ᠸᠠᠩ ᠶᠤᠸᠠᠢ ​ᠾᠦᠢ
ᠨᠡᠶᠢᠲᠡᠯᠡᠭᠰᠡᠨ ᠴᠠᠭ᠄
2023/6/26
20230626-2.jpg
       ᠸᠠᠩ ᠶᠤᠸᠠᠢ ᠾᠦᠢ ᠶᠢᠨ ᠲᠤᠪᠴᠢ ᠨᠠᠮᠲᠠᠷ᠄       1967 ᠤᠡ ᠳᠤ ᠬᠡᠬᠡᠡ ᠭᠤᠤᠯ ᠬᠤᠳᠡ ᠳᠤ ᠲᠦᠷᠤᠵᠠᠢ᠃ 1998 ᠣᠨ ᠳᠤ ᠦᠪᠠᠷ ᠤᠨ ︽ᠶᠤᠸᠠᠢ ᠬᠤᠢ ᠤᠢᠢᠰᠤᠨ ᠤᠷᠠᠯᠠᠯ ᠤᠨ ᠠᠵᠢᠯᠯᠠᠬᠤ ᠦᠷᠤᠬᠡ︾ ᠪᠠᠨ ᠡᠬᠦᠰᠬᠡᠨ ᠪᠠᠶᠢᠭᠤᠯᠵᠦ᠂ ᠤᠷᠢᠳ ᠬᠤᠵᠢᠳ ᠬᠦᠯᠦᠨ ᠪᠤᠶᠢᠷ ᠬᠤᠲᠠ ᠶᠢᠨ ︽ᠦᠨᠳᠦᠰᠦᠲᠡᠨ ᠤ ᠭᠠᠷ ᠤᠷᠠᠯᠠᠯ ᠤᠨ ᠤᠷᠠᠯᠢᠭᠴᠢᠨ︾ ᠪᠠ ︽ᠱᠤᠭᠤᠮᠠᠯᠴᠢᠨ ᠪᠠᠭᠰᠢ︾ ᠬᠡᠬᠦ ᠵᠡᠷᠭᠡ ᠢᠷᠠᠭᠤ ᠠᠯᠳᠠᠷ ᠢ ᠬᠦᠷᠳᠡᠵᠤ᠂ 2015 ᠣᠨ ᠳᠤ ᠤᠢᠢᠰᠤᠨ ᠤᠷᠠᠯᠠᠯ ᠤᠨ ᠤᠯᠠᠮᠵᠢᠯᠠᠯᠳᠤ ᠤᠷ᠎ᠠ ᠮᠡᠷᠬᠡᠵᠢᠯ ᠤᠨ ᠬᠦᠯᠦᠨ ᠪᠤᠶᠢᠷ ᠬᠤᠳᠡ ᠶᠢᠨ ᠲᠡᠰ ᠤᠨ ᠪᠤᠳᠡᠰ ᠤᠨ ᠪᠤᠰᠤ ᠰᠤᠶᠤᠯ ᠤᠨ ᠦᠪ ᠤᠨ ᠲᠦᠯᠦᠬᠡᠯᠡᠭᠴᠢ ᠥᠪᠯᠡᠨ ᠤᠯᠠᠮᠵᠢᠯᠠᠬᠴᠢ ᠪᠠᠷ ᠦᠨᠡᠯᠡᠭᠳᠡᠪᠠ᠃       30 ᠭᠠᠷᠤᠢ ᠵᠢᠯ ᠤᠨ ᠲᠤᠷᠰᠢ᠂ ᠸᠠᠩ ᠶᠤᠸᠠᠢ ᠬᠤᠢ ᠦᠡᠳᠤᠰᠤᠳᠡᠡ ᠤ ᠤᠯᠠᠮᠵᠢᠯᠠᠯᠲᠤ ᠤᠢᠢᠰᠤᠨ ᠤᠷᠠᠯᠠᠯ ᠤᠨ ᠤᠷ᠎ᠠ ᠮᠡᠷᠭᠡᠵᠢᠯ ᠳᠡᠭᠡᠨ ᠲᠦᠰᠢᠭᠯᠡᠨ᠂ ᠬᠡᠷᠴᠢᠵᠦ ᠱᠠᠭᠠᠯᠬᠤ᠂ ᠨᠠᠶᠢᠷᠠᠭᠤᠯᠤᠨ ᠡᠰᠬᠡᠬᠦ᠂ ᠵᠦᠢᠬᠦ᠂ ᠬᠥᠪᠡᠭᠡ ᠳᠠᠷᠤᠬᠤ ᠵᠡᠷᠭᠡ ᠪᠠᠷ ᠤᠢᠢᠰᠤ ᠶᠢ ᠪᠣᠯᠪᠠᠰᠤᠷᠠᠩᠭᠤᠢ ᠠᠰᠢᠭᠯᠠᠵᠤ ᠪᠠᠶᠢᠭᠠᠳ ᠮᠠᠰᠢ ᠤᠯᠠᠨ ᠭᠠᠷ ᠤᠷᠠᠯᠠᠯ ᠤᠨ ᠪᠦᠲᠦᠭᠡᠭᠳᠡᠬᠦᠨ ᠢ ᠲᠥᠰᠦᠪᠯᠡᠨ ᠦᠢᠯᠡᠳᠴᠡᠢ᠃ ᠲᠡᠭᠦᠨ ᠤ ᠵᠣᠬᠢᠶᠠᠭᠰᠠᠨ ᠬᠤᠰᠤᠨ ᠮᠤᠳᠤᠨ ᠤ ᠤᠢᠢᠰᠤᠨ ᠤᠷᠠᠯᠠᠯ ᠤᠨ ᠪᠦᠲᠦᠭᠡᠭᠳᠡᠬᠦᠨ ᠨᠢ ᠶᠠᠩᠵᠤ ᠬᠡᠯᠪᠡᠷᠢ ᠪᠠᠷ ᠤᠯᠠᠨ᠂ ᠬᠦᠡᠭᠭᠡᠨ᠂ ᠤᠰᠤ ᠶᠢ ᠰᠡᠷᠭᠡᠶᠢᠯᠡᠬᠦ᠂ ᠴᠢᠭᠢᠭ ᠢ ᠰᠡᠷᠭᠡᠶᠢᠯᠡᠬᠦ᠂ ᠠᠮᠠᠷᠬᠠᠨ ᠬᠠᠭᠠᠷᠠᠵᠦ ᠡᠪᠳᠡᠷᠡᠬᠦ ᠦᠭᠡᠢ᠂ ᠪᠥᠬᠡᠯᠢᠭ ᠵᠡᠷᠭᠡ ᠣᠨᠴᠠᠯᠢᠭ ᠲᠠᠢ ᠪᠠᠶᠢᠳᠠᠬ᠃ ᠡᠬᠦᠨ ᠤ ᠬᠠᠮᠳᠤ ᠸᠠᠩ ᠶᠤᠸᠠᠢ ᠬᠤᠢ ᠪᠠᠰᠡ ᠤᠯᠠᠨ ᠵᠢᠯ ᠤᠨ ᠲᠤᠷᠰᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠮᠠᠰᠢ ᠴᠢᠬᠤᠯᠠᠴᠢᠯᠠᠵᠤ᠂ ᠦᠨᠳᠦᠰᠦᠲᠡᠨ ᠤ ᠤᠯᠠᠮᠵᠢᠯᠠᠯᠲᠤ ᠤᠢᠢᠰᠤᠨ ᠤᠷᠠᠯᠠᠯ ᠤᠨ ᠤᠷ᠎ᠠ ᠮᠡᠷᠬᠡᠵᠢᠯ ᠤᠨ ᠪᠣᠯᠪᠠᠰᠤᠷᠠᠯ ᠤᠨ ᠠᠩᠬᠢ ᠶᠢ ᠤᠯᠠᠨ ᠤᠳᠠᠭ᠎ᠠ ᠡᠷᠬᠢᠯᠡᠵᠦ᠂ ᠪᠦᠯᠦᠭ ᠪᠦᠯᠦᠭ ᠰᠤᠷᠤᠭᠴᠢᠳ ᠢ ᠳᠠᠭᠠᠭᠤᠯᠵᠤ᠂ ᠰᠤᠷᠤᠬᠴᠢ ᠨᠢᠭᠡᠪᠦᠷᠢ ᠳᠤ ᠨᠠᠷᠢᠨ ᠬᠢᠨᠠᠮᠠᠭᠠᠢ ᠬᠠᠨᠳᠤᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠨ ᠤᠢᠢᠰᠤᠨ ᠤᠷᠠᠯᠠᠯ ᠤᠨ ᠤᠯᠠᠮᠵᠢᠯᠠᠯᠳᠤ ᠤᠷ᠎ᠠ ᠮᠡᠷᠬᠡᠵᠢᠯ ᠢ ᠤᠯᠠᠮᠵᠢᠯᠠᠨ ᠵᠠᠯᠭᠠᠮᠵᠢᠯᠠᠵᠤ ᠲᠡᠯᠬᠡᠷᠡᠬᠦᠯᠬᠦ ᠶᠢᠨ ᠲᠦᠯᠦᠬᠡ ᠦᠪᠠᠷ ᠤᠨ ᠵᠢᠳᠬᠦᠯ ᠴᠢᠷᠮᠠᠶᠢᠯᠭ᠎ᠠ ᠪᠠᠨ ᠦᠵᠡᠬᠦᠯᠦᠭᠰᠡᠬᠡᠷ ᠢᠷᠡᠵᠠᠢ᠃       2006 ᠣᠨ ᠳᠤ᠂ ᠤᠢᠢᠰᠤᠨ ᠤᠷᠠᠯᠠᠯ ᠤᠨ ᠤᠯᠠᠮᠵᠢᠯᠠᠯᠳᠤ ᠤᠷ᠎ᠠ ᠮᠡᠷᠭᠡᠵᠢᠯ ᠨᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠲᠤ ᠵᠢᠬᠰᠠᠭᠠᠬᠳᠡᠪᠠ᠃ 2018 ᠣᠨ ᠤ 5 ᠰᠠᠷ᠎ᠠ ᠶᠢᠨ 21 ᠤ ᠡᠳᠦᠷ᠂ ᠤᠢᠢᠰᠤᠨ ᠤᠷᠠᠯᠠᠯ ᠤᠨ ᠤᠯᠠᠮᠵᠢᠯᠠᠯᠳᠤ ᠤᠷ᠎ᠠ ᠮᠡᠷᠬᠡᠵᠢᠯ ᠨᠢ ᠨᠢᠭᠡᠳᠦᠭᠡᠷ ᠪᠦᠯᠦᠭ ᠤᠨ ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠦᠷᠦᠯ ᠳᠤ ᠰᠣᠩᠭᠤᠭᠳᠠᠬᠰᠠᠨ ᠪᠠᠶᠢᠪᠠ᠃ ᠤᠢᠢᠰᠤᠨ ᠤᠷᠠᠯᠠᠯ ᠤᠨ ᠤᠷ᠎ᠠ ᠮᠡᠷᠭᠡᠵᠢᠯ ᠳᠡᠯᠡᠬᠡᠶ ᠳᠤ ᠠᠯᠳᠠᠷᠲᠠᠶ ᠪᠠᠶᠢᠳᠠᠭ ᠤᠨ ᠤᠴᠢᠷ ᠨᠢ ᠬᠤᠰᠤᠨ ᠤ ᠤᠢᠢᠰᠤ ᠳᠤ ᠣᠨᠴᠠ ᠪᠠᠶᠢᠳᠠᠭ ᠤᠰᠤ ᠰᠡᠷᠭᠡᠶᠢᠯᠡᠬᠦ᠂ ᠬᠦᠶ᠋ᠲᠡᠨ ᠬᠠᠯᠠᠭᠤᠨ ᠢ ᠬᠠᠯᠬᠠᠯᠠᠬᠤ᠂ ᠠᠭᠠᠷ ᠨᠡᠪᠲᠡᠷᠡᠭᠦᠯᠬᠦ᠂ ᠢᠯᠵᠢᠷᠡᠬᠦ ᠶᠢ ᠰᠡᠷᠭᠡᠶᠢᠯᠡᠬᠦ᠂ ᠪᠠᠺᠲ᠋ᠧᠷᠢ ᠠᠯᠠᠬᠤ ᠵᠡᠷᠬᠡ ᠦᠢᠯᠡᠳᠤᠯ ᠲᠠᠢ ᠨᠢ ᠬᠤᠯᠪᠤᠭ᠎ᠠ ᠲᠠᠢ᠃ ᠤᠢᠢᠰᠦ ᠨᠢ ᠵᠥᠭᠡᠯᠡᠨ᠂ ᠭᠥᠯᠢᠭᠡᠷ᠂ ᠵᠢᠷᠤᠭᠠᠰᠤ ᠨᠢ ᠨᠠᠷᠢᠯᠢᠭ ᠮᠥᠷᠲᠡᠭᠡᠨ ᠤᠯᠠᠨ ᠳᠠᠪᠬᠤᠷ ᠬᠡ ᠤᠭᠠᠯᠵᠠ᠂ ᠥᠩᠭᠡ ᠪᠤᠳᠤᠭ ᠨᠢ ᠲᠣᠰ ᠲᠣᠰ ᠠᠳᠠᠯᠢ ᠥᠬᠡᠶ ᠪᠠᠶᠢᠵᠦ᠂ ᠨᠠᠷᠢᠯᠢᠭ ᠰᠠᠶᠢᠬᠠᠨ ᠬᠠᠶᠢᠴᠢᠯᠠᠵᠤ ᠣᠶᠣᠵᠤ ᠪᠦᠷ ᠪᠣᠯᠤᠨ᠎ᠠ᠃ ᠢᠯᠠᠩᠭᠤᠶ᠎ᠠ ᠳᠡᠭᠡᠷ᠎ᠡ ᠨᠢ ᠡᠯ᠎ᠡ ᠵᠦᠶ᠋ᠯ ᠤᠨ ᠬᠡ ᠵᠢᠷᠤᠭ ᠢ ᠵᠢᠷᠤᠵᠤ ᠴᠤ ᠪᠣᠯᠤᠨ᠎ᠠ᠃ ᠸᠠᠩ ᠶᠤᠸᠠᠢ ᠬᠤᠢ ᠬᠤᠰᠤᠨ ᠤᠢᠢᠰᠦ ᠶᠢᠨ ᠪᠠᠶᠢᠭᠠᠯᠢ ᠶᠢᠨ ᠬᠡ ᠤᠭᠠᠯᠵᠠ ᠶᠢ ᠠᠰᠢᠭᠯᠠᠵᠤ᠂ ᠤᠷᠠᠨ ᠨᠠᠷᠢᠨ ᠪᠣᠯᠪᠠᠰᠤᠷᠠᠭᠤᠯᠤᠯᠲᠠ ᠪᠠᠷ ᠳᠡᠮᠵᠢᠭᠤᠯᠤᠨ ᠪᠦᠲᠦᠭᠡᠯ ᠳᠡᠭᠡᠨ ᠨᠡᠩ ᠭᠦᠨ ᠭᠦᠨᠵᠡᠭᠡᠶ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠠᠭᠤᠯᠬᠤᠨ ᠢ ᠣᠯᠭᠤᠭᠰᠠᠨ ᠪᠠᠶᠢᠨ᠎ᠠ᠃ ᠣᠳᠣᠬᠠᠨ ᠳᠤ᠂ ᠳᠡᠬᠦᠨ ᠤ ᠤᠢᠢᠰᠤᠨ ᠤᠷᠠᠯᠠᠯ ᠤᠨ ᠪᠦᠲᠦᠭᠡᠭᠳᠡᠬᠦᠨ ᠨᠢ ᠨᠢᠭᠡᠨᠲᠡ ᠤᠯᠤᠰ ᠤᠨ ᠳᠣᠲᠣᠭᠠᠳᠤ ᠶᠢᠨ ᠮᠠᠰᠢ ᠤᠯᠠᠨ ᠬᠥᠮᠦᠰ ᠤᠨ ᠪᠠᠭ᠋ᠠᠷᠬᠠᠯ ᠪᠠ ᠠᠩᠬᠠᠷᠤᠯ ᠢ ᠶᠡᠭᠡ ᠪᠠᠷ ᠲᠠᠲᠠᠭᠰᠠᠨ ᠪᠥᠭᠡᠳ ᠧᠦ᠋ᠷᠣᠫᠠ ᠠᠮᠧᠷᠢᠺᠠ ᠶᠢᠨ ᠡᠬᠡ ᠬᠠᠭᠤᠷᠠᠶ ᠵᠢᠴᠢ ᠵᠡᠭᠦᠨ ᠡᠮᠦᠨᠡᠲᠦ ᠠᠽᠢᠶ᠎ᠠ ᠶᠢᠨ ᠭᠠᠵᠠᠷ ᠣᠷᠣᠨ ᠳᠤ ᠪᠣᠷᠣᠯᠠᠭᠤᠯᠤᠭᠳᠠᠵᠤ᠂ ᠥᠪᠡᠷᠮᠢᠴᠡ ᠤᠨᠴᠠᠯᠢᠭ ᠨᠢ ᠨᠠᠩ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ