ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠬᠥᠮᠦᠯᠢᠭ ᠤᠨ ᠰᠢᠨᠵᠢᠯᠡᠬᠦ ᠤᠬᠠᠭᠠᠨ ᠢ ᠬᠥᠭᠵᠢᠭᠦᠯᠬᠦ᠂ | ᠬᠥᠮᠦᠯᠢᠭ ᠤᠨ ᠰᠢᠨᠵᠢᠯᠡᠬᠦ ᠤᠬᠠᠭᠠᠨ ᠤ ᠲᠣᠭᠠᠴᠢᠯᠠᠭᠰᠠᠨ ᠣᠷᠴᠢᠨ ᠠᠬᠤᠢ ᠶᠢ ᠪᠤᠶ ᠪᠤᠯᠭᠠᠬᠤ᠂ ᠬᠥᠮᠦᠯᠢᠭ ᠤᠨ ᠰᠢᠨᠵᠢᠯᠡᠬᠦ ᠤᠬᠠᠭᠠᠨ ᠬᠢᠭᠡᠳ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ | ᠰᠤᠳᠤᠯᠤᠯ ᠤᠨ ᠳᠡᠭᠡᠳᠦ ᠰᠤᠷᠭᠠᠭᠤᠯᠢ ᠣᠷᠳᠣ ᠬᠤᠭᠤᠴᠠᠭ᠎ᠠ ᠶᠢᠨ ᠪᠡᠯᠡᠳᠬᠡᠯ ᠢᠶᠠᠷ ᠲᠠᠮᠵᠢᠨ᠂ ᠪᠦᠭᠦ ᠤᠯᠤᠰ ᠤᠨ ᠠᠩᠬᠠᠳᠠᠭᠴᠢ ᠳ᠋ᠢᠵᠢᠲ᠋ᠠᠯ ᠬᠥᠮᠦᠯᠢᠭ ᠤᠨ ᠵᠢᠩᠬᠢᠨᠢ | ᠠᠩᠭᠢ ᠶᠢᠨ ᠲᠤᠰᠬᠠᠢ ᠮᠡᠷᠭᠡᠵᠢᠯ ᠢ ᠰᠤᠷᠭᠠᠨ ᠬᠥᠮᠦᠵᠢᠯ ᠤᠨ ᠶᠠᠮᠤᠨ ᠠᠴᠠ ᠠᠮᠵᠢᠯᠲᠠ ᠲᠠᠢ ᠭᠤᠶᠤᠴᠢᠯᠠᠵᠤ ᠵᠥᠪᠰᠢᠶᠡᠷᠡᠭᠦᠯᠦᠭᠡᠳ᠂ 2023 ᠣᠨ ᠠᠴᠠ ᠪᠦᠭᠦ | ᠤᠯᠤᠰ ᠤᠨ ᠡᠯ᠎ᠡ ᠭᠠᠵᠠᠷ ᠠᠴᠠ 30 ᠰᠣᠷᠣᠬᠴᠢ ᠡᠯᠰᠡᠬᠦ ᠪᠠᠷ ᠲᠥᠯᠥᠪᠯᠡᠵᠦ ᠪᠤᠶ᠃ ᠳᠤᠰ ᠲᠤᠰᠬᠠᠢ ᠮᠡᠷᠭᠡᠵᠢᠯ ᠨᠢ ᠰᠢᠨᠵᠢᠯᠡᠭᠡᠨ ᠤ ᠰᠠᠯᠠᠭ᠎ᠠ ᠶᠢᠨ ᠬᠤᠪᠢ ᠳᠤ | ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ ᠲᠦᠷᠦᠯ ᠳᠤ ᠪᠠᠭᠲᠠᠵᠤ᠂ ᠳᠤᠮᠳᠠᠳᠤ ᠤᠯᠤᠰ ᠤᠨ ᠦᠭᠡ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ | ᠴᠣᠯᠠ ᠣᠯᠭᠤᠨ᠎ᠠ᠃ | ᠳ᠋ᠢᠵᠢᠲ᠋ᠠᠯ ᠬᠥᠮᠦᠯᠢᠭ ᠤᠨ ᠲᠤᠰᠬᠠᠢ ᠮᠡᠷᠭᠡᠵᠢᠯ ᠭᠡᠭᠴᠢ ᠶᠠᠭᠤ ᠪᠢᠯᠡ︖ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ | ᠰᠤᠳᠤᠯᠤᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠮᠠᠨ ᠴᠢᠤᠸᠠᠨ ᠤ ᠲᠠᠨᠢᠯᠴᠠᠭᠤᠯᠤᠭᠰᠠᠨ ᠢᠶᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ | ᠳᠠᠭᠠᠤ ᠲᠤᠭᠠᠵᠢᠭᠤᠯᠬᠤ ᠮᠡᠷᠭᠡᠵᠢᠯ ᠶᠠᠪᠤᠬᠤ ᠳᠤᠳᠤᠮ ᠡᠬᠢ ᠪᠠᠶᠠᠯᠢᠭ ᠢ ᠦᠢᠯᠡᠳᠪᠦᠷᠢᠯᠡᠬᠦ᠂ ᠵᠣᠬᠢᠶᠠᠨ ᠪᠠᠶᠢᠭᠤᠯᠬᠤ ᠴᠢᠬᠤᠯᠠ ᠠᠷᠭ᠎ᠠ ᠬᠡᠷᠡᠭᠯᠡᠭᠦᠷ ᠪᠣᠯᠵᠤ᠂ | ᠲᠣᠭᠠᠵᠢᠭᠤᠯᠤᠨ ᠳᠡᠭᠡᠭᠰᠢᠯᠡᠭᠦᠯᠭᠦ᠂ ᠲᠣᠭᠠᠵᠢᠭᠤᠯᠤᠨ ᠥᠭᠡᠷᠡᠴᠢᠯᠡᠬᠦ᠂ ᠲᠣᠭᠠᠵᠢᠭᠤᠯᠤᠨ ᠰᠢᠯᠵᠢᠭᠦᠯᠬᠦ ᠨᠢ ᠬᠥᠮᠦᠯᠢᠭ ᠤᠨ ᠤᠬᠠᠭᠠᠨ ᠤ ᠰᠢᠨᠵᠢᠯᠡᠭᠡᠨ ᠤ ᠰᠠᠯᠠᠭ᠎ᠠ ᠳᠤ | ᠲᠤᠯᠭᠠᠷᠠᠭᠰᠠᠨ ᠭᠤᠣᠯ ᠰᠡᠳᠦᠪ ᠪᠣᠯᠵᠤ᠂ ᠵᠣᠬᠢᠬᠤ ᠤᠳᠬ᠎ᠠ ᠠᠴᠠ ᠲᠤᠭᠠᠵᠢᠭᠤᠯᠬᠤ ᠨᠢ ᠬᠥᠮᠥᠨ ᠲᠥᠷᠥᠯᠬᠢᠲᠡᠨ ᠤ ᠴᠣ ᠰᠢᠨ᠎ᠡ ᠢᠯᠡᠳᠬᠡᠬᠦ ᠭᠡᠯᠪᠡᠷᠢ ᠪᠠ ᠬᠦᠦᠷᠨᠢᠬᠦ | ᠠᠷᠭ᠎ᠠ ᠠᠪᠴᠠᠯ ᠪᠣᠯᠪᠠ᠃ ᠳ᠋ᠢᠵᠢᠲ᠋ᠠᠯ ᠬᠥᠮᠦᠯᠢᠭ ᠤᠨ ᠲᠤᠰᠬᠠᠢ ᠮᠡᠷᠭᠡᠵᠢᠯ ᠪᠣᠯ ᠺᠤᠮᠫᠢᠦ᠋ᠲ᠋ᠧᠷ ᠤᠨ ᠰᠢᠨᠵᠢᠯᠡᠭᠡᠨ ᠤ ᠰᠠᠯᠠᠭ᠎ᠠ ᠬᠢᠭᠡᠳ ᠬᠥᠮᠦᠯᠢᠭ ᠤᠨ ᠤᠬᠠᠭᠠᠨ ᠤ | ᠰᠢᠨᠵᠢᠯᠡᠭᠡᠨ ᠤ ᠰᠠᠯᠠᠭ᠎ᠠ ᠶᠢᠨ ᠠᠭᠤᠯᠵᠠᠷ ᠤᠨ ᠬᠦᠷᠢᠶ᠎ᠡ ᠴᠠᠷᠠᠭ᠎ᠠ ᠳᠤ ᠰᠤᠷᠤᠯᠴᠠᠬᠤ᠂ ᠰᠤᠳᠤᠯᠬᠤ᠂ ᠡᠭᠦᠳᠦᠨ ᠨᠡᠭᠡᠭᠡᠬᠦ ᠨᠢᠭᠡ ᠵᠦᠢᠯ ᠤᠨ ᠰᠢᠨ᠎ᠡ ᠰᠢᠨᠵᠢᠯᠡᠭᠡᠨ ᠤ | ᠰᠠᠯᠠᠭ᠎ᠠ ᠮᠥᠨ᠃ ᠲᠡᠷᠡ ᠨᠢ ᠺᠤᠮᠫᠢᠦ᠋ᠲ᠋ᠧᠷ ᠤᠨ ᠰᠢᠨᠵᠢᠯᠡᠬᠦ ᠤᠬᠠᠭᠠᠨ ᠪᠣᠯᠣᠨ ᠬᠥᠮᠦᠯᠢᠭ ᠤᠨ ᠰᠢᠨᠵᠢᠯᠡᠬᠦ ᠤᠬᠠᠭᠠᠨ ᠤ ᠰᠣᠯᠪᠢᠴᠠᠯ ᠤᠨ ᠬᠦᠷᠢᠶ᠎ᠡ ᠪᠠᠷ | ᠰᠤᠳᠤᠯᠤᠭᠳᠠᠬᠤᠨ ᠢᠶᠠᠨ ᠪᠤᠯᠭᠠᠵᠤ᠂ ᠳ᠋ᠢᠵᠢᠲ᠋ᠠᠯ ᠬᠥᠮᠦᠯᠢᠭ ᠤᠨ ᠡᠩ ᠤᠨ ᠵᠢᠮ᠎ᠡ ᠶᠣᠰᠣ ᠶᠢ ᠰᠢᠰᠲ᠋ᠧᠮ ᠲᠠᠢ ᠰᠤᠳᠤᠯᠬᠤ᠂ ᠳ᠋ᠢᠵᠢᠲ᠋ᠠᠯ ᠬᠥᠮᠦᠯᠢᠭ ᠤᠨ ᠤᠨᠤᠯ ᠤᠨ | ᠰᠢᠰᠲ᠋ᠧᠮ ᠢ ᠪᠠᠶᠢᠭᠤᠯᠬᠤ᠂ ᠺᠤᠮᠫᠢᠦ᠋ᠲ᠋ᠧᠷ ᠤᠨ ᠵᠥᠭᠡᠯᠡᠨ ᠲᠤᠨᠤᠭ ᠠᠵᠢᠯᠯᠠᠬᠤ ᠰᠢᠰᠲ᠋ᠧᠮ ᠪᠠ ᠳ᠋ᠢᠵᠢᠲ᠋ᠠᠯ ᠦᠢᠯᠡᠳᠬᠦᠨ ᠢ ᠰᠤᠳᠤᠯᠤᠨ ᠨᠡᠭᠡᠭᠡᠬᠦ ᠮᠡᠲᠦ ᠶᠢᠨ | ᠳᠤᠭᠠᠵᠢᠭᠤᠯᠬᠤ ᠮᠡᠷᠭᠡᠵᠢᠯ ᠪᠠ ᠬᠥᠮᠦᠯᠢᠭ ᠰᠣᠶᠣᠯ ᠢ ᠡᠵᠡᠮᠰᠢᠭᠰᠡᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠣᠯᠣᠨ᠎ᠠ᠃ | ᠳ᠋ᠢᠵᠢᠲ᠋ᠠᠯ ᠬᠥᠮᠦᠯᠢᠭ ᠤᠨ ᠲᠤᠰᠬᠠᠢ ᠮᠡᠷᠭᠡᠵᠢᠯ ᠤᠨ ᠪᠠᠶᠢᠷᠢ ᠲᠣᠭᠲᠠᠭᠠᠯᠲᠠ ᠶᠢᠨ ᠬᠤᠪᠢ ᠳᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ | ᠠᠭᠤᠰᠤᠯᠴᠠᠭᠤᠯᠵᠤ᠂ ᠴᠢᠳᠠᠪᠤᠷᠢᠲᠠᠨ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠠᠵᠤ ᠦᠢᠯᠡᠰ ᠲᠤ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ᠂ | ᠴᠠᠭ ᠦᠶ᠎ᠡ ᠶᠢᠨ ᠬᠥᠭᠵᠢᠯᠲᠡ ᠵᠢᠴᠢ ᠨᠡᠶᠢᠭᠡᠮ ᠤᠨ ᠬᠡᠷᠡᠭᠴᠡᠭᠡ ᠳᠤ ᠵᠣᠬᠢᠴᠠᠭᠰᠠᠨ᠂ ᠲᠣᠭᠠᠵᠢᠭᠤᠯᠤᠭᠰᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠬᠦᠷᠭᠡᠨ᠎ᠡ᠃ | ᠮᠠᠨ ᠴᠢᠤᠸᠠᠨ ᠵᠠᠬᠢᠷᠤᠯ ᠤᠨ ᠲᠠᠨᠢᠯᠴᠠᠭᠤᠯᠬᠤ ᠪᠠᠷ ᠡᠨᠡ ᠬᠦ ᠮᠡᠷᠭᠡᠵᠢᠯ ᠨᠢ ᠭᠤᠷᠪᠠᠨ ᠬᠦᠷᠢᠶ᠎ᠡ ᠴᠠᠷᠠᠭ᠎ᠠ ᠳᠤ ᠬᠠᠨᠳᠤᠨ᠎ᠠ᠄ ᠨᠢᠭᠡ᠂ ᠺᠤᠮᠫᠢᠦ᠋ᠲ᠋ᠧᠷ ᠤᠨ ᠰᠢᠨᠵᠢᠯᠡᠬᠦ | ᠤᠬᠠᠭᠠᠨ ᠬᠢᠭᠡᠳ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠭᠤᠣᠯᠳᠠᠭᠤ ᠰᠤᠷᠤᠬᠴᠢᠳ ᠤᠨ ᠺᠤᠮᠫᠢᠦ᠋ᠲ᠋ᠧᠷ ᠤᠨ ᠵᠥᠭᠡᠯᠡᠨ ᠲᠤᠨᠤᠭ᠂ ᠠᠵᠢᠯᠯᠠᠬᠤ ᠰᠢᠰᠲ᠋ᠧᠮ ᠢ | ᠰᠤᠳᠤᠯᠤᠨ ᠨᠡᠭᠡᠭᠡᠬᠦ ᠵᠢᠴᠢ ᠺᠤᠮᠫᠢᠦ᠋ᠲ᠋ᠧᠷ ᠤᠨ ᠰᠢᠨᠵᠢᠯᠡᠬᠦ ᠤᠬᠠᠭᠠᠨ᠂ ᠲᠤᠭᠠᠵᠢᠭᠤᠯᠬᠤ ᠮᠡᠷᠭᠡᠵᠢᠯ᠂ ᠵᠣᠬᠢᠶᠠᠮᠠᠯ ᠣᠶᠤᠨᠴᠢ ᠴᠢᠳᠠᠪᠤᠷᠢ᠂ ᠤᠤᠭᠠᠯ ᠣᠷᠴᠢᠯᠠᠩ ᠢ ᠲᠠᠨᠢᠵᠤ | ᠣᠶᠢᠯᠠᠭᠠᠬᠤ ᠴᠢᠳᠠᠪᠤᠷᠢ ᠶᠢ ᠨᠢ ᠬᠥᠮᠥᠵᠢᠭᠦᠯᠦᠨ᠎ᠡ᠃ ᠬᠤᠶᠠᠷ᠂ ᠬᠥᠮᠦᠯᠢᠭ ᠤᠨ ᠰᠢᠨᠵᠢᠯᠡᠬᠦ ᠤᠬᠠᠭᠠᠨ ᠤ ᠬᠦᠷᠢᠶ᠎ᠡ ᠴᠠᠷᠠᠭ᠎ᠠ ᠳᠤ ᠭᠤᠣᠯᠳᠠᠭᠤ ᠰᠤᠷᠤᠬᠴᠢᠳ ᠤᠨ | ᠬᠥᠮᠦᠯᠢᠭ ᠪᠣᠯᠪᠠᠰᠤᠷᠠᠯ᠂ ᠬᠥᠮᠦᠯᠢᠭ ᠵᠣᠷᠢᠭ ᠰᠠᠨᠠᠭ᠎ᠠ᠂ ᠬᠥᠮᠦᠯᠢᠭ ᠦᠵᠡᠯ ᠪᠤᠳᠤᠯ ᠢ ᠨᠢ ᠳᠡᠭᠡᠭᠰᠢᠯᠡᠭᠦᠯᠭᠦ ᠵᠢᠴᠢ ᠲᠤᠭᠠᠵᠢᠭᠤᠯᠬᠤ ᠮᠡᠷᠭᠡᠵᠢᠯ᠂ ᠵᠣᠬᠢᠶᠠᠮᠠᠯ ᠣᠶᠤᠨᠴᠢ | ᠴᠢᠳᠠᠪᠤᠷᠢ ᠶᠢ ᠠᠰᠢᠭᠯᠠᠵᠤ᠂ ᠬᠥᠮᠦᠯᠢᠭ ᠤᠨ ᠰᠢᠨᠵᠢᠯᠡᠭᠡᠨ ᠤ ᠰᠠᠯᠠᠭ᠎ᠠ ᠳᠤ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠴᠢᠳᠠᠪᠤᠷᠢ ᠶᠢ ᠬᠥᠮᠥᠵᠢᠭᠦᠯᠦᠨ᠎ᠡ᠃ | ᠭᠤᠷᠪᠠ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠬᠦᠷᠢᠶ᠎ᠡ ᠴᠠᠷᠠᠭ᠎ᠠ ᠳᠤ ᠭᠤᠣᠯᠳᠠᠭᠤ ᠰᠤᠷᠤᠬᠴᠢᠳ ᠤᠨ ᠲᠤᠭᠠᠵᠢᠭᠤᠯᠬᠤ ᠮᠡᠷᠭᠡᠵᠢᠯ ᠢ ᠠᠰᠢᠭᠯᠠᠵᠤ᠂ ᠳ᠋ᠢᠵᠢᠲ᠋ᠠᠯ | ᠦᠢᠯᠡᠳᠬᠦᠨ ᠢ ᠰᠤᠳᠤᠯᠤᠨ ᠨᠡᠭᠡᠭᠡᠬᠦ ᠴᠢᠳᠠᠪᠤᠷᠢ ᠶᠢ ᠨᠢ ᠬᠥᠮᠥᠵᠢᠭᠦᠯᠦᠨ᠎ᠡ᠃ ᠵᠢᠱᠢᠶᠡᠯᠡᠪᠡᠯ᠂ ᠳ᠋ᠢᠵᠢᠲ᠋ᠠᠯ ᠰᠤᠷᠪᠤᠯᠵᠢ ᠪᠢᠴᠢᠭ᠂ ᠳ᠋ᠢᠵᠢᠲ᠋ᠠᠯ ᠬᠠᠭᠤᠴᠢ ᠳᠤᠷᠠᠰᠬᠠᠯ᠂ | ᠳ᠋ᠢᠵᠢᠲ᠋ᠠᠯ ᠳᠠᠩᠰᠠ ᠪᠢᠴᠢᠭ᠂ ᠳ᠋ᠢᠵᠢᠲ᠋ᠠᠯ ᠦᠵᠡᠮᠵᠢ ᠲᠠᠯᠠᠪᠤᠷ᠂ ᠳ᠋ᠢᠵᠢᠲ᠋ᠠᠯ ᠪᠣᠳᠠᠰ ᠤᠨ ᠪᠤᠰᠤ ᠰᠣᠶᠣᠯ ᠭᠡᠬᠦ ᠮᠡᠲᠦ ᠢ ᠦᠢᠯᠡᠳᠬᠦᠨ ᠢ ᠨᠡᠭᠡᠭᠡᠨ ᠦᠢᠯᠡᠳᠴᠦ ᠪᠣᠯᠣᠨ᠎ᠠ᠃ | ᠳ᠋ᠢᠵᠢᠲ᠋ᠠᠯ ᠬᠥᠮᠦᠯᠢᠭ ᠤᠨ ᠲᠤᠰᠬᠠᠢ ᠮᠡᠷᠭᠡᠵᠢᠯ ᠪᠣᠯ ᠳᠥᠭᠦᠮᠬᠡᠨ ︽ᠲᠣᠭᠠᠵᠢᠭᠤᠯᠤᠯᠲᠠ + ᠬᠥᠮᠦᠯᠢᠭ ᠤᠨ ᠤᠬᠠᠭᠠᠨ︾ ᠪᠢᠰᠢ᠂ ᠬᠠᠷᠢᠨ ᠲᠣᠭᠠᠵᠢᠭᠤᠯᠤᠯᠲᠠ | ᠪᠠ ᠬᠥᠮᠦᠯᠢᠭ ᠤᠨ ᠤᠬᠠᠭᠠᠨ ᠤ ᠭᠦᠨᠵᠡᠭᠡᠢ ᠠᠭᠤᠰᠤᠯᠴᠠᠭᠰᠠᠨ᠂ ᠬᠠᠷᠢᠯᠴᠠᠨ ᠨᠢᠭᠡ ᠴᠣᠭᠴᠠᠵᠢᠭᠰᠠᠨ᠂ ᠭᠡᠯᠪᠡᠷᠢ ᠪᠠ ᠠᠭᠤᠯᠭ᠎ᠠ ᠨᠢᠭᠡᠳᠦᠭᠰᠡᠨ᠂ ᠠᠷᠭ᠎ᠠ ᠪᠠᠷᠢᠯ ᠪᠠ | ᠬᠠᠷᠠᠯᠲᠠ ᠨᠢᠭᠡᠳᠦᠭᠰᠡᠨ ᠮᠡᠷᠭᠡᠵᠢᠯ ᠤᠨ ᠭᠡᠯᠪᠡᠷᠢ ᠪᠣᠯᠣᠨ᠎ᠠ ᠭᠡᠵᠦ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ | ᠰᠤᠷᠭᠠᠭᠤᠯᠢ ᠶᠢᠨ ᠳ᠋ᠣᠺᠲ᠋ᠣᠷ ᠨᠠᠳᠮᠢᠳ ᠲᠠᠨᠢᠯᠴᠠᠭᠤᠯᠤᠯ᠎ᠠ᠃ ᠲᠡᠷᠡ᠂ ᠪᠢᠳᠡ ᠲᠤᠰᠬᠠᠢ ᠮᠡᠷᠭᠡᠵᠢᠯ ᠤᠨ ᠠᠭᠤᠯᠬᠤᠨ ᠢ ᠦᠨᠳᠦᠰᠦᠯᠡᠵᠦ᠂ ᠬᠢᠴᠢᠶᠡᠯ ᠲᠦᠷᠦᠯ ᠢᠶᠠᠨ ᠶᠡᠭᠡ | ᠲᠥᠯᠥᠪ ᠭᠤᠷᠪᠠᠨ ᠲᠦᠷᠦᠯ ᠳᠤ ᠬᠤᠪᠢᠶᠠᠵᠠᠢ᠄ ᠨᠢᠭᠡ ᠨᠢ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠬᠢᠴᠢᠶᠡᠯ ᠤᠨ ᠬᠤᠪᠢ ᠳᠤ᠂ ᠳ᠋ᠢᠵᠢᠲ᠋ᠠᠯ ᠬᠥᠮᠦᠯᠢᠭ ᠤᠨ | ᠤᠳᠤᠷᠢᠳᠬᠠᠯ᠂ ᠳ᠋ᠢᠵᠢᠲ᠋ᠠᠯ ᠬᠥᠮᠦᠯᠢᠭ ᠤᠨ ᠰᠤᠳᠤᠯᠭᠠᠨ ᠤ ᠠᠷᠭ᠎ᠠ᠂ ᠳ᠋ᠢᠵᠢᠲ᠋ᠠᠯ ᠰᠣᠷᠪᠤᠯᠵᠢ ᠪᠢᠴᠢᠭ ᠤᠨ ᠤᠬᠠᠭᠠᠨ᠂ ᠳ᠋ᠢᠵᠢᠲ᠋ᠠᠯ ᠬᠡᠪᠯᠡᠯ᠂ ᠳ᠋ᠢᠵᠢᠲ᠋ᠠᠯ ᠺᠠᠷᠲ᠋ᠣᠨ᠂ ᠳ᠋ᠢᠵᠢᠲ᠋ᠠᠯ | ᠬᠠᠭᠤᠴᠢ ᠳᠤᠷᠠᠰᠬᠠᠯ ᠭᠡᠬᠦ ᠮᠡᠲᠦ ᠶᠢᠨ ᠬᠢᠴᠢᠶᠡᠯ ᠲᠦᠷᠦᠯ ᠢ ᠲᠣᠬᠢᠷᠠᠭᠤᠯᠵᠠᠢ᠃ ᠬᠤᠶᠠᠷ ᠨᠢ᠂ ᠺᠤᠮᠫᠢᠦ᠋ᠲ᠋ᠧᠷ ᠤᠨ ᠰᠢᠨᠵᠢᠯᠡᠬᠦ ᠤᠬᠠᠭᠠᠨ ᠪᠠ ᠮᠡᠷᠭᠡᠵᠢᠯ ᠤᠨ ᠲᠠᠯ᠎ᠠ ᠶᠢᠨ | ᠬᠢᠴᠢᠶᠡᠯ ᠤᠨ ᠬᠤᠪᠢ ᠳᠤ ᠺᠤᠮᠫᠢᠥ᠋ᠲ᠋ᠧᠷ ᠤᠨ ᠰᠠᠭᠤᠷᠢ ᠮᠡᠳᠡᠯᠭᠡ᠂ ᠳ᠋ᠠᠶᠢᠲ᠋ᠠ ᠬᠥᠮᠥᠷᠭᠡ ᠶᠢᠨ ᠤᠭ ᠶᠣᠰᠣ ᠵᠢᠴᠢ ᠬᠡᠷᠡᠭᠯᠡᠭᠡ᠂ ᠲᠣᠮᠣ ᠳ᠋ᠠᠶᠢᠲ᠋ᠠ ᠶᠢᠨ ᠰᠠᠭᠤᠷᠢ᠂ ᠵᠥᠭᠡᠯᠡᠨ | ᠲᠣᠨᠤᠭ ᠤᠨ ᠲᠥᠰᠥᠪᠯᠡᠯ᠂ ᠺᠤᠮᠫᠢᠦ᠋ᠲ᠋ᠧᠷ ᠤᠨ ᠫᠷᠣᠭ᠍ᠷᠠᠮ ᠤᠨ ᠲᠥᠰᠥᠪᠯᠡᠯ᠂ ᠪᠠᠶᠢᠭᠠᠵᠢ ᠬᠡᠯᠡᠨ ᠤ ᠰᠢᠢᠳᠪᠦᠷᠢᠯᠡᠯᠲᠡ ᠭᠡᠬᠦ ᠮᠡᠲᠦ ᠶᠢᠨ ᠬᠢᠴᠢᠶᠡᠯ ᠢ ᠲᠣᠬᠢᠷᠠᠭᠤᠯᠵᠠᠢ᠃ | ᠭᠤᠷᠪᠠ ᠨᠢ᠂ ᠬᠥᠮᠦᠯᠢᠭ ᠤᠨ ᠤᠬᠠᠭᠠᠨ ᠤ ᠲᠠᠯ᠎ᠠ ᠶᠢᠨ ᠬᠢᠴᠢᠶᠡᠯ ᠤᠨ ᠬᠤᠪᠢ ᠳᠤ ᠳᠤᠮᠳᠠᠳᠤ ᠤᠯᠤᠰ ᠤᠨ ᠲᠡᠦᠬᠡ᠂ ᠳᠡᠯᠡᠬᠡᠢ ᠶᠢᠨ ᠲᠡᠦᠬᠡ᠂ ᠭᠠᠳᠠᠭᠠᠳᠤ ᠶᠢᠨ ᠤᠷᠠᠨ | ᠵᠣᠬᠢᠶᠠᠯ ᠤᠨ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠥᠮᠦᠯᠢᠭ ᠤᠨ ᠰᠤᠷᠪᠤᠯᠵᠢ ᠪᠢᠴᠢᠭ ᠤᠨ ᠰᠤᠳᠤᠯᠤᠯ᠂ ᠰᠣᠩᠭᠤᠳᠠᠭ ᠺᠢᠨᠣ᠋ ᠶᠢᠨ | ᠰᠣᠨᠢᠷᠬᠠᠮᠵᠢ ᠭᠡᠬᠦ ᠮᠡᠲᠦ ᠶᠢᠨ ᠬᠢᠴᠢᠶᠡᠯ ᠢ ᠲᠣᠬᠢᠷᠠᠭᠤᠯᠵᠠᠢ ᠭᠡᠯᠡ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠬᠠᠷᠢᠴᠠᠩᠭᠤᠢ ᠪᠦᠷᠢᠨ ᠲᠥᠬᠦᠷ ᠪᠠᠶᠢᠳᠠᠭ᠂ ᠪᠠᠶᠢᠭᠠᠯᠢ ᠶᠢᠨ ᠰᠢᠨᠵᠢᠯᠡᠬᠦ | ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠬᠥᠮᠦᠯᠢᠭ ᠤᠨ ᠰᠢᠨᠵᠢᠯᠡᠬᠦ ᠤᠬᠠᠭᠠᠨ ᠲᠠᠢ ᠬᠤᠯᠪᠣᠭᠳᠠᠭᠰᠠᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠪᠠᠶᠢᠳᠠᠭ | ᠪᠥᠭᠡᠳ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠯᠭᠡ ᠶᠢᠨ ᠤᠯᠠᠮᠵᠢᠯᠠᠯ ᠲᠠᠢ᠃ ︽ᠡᠲᠡᠭᠡᠷ ᠵᠢᠭᠠᠨ ᠰᠤᠷᠭᠠᠯᠲᠠ ᠶᠢᠨ ᠡᠬᠢ ᠪᠠᠶᠠᠯᠢᠭ ᠨᠢ ︿ᠳ᠋ᠢᠵᠢᠲ᠋ᠠᠯ | ᠬᠥᠮᠦᠯᠢᠭ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ﹀ ᠢ ᠨᠡᠭᠡᠭᠡᠬᠦ ᠳᠤ ᠭᠦᠢᠴᠡᠳ ᠲᠤᠯᠭᠠᠭᠤᠷᠢᠯᠠᠵᠤ ᠴᠢᠳᠠᠨ᠎ᠠ᠃ ᠮᠠᠨ ᠤ ᠳᠡᠭᠡᠳᠦ ᠰᠤᠷᠭᠠᠭᠤᠯᠢ | ᠰᠤᠷᠭᠠᠭᠤᠯᠢ ᠶᠢᠨ ᠭᠠᠳᠠᠨ᠎ᠠ ᠳᠣᠲᠣᠨᠠᠬᠢ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠥᠮᠦᠯᠢᠭ ᠤᠨ ᠰᠢᠨᠵᠢᠯᠡᠬᠦ ᠤᠬᠠᠭᠠᠨ᠂ ᠺᠤᠮᠫᠢᠦ᠋ᠲ᠋ᠧᠷ ᠤᠨ ᠰᠢᠨᠵᠢᠯᠡᠬᠦ ᠤᠬᠠᠭᠠᠨ᠂ | ᠰᠣᠯᠪᠢᠴᠠᠯ ᠰᠢᠨᠵᠢᠯᠡᠬᠦ ᠤᠬᠠᠭᠠᠨ ᠤ ᠬᠦᠷᠢᠶ᠎ᠡ ᠴᠠᠷᠠᠭ᠎ᠠ ᠶᠢ ᠬᠠᠮᠤᠷᠤᠭᠰᠠᠨ ᠬᠦᠴᠦᠷᠬᠡᠭ ᠶᠡᠭᠡ ᠪᠠᠭᠰᠢ ᠶᠢᠨ ᠡᠩᠨᠡᠭᠡ ᠶᠢ ᠪᠦᠷᠢᠳᠦᠭᠦᠯᠦᠭᠰᠡᠨ ᠪᠠᠶᠢᠨ᠎ᠠ︾ ᠭᠡᠵᠦ | ᠨᠠᠳᠮᠢᠳ ᠪᠠᠭᠰᠢ ᠲᠠᠨᠢᠯᠴᠠᠭᠤᠯᠤᠯ᠎ᠠ᠃ | ᠡᠨᠡ ᠵᠢᠯ ᠲᠤᠰᠬᠠᠢ ᠮᠡᠷᠭᠡᠵᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠣᠯᠪᠢᠴᠠᠯ ᠤᠨ ᠣᠨᠴᠠᠯᠢᠭ ᠢ | ᠪᠣᠳᠣᠯᠬᠢᠯᠠᠨ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠷᠤᠬᠴᠢ ᠠᠴᠠ ᠳᠤᠰ ᠳᠤᠰ 15 ᠰᠤᠷᠤᠬᠴᠢ᠂ ᠨᠡᠶᠢᠳᠡ 30 | ᠰᠤᠷᠤᠬᠴᠢ ᠡᠯᠰᠡᠨ᠎ᠡ᠃ ᠨᠢᠭᠡ ᠲᠤᠰᠬᠠᠢ ᠮᠡᠷᠭᠡᠵᠢᠯ ᠢ ᠰᠣᠩᠭᠤᠵᠤ ᠰᠤᠷᠤᠯᠴᠠᠬᠤ ᠳᠤ ᠬᠥᠮᠥᠰ ᠤᠨ ᠬᠠᠮᠤᠭ ᠤᠨ ᠠᠩᠬᠠᠷᠤᠯ ᠲᠠᠯᠪᠢᠳᠠᠭ ᠨᠢ ᠬᠤᠶᠢᠰᠢᠳᠠ ᠶᠢᠨ ᠠᠵᠢᠯ | ᠣᠯᠭᠤᠯᠲᠠ ᠪᠣᠯᠣᠨ᠎ᠠ᠃ ︽ᠲᠣᠭᠠᠵᠢᠭᠤᠯᠬᠤ ᠮᠡᠷᠭᠡᠵᠢᠯ ᠡᠯ᠎ᠡ ᠠᠵᠢᠯ ᠲᠦᠷᠦᠯ ᠳᠤ ᠣᠷᠣᠬᠤ ᠶᠢ ᠳᠠᠭᠠᠯᠳᠤᠨ ᠡᠨᠡ ᠲᠠᠯ᠎ᠠ ᠶᠢᠨ ᠴᠢᠳᠠᠪᠤᠷᠢᠲᠠᠨ ᠤ ᠲᠤᠬᠠᠢ ᠬᠡᠷᠡᠭᠴᠡᠭᠡ | ᠵᠠᠶᠢᠯᠠᠰᠢ ᠦᠭᠡᠢ ᠲᠦᠷᠭᠡᠨ ᠨᠡᠮᠡᠭᠳᠡᠨ᠎ᠡ᠃ ᠵᠢᠱᠢᠶᠡᠯᠡᠪᠡᠯ᠂ ᠳ᠋ᠢᠵᠢᠲ᠋ᠠᠯ ᠵᠠᠰᠠᠭ ᠤᠨ ᠣᠷᠳᠣᠨ᠂ ᠳ᠋ᠢᠵᠢᠲ᠋ᠠᠯ ᠬᠤᠳᠠ᠂ ᠳ᠋ᠢᠵᠢᠲ᠋ᠠᠯ ᠰᠤᠷᠭᠠᠨ ᠬᠥᠮᠦᠵᠢᠯ᠂ ᠳ᠋ᠢᠵᠢᠲ᠋ᠠᠯ ᠡᠮ | ᠡᠮᠨᠡᠯᠭᠡ᠂ ᠳ᠋ᠢᠵᠢᠲ᠋ᠠᠯ ᠠᠵᠤ ᠠᠬᠤᠶᠢᠯᠠᠯ᠂ ᠳ᠋ᠢᠵᠢᠲ᠋ᠠᠯ ᠨᠡᠶᠢᠭᠡᠮ ᠲᠣᠭᠤᠷᠢᠭ᠂ ᠳ᠋ᠢᠵᠢᠲ᠋ᠠᠯ ᠨᠣᠮ ᠤᠨ ᠰᠠᠩ᠂ ᠳ᠋ᠢᠵᠢᠲ᠋ᠠᠯ ᠮᠦᠽᠧᠢ᠂ ᠳ᠋ᠢᠵᠢᠲ᠋ᠠᠯ ᠲᠠᠩᠰᠠ ᠡᠪᠬᠡᠮᠡᠯ ᠤᠨ ᠭᠠᠵᠠᠷ᠂ | ᠳ᠋ᠢᠵᠢᠲ᠋ᠠᠯ ᠦᠵᠡᠮᠵᠢ ᠶᠢᠨ ᠣᠷᠣᠨ᠂ ᠳ᠋ᠢᠵᠢᠲ᠋ᠠᠯ ᠵᠠᠭᠤᠴᠢ᠂ ᠳ᠋ᠢᠵᠢᠲ᠋ᠠᠯ ᠬᠡᠪᠯᠡᠯ ᠵᠡᠷᠭᠡ ᠡᠯ᠎ᠡ ᠠᠵᠢᠯ ᠲᠦᠷᠦᠯ ᠳᠤ ᠳ᠋ᠢᠵᠢᠲ᠋ᠠᠯ ᠬᠥᠮᠦᠯᠢᠭ ᠤᠨ ᠴᠢᠳᠠᠪᠤᠷᠢᠲᠠᠨ ᠤᠯᠠᠮ ᠠᠴᠠ | ᠤᠯᠠᠮ ᠪᠠᠴᠢᠮ ᠱᠠᠭᠠᠷᠳᠠᠭᠳᠠᠵᠤ ᠪᠠᠶᠢᠭ᠎ᠠ ᠪᠣᠯᠬᠤᠷ ᠠᠵᠢᠯ ᠣᠯᠭᠤᠯᠲᠠ ᠶᠢᠨ ᠢᠷᠡᠭᠡᠳᠦᠢ ᠭᠡᠭᠡᠨ ᠰᠠᠷᠠᠭᠤᠯ ᠪᠠᠶᠢᠨ᠎ᠠ︾ ᠭᠡᠵᠦ ᠳᠤᠰ ᠳᠡᠭᠡᠳᠦ ᠰᠤᠷᠭᠠᠭᠤᠯᠢ ᠶᠢᠨ | ᠳ᠋ᠣᠺᠲ᠋ᠣᠷ ᠳᠤᠯᠠᠭᠠᠨ ᠶᠠᠷᠢᠨ᠎ᠠ᠃ | | |