2023 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2023/6/26
       6 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠤᠬᠴᠢ ᠡᠯᠰᠡᠬᠦ ᠰᠢᠯᠭᠠᠯᠲᠠ ᠶᠢᠨ ᠵᠥᠪᠯᠡᠯ ᠤᠨ ᠪᠦᠭᠦᠳᠡ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂  ᠮᠠᠨ ᠤ ᠣᠷᠣᠨ ᠤ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ ᠬᠢᠷᠢ ᠪᠦᠳᠦᠮᠵᠢ ᠵᠢᠴᠢ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠨᠡᠶᠢᠲᠡᠯᠡᠪᠡ᠃       ᠨᠡᠶᠢᠭᠡᠮ ᠤᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 468 ᠬᠤᠪᠢ; ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 379 ᠬᠤᠪᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 230 ᠬᠤᠪᠢ;ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 434 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 333 ᠬᠤᠪᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 255 ᠬᠤᠪᠢ;       ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 449 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 377 ᠬᠤᠪᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 220 ᠬᠤᠪᠢ;       ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 385 ᠬᠤᠪᠢ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 320 ᠬᠤᠪᠢ; ᠳᠡᠭᠡᠳᠦ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 245 ᠬᠤᠪᠢ ᠪᠣᠯᠣᠨ᠎ᠠ᠃       ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠬᠴᠢ ᠡᠯᠰᠡᠬᠦ ᠰᠢᠯᠭᠠᠯᠲᠠ ᠶᠢᠨ ᠲᠥᠪ ᠠᠴᠠ᠂ ᠰᠢᠯᠭᠠᠭᠤᠯᠤᠭᠴᠢ ᠬᠡᠷᠪᠡ ᠰᠢᠯᠭᠠᠯᠲᠠ ᠶᠢᠨ ᠬᠢᠷᠢ ᠪᠦᠳᠦᠮᠵᠢ ᠳᠡᠭᠡᠨ ᠰᠡᠵᠢᠭ ᠲᠠᠢ ᠪᠠᠶᠢᠪᠠᠯ᠂ ᠡᠷᠬᠡᠪᠰᠢ 6 ᠰᠠᠷ᠎ᠠ ᠶᠢᠨ 23 ᠠᠴᠠ 25 ᠤ ᠡᠳᠦᠷ ᠪᠤᠯᠳᠠᠯ᠎ᠠ᠂ ᠳᠤᠰ ᠬᠥᠮᠥᠨ ᠤ ᠪᠡᠶ᠎ᠡ ᠶᠢᠨ ᠦᠨᠡᠮᠯᠡᠯ ᠪᠠ ᠰᠢᠯᠭᠠᠭᠤᠯᠬᠤ ᠦᠨᠡᠮᠯᠡᠯ ᠢᠶᠠᠨ ᠠᠪᠴᠤ᠂ ᠬᠤᠰᠢᠭᠤ᠂ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠬᠢᠷᠢ ᠪᠦᠳᠦᠮᠵᠢ ᠪᠠᠨ ᠳᠠᠭᠢᠨ ᠬᠢᠨᠠᠭᠤᠯᠬᠤ ᠭᠤᠶᠤᠴᠢᠯᠠᠯ ᠭᠠᠷᠭᠠᠵᠤ ᠪᠣᠯᠣᠨ᠎ᠠ᠂ ᠬᠤᠭᠤᠴᠠᠭ᠎ᠠ ᠨᠢ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠰᠠᠨᠠᠭᠤᠯᠵᠠᠢ᠃        ᠣᠶᠢᠯᠠᠭᠠᠭᠰᠠᠨ ᠢᠶᠠᠷ᠂ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠬᠴᠢ ᠡᠯᠰᠡᠬᠦ ᠰᠢᠯᠭᠠᠯᠲᠠ ᠶᠢᠨ ᠲᠥᠪ ᠠᠴᠠ ᠥᠪᠥᠷ ᠮᠣᠩᠭᠤᠯ ᠤᠨ ᠰᠤᠷᠤᠬᠴᠢ ᠡᠯᠰᠡᠬᠦ ᠮᠡᠳᠡᠭᠡ ᠵᠠᠩᠭᠢ ᠶᠢᠨ ᠰᠦᠯᠵᠢᠶᠡᠨ ᠳᠤ ︽2023 ᠣᠨ ᠤ ᠠᠮᠤᠷ ᠲᠦᠪᠰᠢᠨ ᠤᠯᠤᠰ ᠤᠨ ᠨᠢᠭᠡᠳᠦᠯᠲᠡᠢ ᠰᠢᠯᠭᠠᠯᠲᠠ︾ ᠬᠡᠮᠡᠬᠦ ᠲᠤᠰᠬᠠᠢ ᠪᠤᠯᠤᠩ ᠨᠡᠭᠡᠭᠡᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠤᠬᠠᠢ ᠲᠦᠷᠦ ᠶᠢᠨ ᠪᠣᠳᠣᠯᠭ᠎ᠠ᠂ ᠮᠡᠳᠡᠭᠡ ᠵᠠᠩᠭᠢ᠂ ᠬᠤᠪᠢ ᠪᠠᠨ ᠪᠠᠶᠢᠴᠠᠭᠠᠬᠤ᠂ ᠡᠷᠡᠮᠡᠯᠵᠡᠯ ᠲᠠᠭᠯᠠᠬᠤ᠂ ᠡᠯᠰᠡᠭᠳᠡᠭᠰᠡᠨ ᠢᠶᠠᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠪᠣᠯᠣᠨ᠎ᠠ᠃ 6 ᠰᠠᠷ᠎ᠠ ᠶᠢᠨ 24 ᠤ ᠡᠳᠦᠷ ᠤᠨ 9 ᠴᠠᠭ ᠠᠴᠠ 17 ᠴᠠᠭ ᠪᠤᠯᠳᠠᠯ᠎ᠠ᠂ ᠤᠯᠤᠰ ᠤᠨ ᠨᠢᠭᠡᠳᠦᠯᠲᠡᠢ ᠰᠢᠯᠭᠠᠯᠲᠠ ᠳᠤ ᠤᠷᠤᠯᠴᠠᠬᠰᠠᠨ ᠰᠢᠯᠭᠠᠭᠤᠯᠤᠭᠴᠢ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠢᠶᠠᠷ ᠵᠤᠯᠭᠠᠯᠴᠠᠭᠤᠯᠤᠨ ᠡᠯᠰᠡᠬᠦ ᠶᠢ ᠪᠠᠭᠲᠠᠭᠠᠨ᠎ᠠ︶ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠰᠣᠷᠢᠯᠲᠠ ᠬᠢᠬᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ