ᠰᠤᠷᠪᠤᠯᠵᠢᠯᠠᠬᠴᠢ 20 ᠤ ᠡᠳᠦᠷ ᠦᠬᠠᠨ ᠤ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠳᠤ ᠬᠤᠷᠠᠯᠳᠤᠭᠤᠯᠤᠭᠰᠠᠨ 2023 ᠣᠨ ᠤ ᠪᠦᠭᠦ | ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ᠂ 16 ᠤ ᠡᠳᠦᠷ ᠪᠤᠯᠲᠠᠯ᠎ᠠ᠂ | ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠠᠶᠢᠯᠴᠢᠯᠠᠬᠰᠠᠨ ᠬᠥᠮᠥᠨ ᠤ ᠲᠤᠭ᠎ᠠ ᠨᠡᠶᠢᠲᠡ 260 | ᠳ᠋ᠦᠩᠰᠢᠭᠤᠷ ᠤᠳᠠᠭ᠎ᠠ ᠳᠤ ᠬᠦᠷᠴᠦ᠂ ᠰᠤᠷᠪᠤᠯᠵᠢᠯᠠᠭᠰᠠᠨ ᠬᠥᠮᠥᠨ ᠤ ᠲᠤᠭ᠎ᠠ 19.2 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠤ᠂ ᠰᠤᠷᠪᠤᠯᠵᠢᠯᠠᠭᠰᠠᠨ | ᠬᠡᠷᠡᠭᠯᠡᠭᠴᠢ ᠨᠢ 200 ᠭᠠᠷᠤᠢ ᠤᠯᠤᠰ ᠪᠠ ᠭᠠᠵᠠᠷ ᠣᠷᠣᠨ ᠢ ᠬᠠᠮᠤᠷᠴᠠᠢ᠃ | ᠰᠤᠷᠭᠠᠨ ᠬᠥᠮᠦᠵᠢᠯ ᠤᠨ ᠶᠠᠮᠤᠨ ᠤ ᠰᠠᠶᠢᠳ ᠬᠤᠸᠠᠢ ᠶᠢᠨ ᠫᠧᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠬᠦᠴᠦᠨ ᠮᠥᠨ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠣᠯ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠲᠡᠦᠬᠡ ᠶᠢᠨ ᠠᠵᠠ ᠲᠣᠭᠢᠶᠠᠯ ᠢ | ᠠᠮᠵᠢᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠢᠯᠡᠳᠬᠡᠪᠡ᠃ | ᠣᠶᠢᠷ᠎ᠠ ᠶᠢᠨ ᠵᠢᠯ ᠳᠤ᠂ ᠰᠤᠷᠭᠠᠨ ᠬᠥᠮᠦᠵᠢᠯ ᠤᠨ ᠶᠠᠮᠤᠨ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢᠨ | ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠴᠢᠬᠤᠯᠠ | ᠭᠠᠷᠳᠠᠴᠠ ᠪᠤᠯᠭᠠᠵᠤ᠂ ᠪᠦᠭᠦ ᠤᠯᠤᠰ ᠤᠨ ᠳᠠᠪᠠᠭᠤᠯᠢᠭ ᠪᠠ ᠬᠦᠴᠦᠨ ᠢ ᠲᠥᠪᠯᠡᠷᠡᠭᠦᠯᠵᠦ᠂ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠲᠡᠭᠦᠨ ᠢ ᠤᠯᠤᠰ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠬᠤ ᠶᠢᠨ ᠭᠠᠷᠳᠠᠬᠤ ᠴᠡᠭ ᠪᠠ ᠲᠤᠰᠤᠯᠲᠠ ᠶᠢᠨ ᠴᠡᠭ ᠪᠣᠯᠭᠠᠪᠠ᠃ | ᠬᠤᠸᠠᠢ ᠶᠢᠨ ᠫᠧᠩ᠂ ᠲᠥᠪ ᠭᠤᠤᠯᠴᠢ ᠪᠠᠶᠢᠬᠤ ᠪᠠ ᠶᠠᠰᠤ ᠴᠢᠨᠠᠷ ᠪᠣᠯ ᠰᠤᠷᠭᠠᠨ ᠬᠥᠮᠦᠵᠢᠯ ᠤᠨ ᠥᠨᠢᠳᠡ ᠶᠢᠨ ᠬᠥᠭᠡᠭᠡᠴᠡᠯᠳᠦᠯ ᠮᠥᠨ᠂ ᠣᠳᠣᠬᠠᠨ ᠤ | ᠰᠤᠷᠭᠠᠨ ᠬᠥᠮᠦᠵᠢᠯ ᠤᠨ ᠡᠬᠢ ᠪᠠᠶᠠᠯᠢᠭ ᠲᠡᠩᠴᠡᠭᠦᠷᠢ ᠦᠭᠡᠢ᠂ ᠰᠤᠷᠭᠠᠨ ᠬᠥᠮᠦᠵᠢᠯ ᠳᠤ ᠲᠠᠰ ᠳᠠᠪᠬᠤᠷᠭ᠎ᠠ ᠪᠠ ᠣᠷᠣᠨ ᠪᠦᠰᠡ ᠶᠢᠨ ᠵᠥᠷᠢᠶ᠎ᠡ ᠣᠷᠣᠰᠢᠵᠤ ᠪᠠᠶᠢᠬᠤ | ᠵᠡᠷᠭᠡ ᠪᠣᠳᠠᠲᠤ ᠪᠠᠶᠢᠳᠠᠯ ᠤᠨ ᠡᠮᠦᠨ᠎ᠡ᠂ ᠰᠤᠷᠭᠠᠨ ᠬᠥᠮᠦᠵᠢᠯ ᠤᠨ ᠶᠠᠮᠤᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠰᠢᠯ ᠢ | ᠬᠦᠴᠦᠯᠡᠨ ᠪᠡᠶᠡᠯᠡᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠲᠣᠮᠣ ᠳ᠋ᠠᠶᠢᠲ᠋ᠠ ᠶᠢᠨ ᠲᠥᠪ᠂ ᠣᠶᠤᠨᠴᠢ ᠲᠥᠪ᠂ ᠬᠥᠭᠵᠢᠯᠲᠡ ᠶᠢᠨ ᠲᠥᠪ ᠪᠠ | ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ ᠢ ᠴᠢᠨᠠᠭᠰᠢᠳᠠ ᠪᠠᠶᠢᠭᠤᠯᠤᠨ ᠪᠦᠲᠦᠭᠡᠵᠦ᠂ ᠰᠣᠷᠣᠬᠴᠢᠳ ᠲᠤ ᠬᠦᠴᠦᠨ ᠨᠡᠮᠡᠷᠢᠯᠡᠬᠦ᠂ ᠪᠠᠭᠰᠢ ᠨᠠᠷ ᠲᠤ | ᠬᠦᠴᠦᠨ ᠨᠡᠮᠡᠷᠢᠯᠡᠬᠦ᠂ ᠬᠠᠮᠢᠶᠠᠷᠤᠯᠲᠠ ᠳᠤ ᠬᠦᠴᠦᠨ ᠨᠡᠮᠡᠷᠢᠯᠡᠬᠦ᠂ ᠰᠤᠳᠤᠯᠭᠠᠨ ᠬᠢᠬᠦ ᠳᠤ ᠬᠦᠴᠦᠨ ᠨᠡᠮᠡᠷᠢᠯᠡᠬᠦ ᠶᠢᠨ ᠬᠠᠮᠲᠤ ᠳᠡᠯᠡᠬᠡᠶᠢᠴᠢᠯᠡᠬᠦ ᠶᠢ ᠦᠨᠡᠨ ᠬᠦ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠣᠳᠣᠬᠠᠨ ᠳᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ᠂ ᠳᠤᠮᠳᠠᠳᠤ | ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠨᠢᠭᠡᠨᠲᠡ 4.4 ᠲᠦᠮᠡᠨ ᠢᠵᠢ ᠡᠬᠢ ᠪᠠᠶᠠᠯᠢᠭ ᠢ ᠬᠤᠷᠠᠮᠳᠤᠭᠤᠯᠵᠤ᠂ ᠶᠡᠷᠦᠩᠬᠡᠢ ᠬᠡᠮᠵᠢᠶ᠎ᠡ | ᠨᠢ ᠡᠯ᠎ᠡ ᠣᠨ᠂ ᠡᠯ᠎ᠡ ᠬᠢᠴᠢᠶᠡᠯ ᠲᠥᠷᠥᠯ ᠢ ᠬᠠᠮᠤᠷᠴᠤ᠂ 30 ᠬᠡᠪᠯᠡᠯ ᠤᠨ ᠵᠢᠭᠠᠬᠤ ᠮᠠᠲ᠋ᠧᠷᠢᠶᠠᠯ ᠳᠤ ᠬᠤᠯᠪᠤᠬᠳᠠᠪᠠ; ᠣᠶᠤᠨᠴᠢ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠠᠪᠴᠠᠩ ᠨᠢ 2.7 ᠲᠦᠮᠡᠨ ᠰᠢᠯᠢᠳᠡᠭ ᠬᠢᠴᠢᠶᠡᠯ ᠲᠥᠷᠥᠯ ᠢ ᠴᠤᠭᠯᠠᠭᠤᠯᠵᠤ᠂ 13 ᠰᠢᠨᠵᠢᠯᠡᠭᠡᠨ ᠤ ᠲᠥᠷᠥᠯ ᠪᠠ 92 ᠲᠤᠰᠬᠠᠢ ᠮᠡᠷᠭᠡᠵᠢᠯ ᠤᠨ | ᠲᠥᠷᠥᠯ ᠭᠡᠯᠪᠡᠷᠢ ᠶᠢ ᠬᠠᠮᠤᠷᠪᠠ᠃ | | | |