ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ | ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠤᠨ ᠪᠠᠶᠢᠵᠤ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃ | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶᠂ ᠤᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠦᠯᠲᠠ᠂ ᠡᠯᠡᠰᠦ ᠰᠡᠷᠭᠡᠶᠢᠯᠡᠨ ᠵᠠᠰᠠᠬᠤ᠂ ᠤᠢ ᠰᠢᠭᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ᠂ ᠤᠯᠤᠰ ᠤᠨ ᠨᠤᠲᠤᠭ ᠳᠡᠪᠢᠰᠭᠡᠷ ᠤᠨ ᠨᠤᠭᠤᠭᠠᠷᠠᠭᠤᠯᠤᠯᠲᠠ ᠶᠢᠨ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠤ ᠴᠢᠭᠯᠡᠯᠲᠡ᠂ ᠲᠥᠷᠦ ᠶᠢᠨ | ᠪᠤᠳᠦᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠤᠢ ᠰᠢᠭᠤᠢ ᠶᠢᠨ ᠬᠥᠭᠵᠢᠯᠲᠡ ᠶᠢᠨ ᠲᠦᠷᠦ ᠶᠢᠨ | ᠪᠤᠳᠤᠯᠭ᠎ᠠ᠂ ᠳᠦᠷᠢᠮ ᠲᠤᠭᠲᠠᠭᠠᠯ᠂ ᠠᠷᠭ᠎ᠠ ᠬᠡᠮᠵᠢᠶ᠎ᠡ ᠶᠢ ᠰᠤᠳᠤᠯᠤᠨ ᠲᠣᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠶᠠᠷ︶᠂ ᠪᠦᠬᠦ ᠬᠤᠲᠠ ᠶᠢᠨ ᠤᠢ ᠰᠢᠭᠤᠢ ᠶᠢᠨ ᠬᠦᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ᠂ ᠤᠨ ᠤ ᠲᠦᠯᠦᠪᠯᠡᠭᠡ ᠶᠢ | ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠤᠢ ᠰᠢᠭᠤᠢ ᠶᠢᠨ ᠡᠯ᠎ᠡ ᠲᠦᠷᠦᠯ ᠤᠨ ᠪᠡᠯᠡ ᠮᠦᠩᠭᠦ ᠶᠢ ᠬᠠᠮᠢᠶᠠᠷᠬᠤ ᠶᠢᠨ | ᠬᠠᠮᠲᠤ ᠲᠡᠭᠦᠨ ᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ︔ ᠰᠠᠯᠠᠭ᠎ᠠ ᠮᠦᠴᠢᠷ ᠤᠨ ᠲᠦᠰᠦᠪ ᠢ ᠨᠠᠶᠢᠷᠠᠭᠤᠯᠤᠨ ᠲᠤᠭᠲᠠᠭᠠᠬᠤ ᠶᠢᠨ | ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠢ ᠰᠢᠭᠤᠢ ᠶᠢᠨ ᠭᠤᠤᠯᠳᠠᠯᠭᠠᠲᠤ ᠦᠨᠳᠦᠰᠦᠨ ᠪᠦᠲᠦᠭᠡᠨ ᠪᠠᠶᠢᠭᠤᠯᠤᠯᠲᠠ ᠪᠠ ᠮᠡᠷᠭᠡᠵᠢᠯ ᠤᠨ | ᠦᠭᠡᠷᠡᠴᠢᠯᠡᠯᠲᠡ ᠶᠢᠨ ᠲᠦᠷᠦᠯ ᠵᠦᠢᠯ ᠤᠨ ᠲᠦᠰᠦᠯ ᠲᠤᠭᠲᠠᠭᠠᠬᠤ ᠬᠢᠨᠠᠨ ᠵᠦᠪᠰᠢᠶᠡᠷᠡᠬᠦ ᠶᠢ ᠲᠤᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠠᠷᠢᠭᠤᠴᠠᠨ᠎ᠠ︔ | ᠤᠢ ᠰᠢᠭᠤᠢ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠤᠨ᠎ᠠ᠃ | ︵ᠭᠤᠷᠪᠠ︶᠂ ᠪᠥᠬᠦ ᠬᠤᠲᠠ ᠶᠢᠨ ᠣᠶᠢᠵᠢᠭᠤᠯᠤᠨ ᠨᠣᠭᠤᠭᠠᠷᠠᠭᠤᠯᠬᠤ ᠪᠠ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠠᠵᠢᠯ ᠢ ᠵᠤᠬᠢᠶᠠᠨ | ᠪᠠᠶᠢᠭᠤᠯᠤᠨ ᠦᠷᠨᠢᠭᠦᠯᠦᠨ᠎ᠡ︔ ᠮᠤᠳᠤ ᠵᠠᠶᠢᠯᠠᠵᠤ ᠡᠪᠡᠰᠦ ᠲᠠᠷᠢᠬᠤ ᠵᠡᠷᠭᠡ ᠠᠮᠢᠳᠤ ᠪᠤᠳᠠᠰ ᠤᠨ ᠠᠷᠭ᠎ᠠ ᠬᠡᠮᠵᠢᠶ᠎ᠡ ᠪᠠᠷ ᠤᠰᠤ ᠰᠢᠷᠤᠢ ᠶᠢᠨ ᠤᠷᠤᠰᠤᠭᠳᠠᠯ ᠢ | ᠰᠡᠷᠭᠡᠶᠢᠯᠡᠨ ᠵᠠᠰᠠᠬᠤ ᠪᠠ ᠡᠯᠡᠰᠦ ᠰᠡᠷᠭᠡᠶᠢᠯᠡᠨ ᠵᠠᠰᠠᠬᠤ ᠠᠵᠢᠯ ᠢ ᠦᠷᠨᠢᠭᠦᠯᠦᠨ᠎ᠡ︔ ᠡᠯ᠎ᠡ ᠲᠦᠷᠦᠯ ᠤᠨ ᠤᠢ ᠰᠢᠭᠤᠢ ᠶᠢᠨ ᠪᠤᠶᠢᠵᠢᠭᠤᠯᠤᠯᠲᠠ᠂ ᠤᠯᠤᠰ ᠤᠨ | ᠦᠮᠴᠢᠯᠡᠯᠲᠦ ᠤᠢ ᠰᠢᠭᠤᠢ ᠶᠢᠨ ᠲᠠᠯᠠᠪᠠᠢ ︵ᠴᠢᠬᠢ ᠮᠤᠳᠤᠨ ᠤ ᠬᠦᠷᠢᠶᠡᠯᠡᠩ︶᠂ ᠤᠢ ᠶᠢᠨ ᠴᠡᠴᠡᠷᠯᠢᠭ ᠵᠢᠴᠢ ᠦᠨᠳᠦᠰᠦᠨ ᠱᠠᠲᠤᠨ ᠤ ᠤᠢ ᠰᠢᠭᠤᠢ ᠶᠢᠨ | ᠠᠵᠢᠯ ᠤᠨ ᠪᠠᠶᠢᠭᠤᠯᠤᠮᠵᠢ ᠶᠢᠨ ᠪᠥᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ︔ ᠤᠢ ᠰᠢᠭᠤᠢ ᠶᠢᠨ ᠭᠤᠤᠯᠳᠠᠯᠭᠠᠲᠤ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ︔ ᠤᠢ ᠰᠢᠭᠤᠢ ᠶᠢᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ︔ ᠬᠦᠯᠦᠨ ᠪᠤᠶᠢᠷ ᠬᠤᠲᠠ ᠶᠢᠨ ᠨᠣᠭᠤᠭᠠᠷᠠᠭᠤᠯᠬᠤ ᠵᠦᠪᠯᠡᠯ ᠵᠢᠴᠢ ᠡᠯᠡᠰᠦᠷᠬᠡᠭ | ᠤᠷᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠳᠦᠷᠪᠡ︶᠂ ᠪᠥᠬᠦ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ᠂ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠵᠤ᠂ | ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠲᠠᠪᠤ︶᠂ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠤᠯᠤᠰ ᠪᠠ ᠦᠪᠡᠷᠲᠡᠭᠡᠨ ᠵᠠᠰᠠᠬᠤ ᠤᠷᠤᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ | ᠲᠤᠤᠱᠯᠠᠭᠤᠯᠣᠨ ᠬᠡᠷᠡᠭᠵᠢᠭᠦᠯᠵᠦ᠂ ᠪᠦᠬᠦ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠬᠤ᠂ | ᠤᠬᠠᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ ᠪᠠ ᠵᠤᠬᠢᠴᠠᠭᠤᠯᠬᠤ ᠶᠢ ᠬᠠᠷᠢᠭᠤᠴᠠᠨ᠎ᠠ︔ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ | ᠬᠠᠮᠢᠶ᠎ᠠ ᠪᠦᠬᠦᠢ ᠳᠦᠷᠢᠮ ᠲᠤᠭᠲᠠᠭᠠᠯ ᠪᠠ ᠭᠠᠯ ᠰᠡᠷᠭᠡᠶᠢᠯᠡᠨ ᠤᠨᠲᠠᠷᠠᠭᠠᠬᠤ ᠲᠦᠰᠦᠪ ᠲᠤᠭᠲᠠᠭᠠᠬᠤ ᠶᠢ ᠬᠠᠷᠢᠭᠤᠴᠠᠨ᠎ᠠ︔ ᠤᠢ ᠰᠢᠭᠤᠢ ᠲᠠᠯ᠎ᠠ ᠨᠤᠲᠤᠭ ᠤᠨ | ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠬᠦᠯᠦᠨ ᠪᠤᠶᠢᠷ ᠬᠤᠲᠠ ᠶᠢᠨ ᠤᠢ ᠰᠢᠭᠤᠢ | ᠲᠠᠯ᠎ᠠ ᠨᠤᠲᠤᠭ ᠤᠨ ᠭᠠᠯ ᠰᠡᠷᠭᠡᠶᠢᠯᠡᠬᠦ ᠵᠢᠯᠤᠭᠤᠳᠬᠤ ᠭᠠᠵᠠᠷ ᠤᠨ ᠪᠤᠳᠠᠲᠠᠢ ᠠᠵᠢᠯ ᠢ ᠬᠠᠷᠢᠭᠤᠴᠠᠨ᠎ᠠ᠃ | ︵ᠵᠢᠷᠭᠤᠭ᠎ᠠ︶᠂ ᠪᠥᠬᠦ ᠬᠤᠲᠠ ᠶᠢᠨ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠣᠢ ᠰᠢᠭᠤᠢ ᠶᠢᠨ ᠲᠣᠲᠣᠭᠠᠳᠣ ᠶᠢ | ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠤᠨ᠎ᠠ︔ ᠪᠥᠬᠦ ᠬᠤᠲᠠ ᠶᠢᠨ ᠣᠢ ᠰᠢᠭᠤᠢ ᠳᠤ ᠬᠤᠯᠪᠤᠭᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠣᠢ | ᠰᠢᠭᠤᠢ ᠳᠤ ᠬᠤᠯᠪᠤᠭᠳᠠᠭᠰᠠᠨ ᠬᠦᠨᠳᠦ ᠶᠡᠭᠡ ᠨᠦᠯᠦᠭᠡ ᠪᠦᠬᠦᠢ ᠬᠡᠷᠡᠭ ᠢ ᠰᠢᠭᠤᠳ ᠪᠠᠶᠢᠴᠠᠭᠠᠨ ᠰᠢᠢᠳᠪᠦᠷᠢᠯᠡᠨ᠎ᠡ᠃ | ︵ᠲᠤᠯᠤᠭ᠎ᠠ︶᠂ ᠪᠦᠬᠦ ᠬᠤᠲᠠ ᠶᠢᠨ ᠤᠢ ᠰᠢᠭᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠵᠠᠷᠭᠤ | ᠬᠢᠬᠦ ᠪᠠ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠬᠠᠷᠢᠭᠤᠴᠠᠨ᠎ᠠ︔ ᠪᠦᠬᠦ ᠬᠤᠲᠠ ᠶᠢᠨ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠬᠠᠷᠢᠭᠤᠴᠠᠨ᠎ᠠ︔ | ᠪᠦᠬᠦ ᠬᠤᠲᠠ ᠶᠢᠨ ᠤᠢ ᠶᠢᠨ ᠡᠷᠬᠡ᠂ ᠤᠶᠢᠲᠤ ᠭᠠᠵᠠᠷ᠂ ᠮᠤᠳᠤᠨ ᠮᠠᠲ᠋ᠧᠷᠢᠶᠠᠯ ᠤᠨ ᠤᠭᠲᠤᠯᠬᠤ ᠪᠠ ᠲᠡᠭᠡᠭᠡᠪᠦᠷᠢᠯᠡᠬᠦ᠂ ᠤᠢ ᠰᠢᠭᠤᠢ ᠶᠢᠨ ᠡᠬᠢ ᠪᠠᠶᠠᠯᠢᠭ ᠤᠨ | ᠦᠨ᠎ᠡ ᠲᠦᠯᠦᠪᠦᠷᠢᠲᠦ ᠬᠡᠷᠡᠭᠯᠡᠭᠡᠨ ᠵᠡᠷᠭᠡ ᠳᠤ ᠬᠢᠨᠠᠯᠲᠠ ᠲᠠᠯᠪᠢᠬᠤ ᠪᠠ ᠬᠠᠮᠢᠶᠠᠷᠤᠯᠲᠠ ᠶᠠᠪᠤᠭᠳᠠᠭᠤᠯᠤᠨ᠎ᠠ᠃ | ︵ᠨᠠᠢᠮᠠ︶᠂ ᠪᠦᠬᠦ ᠬᠤᠲᠠ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠪᠠ ᠵᠦᠢ ᠵᠤᠬᠢᠰᠲᠠᠢ | ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠤᠢ ᠰᠢᠭᠤᠢ ᠶᠢᠨ ᠡᠬᠢ ᠪᠠᠶᠠᠯᠢᠭ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ | ᠡᠬᠢ ᠪᠠᠶᠠᠯᠢᠭ᠂ ᠨᠤᠭᠤ ᠭᠠᠵᠠᠷ ᠤᠨ ᠪᠠᠶᠢᠴᠠᠭᠠᠯᠲᠠ ᠦᠨᠡᠯᠡᠯᠲᠡ ᠪᠠ ᠬᠦᠳᠡᠯᠦᠩᠭᠦᠢ ᠬᠢᠨᠠᠨ ᠬᠡᠮᠵᠢᠯᠲᠡ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ︔ ᠡᠬᠡ | ᠬᠠᠭᠤᠷᠠᠢ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠤ ᠪᠤᠶᠢᠵᠢᠭᠤᠯᠬᠤ᠂ ᠤᠷᠤᠰᠢᠨ ᠠᠮᠢᠳᠤᠷᠠᠬᠤ ᠭᠠᠵᠠᠷ ᠢ ᠨᠢ ᠰᠡᠷᠭᠦᠭᠡᠨ ᠬᠦᠭᠵᠢᠭᠦᠯᠬᠦ᠂ | ᠬᠢᠵᠢᠭ ᠤᠨ ᠡᠭᠦᠰᠦᠯ ᠬᠢᠵᠢᠭ ᠤᠨ ᠡᠪᠡᠳᠴᠢᠨ ᠢ ᠬᠢᠨᠡᠨ ᠬᠡᠮᠵᠢᠬᠦ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠪᠦᠬᠦ ᠬᠤᠲᠠ ᠶᠢᠨ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠨ ᠪᠠᠷᠢᠬᠤ ︵ᠲᠡᠭᠦᠨ ᠴᠤᠭᠯᠠᠭᠤᠯᠬᠤ︶᠂ ᠲᠡᠵᠢᠭᠡᠨ ᠦᠷᠡᠵᠢᠭᠦᠯᠬᠦ ︵ᠵᠠᠶᠢᠯᠠᠵᠤ ᠪᠤᠶᠢᠵᠢᠭᠤᠯᠬᠤ︶᠂ | ᠡᠵᠡᠩᠨᠡᠨ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠤᠨ᠎ᠠ︔ ᠤᠢ ᠰᠢᠭᠤᠢ ᠶᠢᠨ ᠨᠤᠭᠤ ᠭᠠᠵᠠᠷ ᠪᠠ ᠤᠷᠤᠨ ᠨᠤᠲᠤᠭ ᠤᠨ ᠤᠢ ᠰᠢᠭᠤᠢ ᠶᠢᠨ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ︔ ᠪᠦᠬᠦ ᠬᠤᠲᠠ ᠶᠢᠨ ᠤᠢ ᠰᠢᠭᠤᠢ ᠶᠢᠨ ᠬᠦᠨᠦᠭᠡᠯᠲᠦ | ᠠᠮᠢᠳᠤ ᠪᠤᠳᠠᠰ ᠤᠨ ᠰᠡᠷᠭᠡᠶᠢᠯᠡᠨ ᠵᠠᠰᠠᠬᠤ᠂ ᠬᠢᠵᠢᠭ ᠤᠨ ᠪᠠᠶᠢᠴᠠᠭᠠᠯᠲᠠ ᠬᠢᠬᠦ ᠠᠵᠢᠯ ᠢ ᠵᠢᠯᠤᠭᠤᠳᠤᠨ᠎ᠠ᠃ | ︵ᠶᠢᠰᠦ︶᠂ ᠪᠥᠬᠦ ᠬᠤᠲᠠ ᠶᠢᠨ ᠤᠢ ᠰᠢᠭᠤᠢ ᠶᠢᠨ ᠥᠭᠡᠷᠡᠴᠢᠯᠡᠯᠲᠡ ᠶᠢ ᠠᠬᠢᠭᠤᠯᠵᠤ᠂ ᠤᠢ ᠰᠢᠭᠤᠢ ᠶᠢᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠮᠲᠤ ᠨᠡᠶᠢᠲᠡ ᠪᠠ ᠤᠯᠤᠰ ᠤᠨ ᠥᠮᠴᠢᠯᠡᠯᠲᠦ ᠴᠢᠬᠤᠯᠡ ᠶᠡᠭᠡ ᠤᠢ ᠰᠢᠭᠤᠢ ᠶᠢᠨ ᠥᠭᠡᠷᠡᠴᠢᠯᠡᠯᠲᠡ ᠶᠢᠨ | ᠬᠡᠷᠡᠭᠵᠢᠭᠦᠯᠦᠯᠲᠡ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠬᠠᠮᠲᠤ ᠨᠡᠶᠢᠲᠡ ᠶᠢᠨ ᠤᠢ ᠮᠤᠳᠤᠨ ᠤ ᠡᠷᠬᠡ ᠶᠢᠨ ᠳᠥᠷᠢᠮ᠂ ᠭᠤᠤᠯᠳᠠᠯᠭ᠎ᠠ ᠲᠠᠢ ᠤᠯᠤᠰ ᠤᠨ | ᠥᠮᠴᠢᠯᠡᠯᠲᠦ ᠤᠶᠢᠲᠤ ᠤᠷᠤᠨ᠂ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠵᠡᠷᠭᠡ ᠶᠢᠨ ᠴᠢᠬᠤᠯᠡ ᠶᠡᠭᠡ ᠤᠢ ᠰᠢᠭᠤᠢ ᠶᠢᠨ ᠥᠭᠡᠷᠡᠴᠢᠯᠡᠯᠲᠡ ᠶᠢᠨ | ᠰᠠᠨᠠᠯ ᠢ ᠲᠣᠭᠤᠷᠪᠢᠨ ᠲᠣᠭᠲᠠᠭᠠᠬᠤ ᠶᠢᠨ ᠬᠠᠮᠲᠤ ᠵᠢᠭᠠᠨ ᠵᠢᠯᠤᠭᠤᠳᠴᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠲᠠᠷᠢᠶᠠᠯᠠᠬᠤ ᠮᠠᠯᠵᠢᠬᠤ ᠤᠷᠤᠨ ᠤ ᠤᠢ ᠰᠢᠭᠤᠢ ᠶᠢ | ᠬᠥᠭᠵᠢᠭᠦᠯᠬᠦ᠂ ᠮᠠᠯᠴᠢᠨ ᠲᠠᠷᠢᠶᠠᠴᠢᠨ ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠨ᠎ᠠ︔ ᠲᠠᠷᠢᠶᠠᠯᠠᠬᠤ ᠮᠠᠯᠵᠢᠬᠤ ᠤᠷᠤᠨ ᠤ ᠣᠶᠢᠲᠤ ᠭᠠᠵᠠᠷ ᠢ ᠳᠠᠭᠠᠭᠠᠴᠢᠯᠠᠨ ᠡᠵᠡᠩᠨᠡᠬᠦ ᠪᠠ ᠤᠢ ᠶᠢᠨ ᠡᠷᠬᠡ ᠶᠢᠨ ᠡᠷᠭᠢᠯᠲᠡ ᠶᠢ ᠵᠢᠭᠠᠨ | ᠵᠢᠯᠤᠭᠤᠳᠤᠨ ᠬᠢᠨᠠᠯᠲᠠ ᠲᠠᠯᠪᠢᠨ᠎ᠠ︔ ᠤᠢ ᠶᠢᠨ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠬᠦ ᠪᠠ ᠣᠶᠢᠲᠤ ᠭᠠᠵᠠᠷ ᠤᠨ ᠳᠠᠭᠠᠭᠠᠴᠢᠯᠠᠯᠲᠠ ᠶᠢᠨ | ᠭᠡᠷ᠎ᠡ ᠶᠢᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ ᠶᠢ ᠵᠢᠭᠠᠨ ᠵᠢᠯᠤᠭᠤᠳᠤᠨ᠎ᠠ︔ ᠲᠠᠷᠢᠶᠠᠯᠠᠬᠤ ᠶᠢ ᠵᠤᠭᠰᠤᠭᠠᠵᠦ ᠣᠢ ᠮᠤᠳᠤ ᠶᠢ ᠰᠡᠷᠭᠦᠭᠡᠬᠦ ᠠᠵᠢᠯ ᠢ | ᠬᠠᠷᠢᠭᠤᠴᠠᠨ᠎ᠠ᠃ | ︵ᠠᠷᠪᠠ︶᠂ ᠤᠢ ᠰᠢᠭᠤᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ︔ ᠤᠢ ᠶᠢᠨ | ᠭᠠᠷᠤᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠲᠠᠸᠠᠷ ᠤᠨ ᠤᠢ ᠶᠢᠨ ᠬᠦᠭᠵᠢᠯᠲᠡ ᠪᠠ ᠠᠰᠢᠭᠯᠠᠯᠲᠠ ᠶᠢ | ᠵᠢᠯᠤᠭᠤᠳᠤᠨ᠎ᠠ︔ ᠠᠭᠤᠯᠠᠷᠬᠠᠭ ︵ᠡᠯᠡᠰᠦᠷᠬᠡᠭ︶ ᠣᠷᠣᠨ ᠢ ᠶᠡᠷᠦᠩᠬᠡᠶᠢᠯᠡᠨ ᠨᠡᠬᠡᠬᠡᠨ ᠬᠦᠭᠵᠢᠬᠦᠯᠬᠦ ᠶᠢ ᠵᠢᠯᠤᠭᠤᠳᠤᠨ᠎ᠠ︔ ᠤᠢ ᠰᠢᠭᠤᠢ ᠶᠢᠨ ᠠᠮᠢᠳᠤ ᠪᠤᠳᠠᠰ ᠤᠨ | ᠦᠷ᠎ᠡ ᠶᠢᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠥᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ | ᠬᠢᠨᠠᠨ ᠬᠠᠮᠢᠶᠠᠷᠤᠨ᠎ᠠ︔ ᠠᠮᠢᠳᠤ ᠪᠤᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶᠂ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠮᠡᠷᠭᠡᠵᠢᠯ ᠤᠨ ᠳᠡᠯᠭᠡᠷᠡᠭᠦᠯᠦᠨ ᠬᠦᠭᠵᠢᠭᠦᠯᠬᠦ | ᠲᠦᠯᠦᠪᠵᠢᠭᠦᠯᠭᠡ ᠶᠢ ᠲᠤᠭᠲᠠᠭᠠᠵᠤ᠂ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠮᠲᠠ ᠰᠢᠪᠲᠤᠯᠬᠤ᠂ ᠦᠷ᠎ᠡ ᠪᠦᠲᠦᠮᠵᠢ ᠶᠢᠨ ᠬᠢᠨᠠᠨ | ᠲᠤᠭᠲᠠᠭᠠᠬᠤ᠂ ᠮᠡᠷᠭᠡᠵᠢᠯ ᠤᠨ ᠳᠡᠯᠭᠡᠷᠡᠭᠦᠯᠦᠯᠲᠡ ᠶᠢ ᠵᠤᠬᠢᠶᠠᠨ ᠪᠠᠶᠢᠭᠤᠯᠤᠨ᠎ᠠ︔ ᠤᠢ ᠰᠢᠭᠤᠢ ᠶᠢᠨ ᠠᠵᠢᠯᠲᠠᠳ ᠤᠨ ᠳᠠᠪᠲᠠᠨ ᠪᠤᠯᠪᠠᠰᠤᠷᠠᠭᠤᠯᠤᠯᠲᠠ᠂ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯ ᠢ ᠵᠢᠯᠤᠭᠤᠳᠤᠨ᠎ᠠ᠃ | ︵ᠠᠷᠪᠠᠨ ᠬᠤᠶᠠᠷ︶᠂ ᠬᠤᠲᠠ ᠶᠢᠨ ᠬᠠᠷᠢᠶ᠎ᠠ ᠶᠢᠨ ᠵᠢᠷᠭᠤᠭᠠᠨ ᠤᠢ ᠰᠢᠭᠤᠢ ᠶᠢᠨ ᠲᠤᠪᠴᠢᠶᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠡ︶ ᠂ ᠬᠤᠲᠠ ᠶᠢᠨ ᠵᠠᠰᠠᠭ ᠤᠨ ᠣᠷᠳᠣᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠤᠳ ᠬᠡᠷᠡᠭ ᠶᠠᠪᠤᠳᠠᠯ ᠢ ᠳᠠᠭᠠᠭᠠᠨ | ᠭᠦᠢᠴᠡᠳᠭᠡᠨ᠎ᠡ᠃ | ︵ᠠᠷᠪᠠᠨ ᠳᠥᠷᠪᠡ︶ ᠬᠤᠲᠠ ᠶᠢᠨ ᠰᠢᠭᠤᠳ ᠬᠠᠷᠢᠶ᠎ᠠ ᠣᠶ ᠰᠢᠭᠤᠢ ᠶᠢᠨ ᠵᠢᠷᠭᠤᠳᠤᠭᠠᠷ ᠲᠣᠪᠴᠢᠶ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃ | | | |