ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/6/29
       ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠬᠥᠯᠥᠨ ᠪᠤᠶᠢᠷ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︵ᠲᠢᠩᠬᠢᠮ ᠲᠠᠷᠬᠠᠭᠠᠭᠰᠠᠨ ﹇2019﹈ 5 ᠳ᠋ᠤᠭᠠᠷ ᠲᠣᠭᠠᠲᠤ︶ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃       ᠬᠤᠶᠠᠳᠤᠭᠠᠷ ᠵᠦᠢᠯ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠲᠠᠰ ᠤᠨ ᠪᠠᠶᠢᠵᠤ᠂ ᠬᠥᠯᠥᠨ ᠪᠤᠶᠢᠷ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃       ᠭᠤᠷᠪᠠᠳᠤᠭᠠᠷ ᠵᠦᠢᠯ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶᠂ ᠰᠣᠶᠣᠯ ᠣᠷᠠᠯᠢᠭ ᠤᠨ ᠠᠵᠢᠯ᠂ ᠰᠤᠨᠢᠨ ᠮᠡᠳᠡᠭᠡ ᠬᠡᠪᠯᠡᠯ᠂ ᠵᠤᠬᠢᠶᠠᠨ ᠪᠦᠲᠦᠭᠡᠬᠦ ᠡᠷᠬᠡ ᠶᠢᠨ ᠬᠠᠮᠢᠶᠡᠷᠤᠯᠲᠠ ᠶᠢᠨ ᠲᠤᠬᠠᠢ ᠨᠠᠮ ᠪᠠ ᠤᠯᠤᠰ ᠤᠨ  ᠴᠢᠭᠯᠡᠯᠳᠡ᠂ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠬᠤᠲᠠ ᠶᠢᠨ ᠰᠣᠶᠣᠯ ᠤᠨ  ᠪᠠᠶᠢᠭᠤᠯᠤᠯᠳᠠ ᠶᠢᠨ ᠣᠷᠣᠨ ᠨᠤᠲᠤᠭ ᠤᠨ ᠴᠢᠨᠠᠷᠲᠠᠢ ᠲᠦᠷᠦ ᠶᠢᠨ ᠪᠣᠳᠣᠯᠭ᠎ᠠ ᠶᠢ ᠲᠤᠭᠲᠠᠭᠠᠨ᠎ᠠ︔ ᠪᠦᠬᠦ ᠬᠤᠲᠠ ᠶᠢᠨ ᠰᠣᠶᠣᠯ ᠣᠷᠠᠯᠢᠭ ᠤᠨ ᠦᠢᠯᠡᠰ᠂  ᠰᠣᠶᠣᠯ ᠤᠨ ᠠᠵᠣ ᠦᠢᠯᠡᠰ᠂ ᠰᠤᠨᠢᠨ ᠮᠡᠳᠡᠭᠡ ᠬᠡᠪᠯᠡᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠲᠣᠭᠲᠠᠭᠠᠬᠤ ᠶᠢᠨ  ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠰᠣᠶᠣᠯ ᠤᠨ ᠰᠢᠰᠲ᠋ᠧᠮ ᠤᠨ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠳᠡ ᠶᠢᠨ ᠠᠵᠢᠯ ᠢ  ᠵᠢᠯᠣᠭᠤᠳᠤᠨ᠎ᠠ᠃               ︵ᠬᠤᠶᠠᠷ︶᠂ ᠣᠳᠬ᠎ᠠ ᠵᠤᠬᠢᠶᠠᠯ ᠣᠷᠠᠯᠢᠭ ᠤᠨ ᠦᠢᠯᠡᠰ ᠢ ᠵᠢᠯᠣᠭᠤᠳᠣᠨ ᠬᠠᠮᠢᠶᠠᠷᠴᠣ᠂ ᠣᠳᠬ᠎ᠠ ᠵᠣᠬᠢᠶᠠᠯ ᠣᠷᠠᠯᠢᠭ ᠤᠨ ᠵᠣᠬᠢᠶᠠᠨ ᠪᠦᠳᠦᠭᠡᠬᠦ ᠪᠠ  ᠦᠢᠯᠡᠳᠬᠦ ᠶᠢ ᠵᠢᠯᠤᠭᠤᠳᠴᠤ᠂ ᠲᠦᠯᠦᠭᠡᠯᠡᠬᠦ ᠴᠢᠨᠠᠷ᠂ ᠵᠢᠱᠢᠶ᠎ᠠ ᠦᠵᠡᠭᠦᠯᠬᠦ ᠴᠢᠨᠠᠷ᠂ ᠲᠤᠷᠰᠢᠯᠳᠠ ᠶᠢᠨ ᠴᠢᠨᠠᠷ ᠲᠠᠢ ᠰᠣᠶᠣᠯ ᠣᠷᠠᠯᠢᠭ ᠤᠨ ᠲᠦᠷᠦᠯ ᠵᠦᠢᠯ ᠢ  ᠲᠡᠳᠭᠦᠨ᠂ ᠡᠯ᠎ᠡ ᠲᠦᠷᠦᠯ ᠵᠦᠢᠯ ᠤᠨ ᠣᠳᠬ᠎ᠠ ᠵᠣᠬᠢᠶᠠᠯ ᠣᠷᠠᠯᠢᠭ ᠤᠨ ᠬᠦᠭᠵᠢᠯᠳᠡ ᠶᠢ ᠲᠦᠯᠬᠢᠨ ᠣᠷᠣᠭᠰᠢᠯᠠᠭᠤᠯᠵᠤ᠂ ᠪᠦᠬᠦ ᠬᠤᠲᠠ ᠶᠢᠨ ᠴᠢᠬᠤᠯᠠ ᠶᠡᠭᠡ  ᠰᠣᠶᠣᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠬᠠᠮᠢᠶᠠᠷᠤᠨ᠎ᠠ︔ ᠪᠦᠬᠦ ᠬᠤᠲᠠ ᠶᠢᠨ ᠰᠣᠶᠣᠯ ᠣᠷᠠᠯᠢᠭ ᠤᠨ ᠴᠢᠳᠠᠪᠦᠷᠢᠳᠠᠨ ᠪᠣᠯᠪᠠᠰᠤᠷᠠᠭᠤᠯᠬᠤ ᠠᠵᠢᠯ ᠢ  ᠵᠢᠯᠣᠭᠤᠳᠣᠨ᠂ ᠰᠤᠶᠤᠯ ᠤᠨ ᠰᠢᠨᠵᠢᠯᠡᠬᠦ ᠤᠬᠠᠭᠠᠨ ᠤ ᠰᠣᠳᠣᠯᠤᠯ ᠤᠨ ᠠᠵᠢᠯ ᠪᠤᠯᠤᠨ ᠰᠣᠶᠣᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ  ᠪᠠᠶᠢᠭᠤᠯᠤᠯᠳᠠ ᠶᠢ ᠵᠢᠯᠤᠭᠤᠳᠤᠨ᠎ᠠ᠃               ︵ᠭᠤᠷᠪᠠ︶᠂ ᠪᠦᠬᠦ ᠬᠤᠲᠠ ᠶᠢᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠰᠣᠶᠣᠯ ᠤᠨ  ᠪᠥᠲᠦᠬᠡᠭᠳᠡᠭᠦᠨ ᠦᠢᠯᠡᠳᠬᠦ ᠶᠢ ᠲᠥᠯᠥᠪᠵᠢᠭᠦᠯᠬᠦ ᠪᠠ ᠬᠥᠲᠥᠯᠥᠨ ᠵᠢᠯᠣᠭᠤᠳᠴᠣ᠂ ᠪᠦᠬᠦ ᠬᠤᠲᠠ ᠶᠢᠨ ᠭᠤᠣᠯᠳᠠᠯᠭ᠎ᠠ ᠲᠠᠢ ᠰᠣᠶᠣᠯ ᠤᠨ ᠪᠡᠯᠡᠳᠭᠡᠮᠵᠢ ᠶᠢᠨ  ᠪᠦᠳᠦᠭᠡᠨ ᠪᠠᠶᠢᠭᠤᠯᠤᠯᠳᠠ ᠪᠠ ᠦᠨᠳᠦᠰᠦᠨ ᠱᠠᠳᠣᠨ ᠤ ᠰᠣᠶᠣᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠵᠢᠯᠣᠭᠤᠳᠤᠨ᠎ᠠ᠃               ︵ᠲᠦᠷᠪᠡ︶᠂ ᠪᠦᠬᠦ ᠬᠤᠲᠠ ᠶᠢᠨ ᠨᠡᠶᠢᠭᠡᠮ ᠤᠨ ᠰᠣᠶᠣᠯ ᠤᠨ ᠦᠢᠯᠡᠰ ᠢ ᠵᠢᠯᠤᠭᠤᠳᠤᠨ ᠬᠠᠮᠢᠶᠠᠷᠴᠣ᠂ ᠪᠦᠬᠦ ᠬᠤᠲᠠ ᠶᠢᠨ ᠨᠣᠮ ᠤᠨ ᠰᠠᠩ᠂ ᠣᠯᠠᠨ  ᠲᠦᠮᠡᠨᠴᠢ ᠣᠷᠠᠯᠢᠭ ᠤᠨ ᠣᠷᠳᠣᠨ᠂ ᠰᠣᠶᠣᠯ ᠤᠨ ᠣᠷᠳᠣᠨ ︵ᠦᠷᠳᠡᠭᠡ︶ ᠤ ᠠᠵᠢᠯ ᠦᠢᠯᠡᠰ ᠪᠠ ᠦᠨᠳᠣᠰᠦᠨ ᠱᠠᠳᠣᠨ ᠤ ᠰᠣᠶᠣᠯ ᠤᠨ ᠪᠠᠶᠢᠭᠤᠯᠤᠯᠳᠠ ᠶᠢ  ᠵᠢᠯᠤᠭᠤᠳᠤᠨ᠎ᠠ᠃               ︵ᠲᠠᠪᠤ︶᠂ ᠪᠦᠬᠦ ᠬᠤᠲᠠ ᠶᠢᠨ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠬᠢᠨᠠᠯᠳᠠ  ᠲᠠᠯᠪᠢᠨ ᠬᠡᠷᠡᠭᠵᠢᠭᠦᠯᠵᠣ᠂ ᠪᠦᠬᠦ ᠬᠤᠲᠠ ᠶᠢᠨ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠠᠵᠢᠯ ᠪᠠ ᠦᠨᠳᠦᠰᠦᠳᠡᠨ ᠤ ᠰᠢᠯᠢᠳᠡᠭ ᠰᠣᠶᠣᠯ ᠢ  ᠣᠯᠠᠮᠵᠢᠯᠠᠨ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃               ︵ᠵᠢᠷᠭᠤᠭ᠎ᠠ︶ ᠂ ᠪᠦᠬᠦ ᠬᠤᠲᠠ ᠶᠢᠨ ᠰᠣᠶᠣᠯ ᠤᠨ ᠵᠠᠬ᠎ᠠ ᠲᠡᠯᠭᠡᠭᠦᠷ ᠤᠨ ᠬᠦᠭᠵᠢᠯᠳᠡ ᠶᠢᠨ ᠲᠦᠯᠦᠪᠵᠢᠭᠦᠯᠭᠡ ᠪᠠ ᠬᠡᠪᠯᠡᠬᠦ᠂ ᠳᠠᠷᠤᠮᠠᠯᠯᠠᠬᠤ᠂ ᠬᠠᠭᠤᠯᠤᠨ  ᠪᠠᠭᠤᠯᠭᠠᠬᠤ᠂ ᠲᠠᠷᠬᠠᠭᠠᠬᠤ ᠨᠢᠭᠡᠴᠡ ᠶᠢᠨ ᠶᠡᠷᠦᠩᠬᠡᠢ ᠬᠡᠮᠵᠢᠶ᠎ᠡ᠂ ᠪᠦᠲᠦᠴᠡ᠂ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ  ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠣ᠂ ᠰᠣᠶᠣᠯ ᠤᠨ ᠵᠠᠬ᠎ᠠ ᠲᠡᠯᠭᠡᠭᠦᠷ ᠢ ᠪᠤᠶᠢᠵᠢᠭᠤᠯᠬᠤ ᠪᠠ ᠲᠡᠭᠦᠯᠳᠡᠷᠵᠢᠭᠦᠯᠦᠨ᠎ᠡ︔ ᠪᠦᠬᠦ ᠬᠤᠲᠠ ᠶᠢᠨ ᠰᠣᠶᠣᠯ ᠤᠨ ᠵᠠᠬ᠎ᠠ  ᠲᠡᠯᠭᠡᠭᠦᠷ ᠤᠨ ᠶᠡᠷᠦᠩᠬᠡᠶᠢᠯᠡᠨ ᠬᠠᠣᠯᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠬᠢᠨᠠᠯᠳᠠ ᠲᠠᠯᠪᠢᠨ ᠬᠠᠮᠢᠶᠠᠷᠴᠣ᠂ ᠪᠦᠬᠦ ᠬᠤᠲᠠ ᠶᠢᠨ ᠰᠣᠶᠣᠯ ᠣᠷᠠᠯᠢᠭ ᠡᠵᠡᠩᠨᠡᠬᠦ  ᠠᠵᠢᠯᠯᠠᠭ᠎ᠠ ᠳᠤ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠂ ᠲᠣᠭᠯᠠᠯᠲᠠ ᠶᠢᠨ ᠣᠷᠠᠯᠢᠭ ᠤᠨ ᠠᠵᠢᠯᠯᠠᠭ᠎ᠠ ᠡᠷᠬᠢᠯᠡᠵᠣ ᠪᠠᠶᠢᠭ᠎ᠠ  ᠠᠷᠠᠳ ᠠᠴᠠ ᠡᠷᠬᠢᠯᠡᠭᠰᠡᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠵᠢᠯᠤᠭᠤᠳᠤᠨ᠎ᠠ᠃               ︵ᠲᠤᠯᠤᠭ᠎ᠠ︶ ᠂ ᠪᠦᠬᠦ ᠬᠤᠲᠠ ᠶᠢᠨ ᠤᠳᠬ᠎ᠠ ᠣᠷᠠᠯᠢᠭ ᠤᠨ ᠲᠥᠷᠥᠯ ᠤᠨ ᠪᠥᠲᠦᠬᠡᠭᠳᠡᠭᠦᠨ ᠢ ᠰᠦᠯᠵᠢᠶ᠎ᠡ ᠪᠠᠷ ᠨᠡᠪᠲᠡᠷᠡᠭᠦᠯᠬᠦ ᠶᠢᠨ ᠤᠷᠢᠳᠠᠴᠢ ᠬᠢᠨᠠᠨ  ᠬᠠᠷᠭᠤᠭᠤᠯᠬᠤ ᠵᠢᠴᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠠᠷᠢᠭᠤᠴᠠᠨ᠂ ᠰᠦᠯᠵᠢᠶ᠎ᠡ ᠶᠢᠨ ᠪᠠᠭᠠᠷ ᠵᠡᠷᠭᠡ ᠰᠦᠯᠵᠢᠶ᠎ᠡ ᠳᠤ ᠭᠠᠷᠬᠤ ᠦᠢᠯᠡᠴᠢᠯᠡᠭᠡᠨ ᠤ  ᠡᠵᠡᠩᠨᠡᠯᠲᠡ ᠶᠢᠨ ᠲᠠᠯᠠᠪᠤᠷ ᠲᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢᠶᠠᠷ ᠬᠠᠮᠢᠶᠠᠷᠬᠤ ᠶᠢ ᠬᠠᠷᠢᠭᠤᠴᠠᠵᠣ᠂ ᠰᠦᠯᠵᠢᠶᠡᠨ ᠲᠤᠭᠯᠠᠭᠠᠮ ᠤᠨ  ᠦᠢᠯᠡᠴᠢᠯᠡᠭᠡ ᠶᠢ ᠬᠢᠨᠠᠨ ᠬᠠᠮᠢᠶᠠᠷᠣᠨ᠎ᠠ ︵ᠰᠦᠯᠵᠢᠶᠡᠨ ᠲᠤᠭᠯᠠᠭᠠᠮ ᠤᠨ ᠰᠦᠯᠵᠢᠶ᠎ᠡ ᠳᠡᠭᠡᠷ᠎ᠡ ᠭᠠᠷᠭᠠᠬᠤ ᠶᠢᠨ ᠤᠷᠢᠳᠠᠴᠢ ᠬᠢᠨᠠᠨ ᠵᠦᠪᠰᠢᠶᠡᠷᠡᠬᠦ ᠶᠢ ᠪᠠᠭᠳᠠᠭᠠᠬᠤ  ᠦᠭᠡᠢ︶᠃               ︵ᠨᠠᠢᠮᠠ︶ ᠂ ᠪᠦᠬᠦ ᠬᠤᠲᠠ ᠶᠢᠨ ᠺᠠᠷᠲ᠋ᠣᠨ᠂ ᠲᠤᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ  ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠺᠠᠷᠲ᠋ᠣᠨ᠂ ᠲᠣᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢ ᠵᠢᠯᠤᠭᠤᠳᠣᠨ  ᠬᠡᠷᠡᠭᠵᠢᠭᠦᠯᠦᠨ᠎ᠡ᠃               ︵ᠶᠢᠰᠦ︶ ᠂ ᠪᠦᠬᠦ ᠬᠤᠲᠠ ᠶᠢᠨ ᠬᠡᠪᠯᠡᠭᠳᠡᠭᠦᠨ ᠤ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠪᠠ ︽ᠰᠢᠷ᠎ᠠ ᠶᠢ ᠱᠦᠭᠦᠷᠳᠡᠨ ᠬᠠᠤᠯᠢ  ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔  ᠬᠠᠤᠯᠢ ᠪᠤᠰᠤ ᠬᠡᠪᠯᠡᠭᠳᠡᠬᠦᠨ ᠪᠠ ᠬᠠᠤᠯᠢ ᠪᠤᠰᠤ ᠬᠡᠪᠯᠡᠯ ᠤᠨ ᠠᠵᠢᠯᠯᠠᠭ᠎ᠠ ᠶᠢᠨ ᠶᠡᠭᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠵᠤ ᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭᠠᠨ ᠳᠠᠬᠢ ᠬᠢᠨᠡᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃       ︵ᠠᠷᠪᠠ︶ ᠂ ᠪᠦᠬᠦ ᠬᠤᠲᠠ ᠶᠢᠨ ᠰᠤᠨᠢᠨ ᠮᠡᠳᠡᠭᠡ ᠬᠡᠪᠯᠡᠯ ᠤᠨ ᠠᠵᠢᠯᠯᠠᠭ᠎ᠠ ᠪᠠ ᠬᠡᠪᠯᠡᠯ ᠤᠨ ᠡᠷᠬᠡ ᠶᠢᠨ ᠠᠵᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ  ᠬᠠᠮᠢᠶᠠᠷᠴᠤ᠂ ᠳᠦᠷᠢᠮ ᠠᠴᠠ ᠵᠦᠷᠢᠴᠡᠭᠰᠡᠨ ᠬᠡᠪᠯᠡᠭᠳᠡᠬᠦᠨ ᠪᠠ ᠬᠠᠤᠯᠢ ᠳᠦᠷᠢᠮ ᠠᠴᠠ ᠵᠦᠷᠢᠴᠡᠭᠰᠡᠨ ᠬᠡᠪᠯᠡᠯ ᠤᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ  ᠵᠤᠬᠢᠶᠠᠨ ᠪᠠᠶᠢᠭᠤᠯᠤᠨ᠎ᠠ︔ ᠬᠡᠪᠯᠡᠯ ᠤᠨ ᠠᠵᠢᠯᠯᠠᠭ᠎ᠠ ᠡᠷᠬᠢᠯᠡᠵᠣ ᠪᠠᠶᠢᠭ᠎ᠠ ᠠᠷᠠᠳ ᠠᠴᠠ ᠡᠷᠬᠢᠯᠡᠭᠰᠡᠨ ᠪᠠᠶᠢᠭᠤᠯᠤᠮᠵᠢ᠂ ᠳᠠᠷᠤᠮᠠᠯᠯᠠᠬᠤ ᠦᠢᠯᠡᠰ᠂ ᠲᠠᠷᠬᠠᠭᠠᠬᠤ ᠦᠢᠯᠡᠰ ᠂ ᠨᠧᠲ ᠰᠦᠯᠵᠢᠶᠡᠨ ᠤ ᠬᠡᠪᠯᠡᠯ ᠤᠨ ᠠᠵᠢᠯᠯᠠᠭ᠎ᠠ ᠪᠠ ᠭᠠᠷ ᠤᠲᠠᠰᠤᠨ ᠤ ᠨᠤᠮ ᠰᠡᠳᠭᠦᠯ᠂ ᠭᠠᠷ ᠤᠲᠠᠰᠤᠨ ᠤ ᠤᠳᠬ᠎ᠠ ᠵᠤᠬᠢᠶᠠᠯ ᠤᠨ ᠠᠵᠢᠯ ᠲᠦᠷᠦᠯ ᠳᠠᠬᠢ ᠬᠢᠨᠠᠨ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠰᠤᠨᠢᠨ ᠰᠡᠳᠭᠦᠯ ᠤᠨ ᠬᠤᠷᠢᠶ᠎ᠠ᠂ ᠰᠤᠷᠪᠤᠯᠵᠢᠯᠠᠭᠴᠢ ᠶᠢᠨ ᠦᠷᠲᠡᠭᠡ ᠶᠢᠨ ᠬᠢᠨᠠᠨ  ᠬᠠᠮᠢᠶᠠᠷᠤᠯᠲᠠ ᠶᠢ ᠬᠠᠷᠢᠭᠤᠴᠠᠵᠤ᠂ ᠬᠠᠤᠯᠢ ᠠᠴᠠ ᠵᠦᠷᠢᠴᠡᠭᠰᠡᠨ ᠰᠤᠨᠢᠨ ᠮᠡᠳᠡᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ︔  ᠵᠤᠬᠢᠶᠠᠨ ᠪᠦᠲᠦᠭᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠤᠬᠢᠶᠠᠨ ᠪᠦᠲᠦᠭᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠤᠰᠤᠭᠠᠷ  ᠶᠠᠪᠤᠭᠳᠠᠭᠤᠯᠵᠤ᠂ ᠵᠤᠬᠢᠶᠠᠨ ᠪᠦᠲᠦᠭᠡᠬᠦ ᠡᠷᠬᠡ ᠳᠤ ᠬᠠᠯᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ᠃       ︵ᠠᠷᠪᠠᠨ ᠨᠢᠭᠡ︶ ᠂ ᠪᠦᠬᠦ ᠬᠤᠲᠠ ᠶᠢᠨ ᠲᠡᠣᠬᠡ ᠶᠢᠨ ᠲᠣᠷᠠᠰᠬᠠᠯᠲᠦ ᠵᠦᠢᠯᠡᠰ ᠤᠨ ᠬᠠᠭᠤᠴᠢ ᠰᠣᠳᠣᠯᠣᠯ᠂ ᠮᠦᠽᠸᠢ ᠶᠢᠨ ᠦᠢᠯᠡᠰ ᠢ ᠵᠢᠯᠤᠭᠤᠳᠬᠤ ᠪᠠ  ᠬᠠᠮᠢᠶᠠᠷᠴᠣ᠂ ᠲᠡᠣᠬᠡ ᠶᠢᠨ ᠲᠣᠷᠠᠰᠬᠠᠯᠲᠦ ᠵᠦᠢᠯᠡᠰ ᠢ ᠠᠪᠣᠷᠠᠬᠤ᠂ ᠬᠠᠮᠠᠭᠠᠯᠠᠬᠤ ᠪᠠ ᠠᠰᠢᠭᠯᠠᠬᠤ ᠠᠵᠢᠯ ᠳᠤ ᠬᠢᠨᠠᠯᠲᠠ ᠲᠠᠯᠪᠢᠵᠦ ᠵᠢᠯᠣᠭᠤᠳᠣᠨ᠎ᠠ︔ ᠪᠦᠬᠦ  ᠬᠤᠲᠠ ᠶᠢᠨ ᠲᠡᠣᠬᠡ ᠶᠢᠨ ᠲᠣᠷᠠᠰᠬᠠᠯᠲᠦ ᠵᠦᠢᠯᠡᠰ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠳᠤ ᠬᠢᠨᠠᠯᠳᠠ ᠲᠠᠯᠪᠢᠵᠤ᠂ ᠪᠠᠶᠢᠴᠠᠭᠠᠨ ᠵᠢᠯᠤᠭᠤᠳᠤᠨ᠎ᠠ︔  ᠪᠦᠬᠦ ᠬᠤᠲᠠ ᠶᠢᠨ ᠪᠤᠳᠠᠰ ᠤᠨ ᠰᠣᠶᠣᠯ ᠤᠨ ᠦᠪ ᠢ ᠬᠠᠮᠠᠭᠠᠯᠠᠬᠤ ᠪᠠ ᠲᠦᠷᠦᠯ ᠵᠦᠢᠯ ᠤᠨ ᠮᠡᠳᠡᠭᠦᠯᠬᠦ ᠵᠢᠴᠢ ᠰᠣᠶᠣᠯ ᠤᠨ ᠦᠪ ᠤᠨ ᠭᠠᠵᠠᠷ ᠢ ᠬᠠᠮᠢᠶᠠᠷᠬᠤ  ᠠᠵᠢᠯ ᠢ ᠵᠢᠯᠤᠭᠤᠳᠴᠦ ᠵᠣᠬᠢᠴᠠᠭᠤᠯᠣᠨ᠎ᠠ᠃               ︵ᠠᠷᠪᠠᠨ ᠬᠤᠶᠠᠷ︶ ᠂ ᠪᠦᠬᠦ ᠬᠤᠲᠠ ᠶᠢᠨ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠭᠠᠳᠠᠭᠠᠲᠦ ᠯᠤᠭ᠎ᠠ ᠶᠢᠨ ᠰᠣᠶᠣᠯ ᠤᠨ ᠣᠬᠠᠭᠤᠯᠭ᠎ᠠ ᠶᠢᠨ  ᠠᠵᠢᠯ ᠢ ᠵᠢᠯᠤᠭᠤᠳᠣᠨ ᠬᠠᠮᠢᠶᠠᠷᠴᠣ᠂ ᠭᠠᠳᠠᠭᠠᠲᠦ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠲᠦᠯᠦᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ︔ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠠᠵᠢᠯᠯᠠᠭ᠎ᠠ ᠶᠢ  ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃               ︵ᠠᠷᠪᠠᠨ ᠭᠤᠷᠪᠠ︶ ᠂ ᠬᠤᠲᠠ ᠶᠢᠨ ᠵᠠᠰᠠᠭ ᠤᠨ ᠣᠷᠳᠣᠨ ᠠᠴᠠ ᠲᠣᠰᠢᠶᠠᠵᠣ ᠭᠦᠢᠴᠡᠳᠭᠡᠯᠭᠡᠬᠦ ᠪᠣᠰᠣᠳ ᠵᠦᠢᠯᠡᠰ ᠢ ᠳᠠᠭᠠᠭᠠᠨ ᠬᠢᠨ᠎ᠡ᠃        ︵ᠠᠷᠪᠠᠨ ᠳᠥᠷᠪᠡ︶ ᠪᠥᠬᠦ ᠬᠤᠲᠠ ᠶᠢᠨ ᠷᠠᠳᠢᠣ᠋ ᠲᠧᠯᠸᠢᠰ ᠤᠨ ᠫᠷᠣᠭ᠍ᠷᠠᠮ ᠤᠨ ᠳᠠᠮᠵᠢᠭᠤᠯᠭ᠎ᠠ ᠶᠢᠨ ᠬᠠᠮᠤᠷᠬᠤ᠂ ᠬᠢᠨᠠᠨ ᠬᠡᠮᠵᠢᠬᠦ ᠪᠠ ᠠᠮᠤᠷ ᠲᠦᠪᠰᠢᠨ ᠢᠶᠠᠷ ᠨᠡᠪᠲᠡᠷᠡᠭᠦᠯᠬᠦ ᠳᠤ ᠬᠢᠨᠠᠯᠲᠠ ᠬᠠᠮᠢᠶᠠᠷᠤᠯᠲᠠ ᠪᠠ ᠵᠢᠯᠣᠭᠤᠳᠤᠯᠭ᠎ᠠ ᠬᠢᠬᠦ ᠶᠢ ᠬᠠᠷᠢᠭᠤᠴᠠᠵᠤ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠠᠷᠪᠠᠨ ᠲᠠᠪᠤ︶ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ᠪᠥᠬᠦ ᠬᠤᠲᠠ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ᠃ᠪᠥᠬᠦ ᠬᠤᠲᠠ ᠶᠢᠨ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠵᠢᠯᠣᠭᠤᠳᠤᠨ ᠵᠣᠬᠢᠴᠠᠭᠤᠯᠵᠤ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠨ᠎ᠡ᠃       ( ᠠᠷᠪᠠᠨ ᠵᠢᠷᠭᠤᠭ᠎ᠠ ) ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠰᠣᠶᠣᠯ ᠤᠨ ᠥᠪ ᠪᠣᠯᠣᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠵᠣᠬᠢᠴᠠᠭᠤᠯᠵᠤ᠂ ᠵᠢᠯᠤᠭᠤᠳᠴᠤ᠂ ᠲᠡᠭᠦᠨ ᠳᠤ ᠬᠢᠨᠠᠯᠲᠠ ᠲᠠᠯᠪᠢᠵᠤ᠂ ᠪᠦᠬᠦ ᠬᠤᠳᠠ ᠶᠢᠨ ᠡᠯ᠎ᠡ ᠱᠠᠲᠤᠨ ᠤ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠲᠠ ᠶᠢᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠬᠠᠭᠤᠴᠢ ᠰᠤᠳᠤᠯᠤᠯ ᠤᠨ ᠠᠵᠢᠯ ᠢ ᠬᠠᠷᠢᠭᠤᠴᠠᠨ ᠬᠠᠮᠢᠶᠠᠷᠬᠤ ᠪᠠ ᠵᠢᠯᠤᠭᠤᠳᠴᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠵᠦᠢᠯᠡᠰ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠵᠣᠬᠢᠴᠠᠭᠤᠯᠤᠨ᠎ᠠ᠃ ᠪᠥᠬᠦ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢ ᠲᠠᠨᠢᠯᠴᠠᠭᠤᠯᠬᠤ ᠪᠠ ᠪᠥᠬᠦ ᠬᠤᠲᠠ ᠶᠢᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ     ( ᠠᠷᠪᠠᠨ ᠲᠤᠯᠤᠭ᠎ᠠ ) ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ