬᠴᠢ ᠡᠯᠰᠡᠬᠦ ᠲᠥᠯᠥᠪᠯᠡᠭᠡ ᠳᠤ ᠲᠤᠰᠬᠠᠶᠢᠯᠠᠨ ᠳᠤᠮᠳᠠ ᠪᠠᠷᠠᠭᠤᠨ | ᠬᠡᠰᠡᠭ ᠤᠨ ᠬᠥᠭᠵᠢᠭᠡᠳᠦᠢ ᠭᠠᠵᠠᠷ ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠲᠤᠰᠬᠠᠢ ᠲᠥᠯᠥᠪᠯᠡᠭᠡ (︽ᠰᠢᠯᠢᠳᠡᠭ ᠪᠠᠭᠰᠢ ᠶᠢᠨ | ᠲᠥᠯᠥᠪᠯᠡᠭᠡ︾ ᠭᠡᠵᠦ ᠲᠣᠪᠴᠢᠯᠠᠨ᠎ᠠ) ᠶᠢᠨ ᠰᠣᠷᠣᠬᠴᠢ ᠡᠯᠰᠡᠬᠦ ᠲᠥᠯᠥᠪᠯᠡᠭᠡ ᠲᠣᠬᠢᠷᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ | ᠶᠡᠭᠡ ᠰᠤᠷᠭᠠᠭᠤᠯᠢ ᠪᠠ ᠣᠷᠣᠨ ᠨᠤᠲᠤᠭ ᠤᠨ ᠪᠠᠭᠰᠢ ᠶᠢᠨ ᠳᠡᠭᠡᠳᠦ ᠰᠤᠷᠭᠠᠭᠤᠯᠢ ᠠᠴᠠ ᠰᠣᠷᠣᠬᠴᠢ ᠡᠯᠰᠡᠬᠦ ᠵᠢᠴᠢ ᠬᠥᠮᠥᠵᠢᠭᠦᠯᠬᠦ ᠡᠭᠦᠷᠭᠡ ᠶᠢ ᠡᠭᠦᠷᠭᠡᠯᠡᠵᠦ᠂ 832 | ᠶᠠᠳᠠᠭᠤ ᠠᠴᠠ ᠠᠩᠭᠢᠵᠢᠷᠠᠭᠰᠠᠨ ᠰᠢᠶᠠᠨ ( ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠰᠢᠶᠠᠨ᠂ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ) ᠪᠠ ᠳᠤᠮᠳᠠ ᠪᠠᠷᠠᠭᠤᠨ ᠪᠡᠶ᠎ᠡ ᠶᠢᠨ ᠡᠬᠡ ᠬᠠᠭᠤᠷᠠᠢ ᠶᠢᠨ ᠬᠢᠯᠢ ᠶᠢᠨ ᠰᠢᠶᠠᠨ ᠤ ᠳᠤᠮᠳᠠᠳᠤ ᠪᠠᠭ᠎ᠠ | ᠰᠤᠷᠭᠠᠭᠤᠯᠢ ᠳᠤ ᠨᠢᠭᠡ ᠪᠦᠯᠦᠭ ᠰᠢᠯᠢᠳᠡᠭ ᠪᠠᠭᠰᠢ ᠶᠢ ᠬᠠᠨᠳᠤᠯᠭ᠎ᠠ ᠲᠠᠢ ᠪᠠᠷ ᠬᠥᠮᠥᠵᠢᠭᠦᠯᠦᠨ᠎ᠡ᠃ ︽ᠰᠢᠯᠢᠳᠡᠭ ᠪᠠᠭᠰᠢ ᠶᠢᠨ ᠲᠥᠯᠥᠪᠯᠡᠭᠡ︾ ᠶᠢ ᠤᠯᠤᠰ ᠤᠨ | ᠰᠢᠯᠢᠳᠡᠭ ᠪᠠᠭᠰᠢ ᠶᠢᠨ ᠲᠥᠯᠥᠪᠯᠡᠭᠡ ᠪᠠ ᠣᠷᠣᠨ ᠨᠤᠲᠤᠭ ᠤᠨ ᠰᠢᠯᠢᠳᠡᠭ ᠪᠠᠭᠰᠢ ᠶᠢᠨ ᠲᠥᠯᠥᠪᠯᠡᠭᠡ (ᠣᠷᠣᠨ ᠨᠤᠲᠤᠭ ᠤᠨ ᠰᠢᠯᠢᠳᠡᠭ ᠪᠠᠭᠰᠢ ᠶᠢᠨ ᠲᠥᠯᠥᠪᠯᠡᠭᠡ | ᠨᠢ ᠳᠠᠷᠤᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ ᠶᠢᠨ ᠲᠥᠯᠥᠪᠯᠡᠭᠡ) ᠭᠡᠵᠦ ᠬᠤᠪᠢᠶᠠᠨ᠎ᠠ᠂ ᠥᠪᠥᠷ ᠮᠣᠩᠭᠤᠯ ᠡᠩ ᠤᠨ ᠪᠠᠶᠢᠳᠠᠯ ᠳᠤ ᠵᠢᠩᠬᠢᠨᠢ | ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠣᠬᠢᠷᠠᠭᠤᠯᠤᠨ ᠡᠯᠰᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ ᠶᠢᠨ ᠲᠥᠯᠥᠪᠯᠡᠭᠡ ᠶᠢᠨ | ᠰᠣᠷᠣᠬᠴᠢ ᠡᠯᠰᠡᠬᠦ ᠡᠲᠡᠭᠡᠳ ᠪᠣᠯ ᠮᠠᠨ ᠤ ᠣᠷᠣᠨ ᠤ ᠡᠷᠦᠭᠡ ᠠᠮᠠ ᠶᠢᠨ ᠲᠠᠩᠰᠠ ᠲᠠᠢ ᠪᠥᠭᠡᠳ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ | ᠡᠯᠰᠡᠬᠦ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠥᠨᠳᠥᠷ ᠳᠤᠮᠳᠠᠳᠤ ᠶᠢᠨ ᠲᠡᠭᠦᠰᠬᠦ ᠰᠣᠷᠣᠬᠴᠢ ᠪᠣᠯᠣᠨ᠎ᠠ᠃ ᠥᠪᠡᠷᠲᠡᠭᠡᠨ ᠵᠠᠰᠠᠬᠤ | ᠣᠷᠣᠨ ᠤ ᠰᠢᠯᠢᠳᠡᠭ ᠪᠠᠭᠰᠢ ᠶᠢ ᠡᠩ ᠤᠨ ᠵᠢᠩᠬᠢᠨᠢ ᠠᠩᠭᠢ ᠶᠢᠨ ᠲᠠᠰ ᠳᠠᠪᠬᠤᠷᠭ᠎ᠠ ᠳᠤ ᠬᠥᠮᠥᠵᠢᠭᠦᠯᠦᠨ ᠬᠡᠷᠡᠭᠵᠢᠭᠦᠯᠵᠦ᠂ ᠬᠥᠮᠥᠵᠢᠭᠦᠯᠬᠦ ᠠᠵᠢᠯ ᠢ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠡᠭᠦᠷᠭᠡᠯᠡᠨ᠎ᠡ᠃ | ᠦᠨᠳᠦᠰᠦᠲᠡᠨ ᠤ ᠲᠤᠰᠬᠠᠢ ᠲᠥᠯᠥᠪᠯᠡᠭᠡ᠃ ᠦᠨᠳᠦᠰᠦᠲᠡᠨ ᠤ ᠲᠤᠰᠬᠠᠢ ᠲᠥᠯᠥᠪᠯᠡᠭᠡ ᠶᠢᠨ ᠰᠤᠷᠤᠬᠴᠢ ᠡᠯᠰᠡᠬᠦ ᠠᠵᠢᠯ ᠪᠣᠯ ᠶᠡᠭᠡ ᠳᠡᠭᠡᠳᠦ | ᠰᠤᠷᠭᠠᠭᠤᠯᠢ ᠶᠢᠨ ᠰᠤᠷᠤᠬᠴᠢ ᠡᠯᠰᠡᠬᠦ ᠠᠵᠢᠯ ᠤᠨ ᠴᠢᠬᠤᠯᠠ ᠪᠦᠷᠢᠯᠳᠦᠭᠦᠨ ᠬᠡᠰᠡᠭ ᠪᠣᠯᠬᠤᠷ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠤ ᠲᠤᠰᠬᠠᠢ ᠲᠥᠯᠥᠪᠯᠡᠭᠡ ᠳᠤ ᠭᠤᠣᠯᠳᠠᠭᠤ | ᠴᠥᠭᠡᠨ ᠲᠣᠭᠠᠲᠤ ᠦᠨᠳᠦᠰᠦᠲᠡᠨ ᠤ ᠪᠡᠯᠡᠳᠬᠡᠯ ᠠᠩᠭᠢ ᠪᠠ ᠦᠨᠳᠦᠰᠦᠲᠡᠨ ᠤ ᠠᠩᠭᠢ ᠶᠢᠨ ᠲᠥᠯᠥᠪᠯᠡᠭᠡ ᠪᠠᠭᠲᠠᠨ᠎ᠠ᠃ | ᠥᠪᠥᠷ ᠮᠣᠩᠭᠤᠯ ᠳᠤ ᠰᠤᠷᠤᠬᠴᠢ ᠡᠯᠰᠡᠬᠦ ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ | ᠲᠥᠯᠥᠪᠯᠡᠭᠡ ᠶᠢᠨ ᠵᠠᠷᠴᠢᠮ ᠪᠣᠯᠣᠨ ᠱᠠᠭᠠᠷᠳᠠᠯᠭ᠎ᠠ ᠵᠢᠴᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠶᠠᠮᠤᠨ ᠤ ᠲᠥᠯᠥᠪᠯᠡᠭᠡ ᠶᠢᠨ ᠬᠠᠮᠢᠶᠠᠷᠤᠯᠲᠠ ᠶᠢᠨ | ᠰᠢᠰᠲ᠋ᠧᠮ ᠳᠤ ᠪᠠᠶᠢᠷᠢᠯᠠᠭᠤᠯᠤᠭᠰᠠᠨ ᠡᠯ᠎ᠡ ᠪᠦᠯᠦᠭ ᠤᠳᠠᠭ᠎ᠠ᠂ ᠡᠯᠰᠡᠬᠦ ᠰᠢᠯᠭᠠᠯᠲᠠ ᠶᠢᠨ ᠲᠥᠷᠥᠯ ᠭᠡᠯᠪᠡᠷᠢ ᠵᠢᠴᠢ ᠣᠷᠣᠯᠠᠬᠤ ᠲᠡᠮᠳᠡᠭ ᠢ ᠴᠢᠩᠭ᠎ᠠ ᠵᠢᠷᠤᠮᠯᠠᠨ᠂ ᠲᠤᠰ | ᠰᠤᠷᠭᠠᠭᠤᠯᠢ ᠶᠢᠨ ᠰᠤᠷᠤᠬᠴᠢ ᠡᠯᠰᠡᠬᠦ ᠢᠷᠡᠯᠲᠡ ᠶᠢᠨ ᠲᠥᠯᠥᠪᠯᠡᠭᠡ ᠪᠠᠨ ᠣᠨᠣᠪᠴᠢᠲᠠᠶ ᠨᠠᠶᠢᠷᠠᠭᠤᠯᠤᠨ ᠵᠣᠬᠢᠶᠠᠬᠤ ᠬᠡᠷᠡᠭᠲᠡᠢ᠃ ᠰᠣᠷᠣᠬᠴᠢ ᠡᠯᠰᠡᠬᠦ ᠶᠡᠭᠡ ᠳᠡᠭᠡᠳᠦ | ᠰᠤᠷᠭᠠᠭᠤᠯᠢ ᠲᠥᠯᠥᠪᠯᠡᠭᠡ ᠶᠢᠨ ᠲᠣᠬᠢᠷᠠᠭᠤᠯᠤᠯᠲᠠ ᠪᠠᠨ ᠠᠰᠢᠭᠯᠠᠨ ᠰᠢᠯᠭᠠᠭᠤᠯᠤᠭᠴᠢ ᠠᠴᠠ ᠰᠣᠷᠣᠬᠴᠢ ᠡᠯᠰᠡᠬᠦ ᠲᠠᠢ ᠬᠤᠯᠪᠣᠭᠳᠠᠭᠤᠯᠤᠭᠰᠠᠨ ᠠᠯᠢᠪᠠ ᠰᠦᠢᠳᠬᠡᠯ | ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠴᠥᠮ ︽ᠪᠦᠭᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠣᠷᠣᠬᠴᠢ ᠡᠯᠰᠡᠬᠦ ᠢᠷᠡᠯᠲᠡ ᠶᠢᠨ ᠲᠥᠯᠥᠪᠯᠡᠭᠡ ᠶᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠶᠢᠨ ᠰᠢᠰᠲ᠋ᠧᠮ︾ ᠢ ᠬᠡᠷᠡᠭᠯᠡᠨ ᠲᠤᠰᠬᠠᠢ ᠮᠡᠷᠭᠡᠵᠢᠯ ᠬᠤᠪᠢᠶᠠᠬᠤ | ᠲᠥᠯᠥᠪᠯᠡᠭᠡ ᠪᠠᠨ ᠲᠣᠬᠢᠷᠠᠭᠤᠯᠬᠤ ᠶᠢᠨ ᠬᠠᠮᠲᠤ᠂ ᠡᠷᠬᠡᠪᠰᠢ ᠶᠡᠭᠡ ᠳᠡᠭᠡᠳᠦ ᠰᠤᠷᠭᠠᠭᠤᠯᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠥᠪᠡᠷᠲᠡᠭᠡᠨ | ᠵᠠᠰᠠᠬᠤ ᠣᠷᠣᠨ ᠤ ᠰᠣᠷᠣᠬᠴᠢ ᠡᠯᠰᠡᠬᠦ ᠵᠥᠪᠯᠡᠯ ᠤᠨ ᠠᠯᠪᠠᠨ ᠭᠡᠷ ᠤᠨ ᠵᠥᠪᠰᠢᠶᠡᠷᠡᠯ ᠢ ᠣᠯᠬᠤ ᠬᠡᠷᠡᠭᠲᠡᠢ᠃ | | |