| | ᠡᠷᠳᠡᠮᠪᠢᠯᠢᠭ ᠤᠨ ᠲᠤᠪᠴᠢ ᠨᠠᠮᠲᠠᠷ᠄ | ᠪᠤᠷᠢᠶᠠᠳ ᠶᠠᠰᠤᠳᠠᠨ᠂ ᠮᠠᠯᠴᠢᠨ᠂ ᠠᠩᠬ᠎ᠠ ᠵᠡᠷᠭᠡ ᠶᠢᠨ ᠲᠤᠮᠳᠠᠲᠦ ᠰᠤᠷᠭᠠᠭᠤᠯᠢ ᠶᠢᠨ ᠰᠤᠶᠤᠯ ᠲᠠᠢ᠂ 1960 ᠤᠨ ᠤ 9 ᠰᠠᠷ᠎ᠠ ᠶᠢᠨ 2 ᠤᠨ ᠡᠳᠦᠷ | ᠬᠦᠯᠦᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠰᠢᠨᠠᠬᠡᠨ ᠵᠡᠭᠦᠨ ᠰᠤᠮᠤᠨ ᠤ ᠪᠦᠷᠢᠳᠦ ᠭᠠᠴᠠᠭ᠎ᠠ ᠳᠤ ᠲᠦᠷᠦᠵᠠᠢ᠃ | ᠡᠷᠳᠡᠮᠪᠢᠯᠢᠭ ᠪᠤᠷᠢᠶᠠᠳ ᠰᠤᠷ ᠬᠠᠷᠪᠤᠭᠠᠨ ᠤ ᠤᠷᠤᠨ ᠤ ᠳᠡᠰ ᠤᠨ ᠦᠪᠯᠡᠨ ᠤᠯᠠᠮᠵᠢᠯᠠᠭᠴᠢ ᠶᠤᠮ᠃ | ᠪᠤᠷᠢᠶᠠᠳ ᠰᠤᠷ ᠬᠠᠷᠪᠤᠯᠭ᠎ᠠ ᠶᠢᠨ ᠬᠠᠷᠪᠤᠯᠲᠠ ᠶᠢᠨ ᠴᠢᠭ ᠨᠢ ᠪᠤᠰᠤᠳ ᠭᠠᠵᠠᠷ ᠤᠨ ᠬᠢ ᠠᠴᠠ ᠲᠠᠰᠦ ᠦᠭᠡᠷ᠎ᠡ ᠪᠠᠶᠢᠳᠠᠭ ᠢᠶᠠᠷ ᠢᠶᠠᠨ ᠦᠪᠡᠷ ᠤᠨ | ᠤᠨᠴᠠᠯᠢᠭ ᠢ ᠪᠦᠷᠢᠯᠳᠦᠭᠦᠯᠵᠠᠢ᠃ ᠲᠡᠭᠦᠨ ᠤ ᠬᠠᠷᠪᠤᠬᠤ ᠠᠷᠭ᠎ᠠ ᠨᠢ ᠭᠠᠵᠠᠷ ᠲᠤ ᠭᠤᠷᠪᠠᠨ ᠵᠢᠷᠤᠭᠠᠰᠦ ᠵᠢᠷᠦᠵᠦ᠂ ᠲᠤᠮᠳᠠᠬᠢ ᠵᠢᠷᠤᠭᠠᠰᠤᠨ ᠲᠡᠭᠡᠷ᠎ᠡ ᠨᠢ | ᠨᠢᠳᠤᠷᠭ᠎ᠠ ᠶᠢᠨ ᠴᠢᠨᠡᠭᠡᠨ ᠪᠦᠯᠦᠩ ᠭᠡᠬᠦ ᠠᠷᠪᠠᠨ ᠶᠢᠰᠦᠨ ᠬᠠᠷᠪᠤᠯᠲᠠ ᠶᠢᠨ ᠴᠢᠭ ᠢ ᠵᠡᠷᠭᠡᠴᠡᠭᠦᠯᠦᠨ ᠲᠠᠯᠪᠢᠵᠦ᠂ ᠲᠤᠰ ᠪᠦᠷᠢ ᠬᠤᠷᠢᠨ ᠨᠤᠮᠤ ᠪᠠ ᠭᠤᠴᠢᠨ | ᠨᠤᠮᠤ ᠶᠢᠨ ᠵᠠᠢ ᠠᠴᠠ ᠬᠠᠷᠪᠤᠨ᠎ᠠ᠃ ᠠᠷᠪᠠᠨ ᠬᠤᠪᠢ ᠶᠢᠨ ᠳᠦᠷᠢᠮ ᠢᠶᠠᠷ ᠬᠤᠪᠢ ᠤᠯᠭᠤᠨ᠎ᠠ᠃ ᠠᠷᠪᠠ ᠶᠢᠰᠦᠨ ᠪᠦᠯᠦᠩ ᠤᠨ ᠬᠠᠮᠤᠭ ᠲᠤᠮᠳᠠᠬᠢ ᠵᠠᠯᠠᠭᠠᠲᠦ ᠨᠢ | ᠠᠷᠪᠠᠨ ᠬᠤᠪᠢ᠂ ᠲᠡᠭᠦᠨ ᠠᠴᠠ ᠬᠤᠶᠠᠷ ᠲᠠᠰᠢ ᠲᠤᠰ ᠪᠦᠷᠢ ᠶᠢᠰᠦᠨ ᠪᠦᠯᠦᠩ ᠨᠢ ᠶᠢᠰᠦᠨ ᠬᠤᠪᠢ ᠠᠴᠠ ᠨᠢᠭᠡ ᠬᠤᠪᠢ ᠪᠤᠯᠬᠤ ᠶᠤᠮ᠃ ᠡᠨᠡ ᠬᠦ ᠡᠷᠲᠡᠨ ᠤ | ᠤᠯᠠᠮᠵᠢᠯᠠᠯᠲᠦ ᠰᠤᠷ ᠬᠠᠷᠪᠤᠯᠭ᠎ᠠ ᠨᠢ ᠮᠠᠨ ᠤ ᠤᠷᠤᠨ ᠳᠤ ᠴᠤᠷ ᠤᠨ ᠭᠠᠭᠴᠠ ᠪᠤᠷᠢᠶᠠᠳ ᠲᠤ ᠤᠯᠠᠮᠵᠢᠯᠠᠭᠳᠠᠨ ᠪᠠᠶᠢᠭᠰᠠᠨ ᠢᠶᠠᠨ ᠤᠳᠤ ᠪᠦᠬᠦ ᠤᠷᠤᠨ ᠳᠠᠶᠠᠭᠠᠷ | ᠲᠦᠭᠡᠮᠡᠯᠵᠢᠵᠦ ᠪᠠᠶᠢᠨ᠎ᠠ᠃ ᠮᠦᠨ ᠴᠦ 2017 ᠤᠨ ᠳᠤ ᠹᠦᠵᠢᠶᠠᠨ ᠳᠤ ᠪᠤᠯᠤᠭᠰᠠᠨ ᠪᠦᠬᠦ ᠤᠯᠤᠰ ᠤᠨ ︽2017 · ︿ᠭᠠᠩ ᠢ ᠬᠤᠨᠳᠠᠭᠠᠳᠤ﹀ ᠫᠦ᠋ ᠵᠢᠶᠠᠩ | ᠤᠯᠠᠮᠵᠢᠯᠠᠯᠳᠤ ᠰᠤᠷ ᠬᠠᠷᠪᠤᠯᠭ᠎ᠠ ᠶᠢᠨ ᠴᠢᠯᠦᠬᠡᠳᠦ ᠤᠷᠤᠯᠳᠤᠭᠠᠨ︾ ᠳᠤ ᠨᠢᠭᠡᠨ ᠲᠦᠷᠦᠯ ᠵᠦᠢᠯ ᠪᠤᠯᠤᠨ ᠤᠷᠤᠵᠠᠢ᠃ ᠪᠤᠷᠢᠶᠠᠳ ᠰᠤᠷ ᠬᠠᠷᠪᠤᠭᠠᠨ ᠨᠢ 2017 | ᠤᠨ ᠳᠤ ᠤᠷᠤᠨ ᠤ ᠳᠡᠰ ᠲᠤ ᠲᠡᠮᠳᠡᠭᠯᠡᠭᠦᠯᠦᠭᠰᠡᠨ ᠲᠦᠷᠦᠯ ᠵᠦᠢᠯ ᠪᠤᠯᠬᠤ ᠶᠤᠮ᠃ | 2010 ᠤᠨ ᠳᠤ ᠲᠡᠷᠡ ᠬᠦᠯᠦᠨ ᠪᠤᠶᠢᠷ ᠬᠤᠳᠠ ᠶᠢᠨ ᠳᠡᠰ ᠤᠨ ᠰᠤᠷ ᠬᠠᠷᠪᠤᠭᠠᠨ ᠤ ᠤᠯᠠᠮᠵᠢᠯᠠᠨ ᠵᠠᠯᠭᠠᠮᠵᠢᠯᠠᠭᠴᠢ ᠪᠤᠯᠤᠭᠰᠠᠨ ᠶᠤᠮ᠃ ᠡᠷᠳᠡᠮᠪᠢᠯᠢᠭ | ᠬᠤᠷᠢᠨ ᠨᠠᠰᠦᠲᠠᠢ ᠳᠠᠭᠠᠨ ᠨᠢᠮᠪᠤᠤ ᠭᠡᠳᠡᠭ ᠨᠤᠲᠤᠭ ᠤᠨ ᠠᠬᠠᠮᠠᠳ ᠤᠨ ᠬᠠᠪᠰᠤᠷᠤᠯᠭ᠎ᠠ ᠪᠠᠷ ᠠᠩᠬ᠎ᠠ ᠤᠳᠠᠭ᠎ᠠ ᠰᠤᠷ ᠬᠠᠷᠪᠤᠵᠦ ᠦᠵᠡᠭᠰᠡᠨ ᠶᠤᠮ᠃ ᠨᠢᠮᠪᠤᠤ | ᠨᠠᠰᠤᠲᠠᠨ ᠲᠡᠭᠦᠨ ᠤ ᠠᠩᠬᠠᠨ ᠤ ᠪᠠᠭᠰᠢ ᠪᠠᠶᠢᠭᠰᠠᠨ ᠪᠤᠯ ᠰᠢᠨᠡᠬᠡᠨ ᠨᠤᠲᠤᠭ ᠤᠨ ᠠᠯᠳᠠᠷᠲᠦ ᠬᠠᠷᠪᠤᠭᠠᠴᠢ᠂ ᠤᠯᠠᠮᠵᠢᠯᠠᠯᠲᠦ ᠰᠤᠷ ᠬᠠᠷᠪᠤᠭᠠᠨ ᠤ ᠦᠢᠯᠡᠰ ᠤᠨ | ᠬᠦᠭᠵᠢᠯᠲᠡ ᠶᠢᠨ ᠵᠢᠳᠬᠦᠯᠲᠡᠨ ᠨᠠᠮᠰᠠᠷᠠᠢ ᠪᠤᠯ ᠲᠡᠭᠦᠨ ᠤ ᠤᠯᠠᠮᠵᠢᠯᠠᠯᠲᠦ ᠬᠠᠷᠪᠤᠭᠠᠨ ᠤ ᠮᠡᠷᠭᠡᠵᠢᠯ ᠤᠨ ᠪᠠᠭᠰᠢ ᠪᠤᠯᠬᠤ ᠶᠤᠮ᠃ ᠡᠷᠳᠡᠮᠪᠢᠯᠢᠭ ᠬᠤᠶᠠᠷ ᠪᠠᠭᠰᠢ ᠠᠴᠠ | ᠰᠤᠷᠤᠭᠰᠠᠨ ᠮᠡᠷᠭᠡᠵᠢᠯ ᠢᠶᠠᠨ ᠨᠠᠮᠵᠢᠯᠰᠦ᠋ᠷᠦᠩ ᠵᠡᠷᠭᠡ ᠬᠦᠮᠦᠰ ᠲᠤ ᠬᠠᠷᠠᠮ ᠦᠭᠡᠢ ᠤᠯᠠᠮᠵᠢᠯᠠᠭᠰᠠᠨ ᠠᠴᠠ ᠲᠡᠭᠦᠨ ᠤ ᠤᠳᠬᠤᠨ ᠱᠠᠪᠢ ᠨᠢ ᠨᠠᠢᠮᠠᠨ ᠨᠠᠰᠦ ᠲᠠᠢ | ᠯᠠᠮᠠᠵᠠᠪ ᠪᠤᠯᠤᠨ᠎ᠠ᠃ ᠡᠶᠢᠨ ᠬᠦ ᠲᠡᠭᠦᠨ ᠤ ᠱᠠᠪᠢ ᠨᠠᠷ ᠨᠢ ᠳᠦᠷᠪᠡᠨ ᠦᠶ᠎ᠡ ᠶᠢᠨ ᠰᠤᠷᠴᠢᠳ ᠪᠤᠯᠤᠭᠰᠠᠨ ᠪᠠᠶᠢᠨ᠎ᠠ᠃ | ᠡᠷᠳᠡᠮᠪᠢᠯᠢᠭ ᠬᠤᠷᠢᠨ ᠨᠠᠰᠤᠨ ᠠᠴᠠ ᠡᠬᠢᠯᠡᠨ ᠰᠤᠷ ᠬᠠᠷᠪᠤᠭᠠᠳ ᠠᠶᠢᠯ ᠭᠡᠷ ᠤᠨ ᠡᠷᠭᠢᠯᠡᠭᠰᠡᠨ ᠤᠷᠤᠯᠳᠤᠭᠠᠨ ᠳᠤ ᠤᠷᠤᠯᠴᠠᠵᠦ᠂ ᠨᠢᠭᠤᠷ ᠤᠨ ᠰᠠᠪᠤᠩ᠂ | ᠠᠯᠴᠢᠭᠤᠷ ᠪᠠ ᠠᠷᠪᠠ ᠬᠤᠷᠢᠨ ᠲᠦᠬᠦᠷᠢᠭ ᠵᠡᠷᠭᠡ ᠪᠠᠷ ᠱᠠᠩᠨᠠᠭᠤᠯᠵᠦ ᠪᠠᠶᠢᠯ᠎ᠠ᠃ ᠡᠶᠢᠮᠦ ᠤᠷᠤᠯᠳᠤᠭᠠᠨ ᠨᠢ ᠵᠢᠯ ᠳᠤ ᠪᠠᠰᠠ ᠨᠡᠯᠢᠶᠡᠳ ᠤᠯᠠᠨ ᠪᠤᠯᠳᠠᠭ ᠶᠤᠮ᠃ | ᠤᠴᠢᠷ ᠨᠢ ᠰᠤᠷ ᠬᠠᠷᠪᠤᠭᠠᠨ ᠳᠤ ᠮᠠᠰᠢ ᠲᠤᠷᠠᠲᠠᠢ ᠪᠤᠷᠢᠶᠠᠳ ᠮᠤᠩᠭᠤᠯᠴᠤᠳ ᠰᠠᠶᠢᠨ ᠬᠠᠷᠪᠤᠭᠠᠴᠢᠳ ᠢ ᠤᠷᠢᠨ ᠵᠠᠯᠠᠵᠦ ᠭᠡᠷ ᠤᠨ ᠢᠶᠠᠨ ᠲᠡᠷᠭᠡᠳᠡ ᠰᠤᠷ | ᠬᠠᠷᠪᠤᠭᠤᠯᠵᠦ᠂ ᠬᠦᠮᠦᠨ ᠮᠠᠯ ᠤᠨ ᠭᠠᠢ ᠪᠠᠷᠴᠢᠳ ᠢ ᠳᠠᠷᠤᠭᠤᠯᠤᠨ ᠬᠡᠶᠢᠮᠤᠷᠢ ᠪᠠᠨ ᠰᠡᠷᠭᠦᠭᠡᠳᠡᠭ ᠵᠠᠩᠰᠢᠯ ᠲᠠᠢ ᠪᠠᠶᠢᠭᠰᠠᠨ ᠲᠤᠯᠠ ᠡᠷᠳᠡᠮᠪᠢᠯᠢᠭ 1980 ᠭᠠᠳ | ᠤᠨ ᠠᠴᠠ 2000 ᠭᠠᠷᠤᠢ ᠤᠨ ᠪᠤᠯᠲᠠᠯ᠎ᠠ ᠡᠳᠡᠭᠡᠷ ᠤᠷᠤᠯᠳᠤᠭᠠᠨ ᠳᠤ ᠤᠷᠤᠯᠴᠠᠵᠦ ᠪᠠᠶᠢᠯ᠎ᠠ᠃ | 2006 ᠤᠨ ᠳᠤ ᠡᠷᠳᠡᠮᠪᠢᠯᠢᠭ ᠬᠤᠲᠤᠭᠤᠳᠦ ᠶᠢᠨ ᠦᠮᠡᠨ ᠡᠪᠡᠳᠴᠢᠨ ᠳᠤ ᠨᠡᠷᠪᠡᠭᠳᠡᠵᠦ᠂ ᠲᠤᠬᠠᠢ ᠶᠢᠨ ᠴᠠᠭ ᠲᠤᠨᠢ ᠮᠡᠰᠡ ᠵᠠᠰᠠᠯ ᠬᠢᠯᠭᠡᠵᠦ᠂ | ᠪᠦᠷᠢᠮᠦᠰᠦᠨ ᠰᠠᠶᠢᠨ ᠪᠤᠯᠤᠭᠰᠠᠨ ᠴᠦ ᠪᠤᠶᠢᠳᠠ ᠪᠦᠭᠯᠡᠭᠦᠦ ᠵᠠᠮ ᠨᠡᠪᠲᠡᠷᠡᠭᠦᠯᠭᠡ ᠲᠦᠬᠦᠮ ᠪᠤᠰᠤ ᠬᠦᠳᠡᠭᠡ ᠠᠴᠠ ᠪᠠᠨ ᠬᠤᠰᠢᠭᠤᠨ ᠤ ᠲᠦᠪ ᠪᠠᠶᠠᠨᠳᠤᠬᠤᠢ | ᠪᠠᠯᠭᠠᠰᠤᠨ ᠳᠤ ᠨᠡᠭᠦᠨ ᠢᠷᠡᠵᠦ ᠡᠮᠨᠡᠯᠭᠡ ᠶᠢ ᠪᠠᠷᠠᠭᠠᠳᠠᠵᠠᠢ᠃ ᠬᠦᠨᠳᠦ ᠡᠪᠡᠳᠴᠢᠨ ᠲᠡᠭᠦᠨ ᠤ ᠰᠤᠷ ᠬᠠᠷᠪᠤᠬᠤ ᠤᠷᠮ᠎ᠠ ᠵᠤᠷᠢᠭ ᠢ ᠮᠤᠬᠤᠭᠠᠵᠦ ᠴᠢᠳᠠᠭᠰᠠᠨ ᠦᠭᠡᠢ᠃ | ᠬᠠᠷᠢᠨ ᠬᠤᠰᠢᠭᠤᠨ ᠲᠦᠪ ᠲᠤ ᠠᠮᠢᠳᠤᠷᠠᠨ ᠰᠠᠭᠤᠬᠤ ᠪᠤᠯᠤᠭᠰᠠᠨ ᠨᠢ ᠲᠡᠭᠦᠨ ᠢ ᠲᠤᠮᠤ ᠵᠡᠷᠭᠡ ᠶᠢᠨ ᠤᠷᠤᠯᠳᠤᠭᠠᠨ ᠳᠤ ᠤᠷᠤᠯᠴᠠᠬᠤ ᠪᠠ ᠪᠦᠬᠦᠯᠢ ᠵᠢᠯ ᠳᠡᠭᠡᠨ | ᠡᠳᠦᠷ ᠪᠤᠯᠭᠠᠨ ᠪᠤᠯᠪᠠᠰᠤᠷᠠᠬᠤ ᠨᠦᠬᠦᠴᠡᠯ ᠲᠠᠢ ᠪᠤᠯᠭᠠᠵᠠᠢ᠃ ᠲᠡᠷᠡ ᠪᠤᠷᠢᠶᠠᠳ ᠰᠤᠷ ᠬᠠᠷᠪᠤᠭᠠᠨ ᠠᠴᠠ ᠭᠠᠳᠠᠨ᠎ᠠ ᠲᠦᠩᠬᠦ ᠬᠠᠷᠪᠤᠭᠠᠨ᠂ ᠰᠠᠷᠠᠨ ᠫᠠᠢ ᠶᠢᠨ | ᠬᠠᠷᠪᠤᠭᠠᠨ᠂ ᠮᠡᠷᠭᠡᠵᠢᠯ ᠤᠨ ᠬᠠᠷᠪᠤᠭᠠᠨ ᠵᠡᠷᠭᠡ ᠶᠢᠨ ᠮᠡᠷᠭᠡᠵᠢᠯ ᠢ ᠡᠵᠡᠮᠰᠢᠵᠦ ᠤᠷᠤᠯᠳᠤᠭᠠᠨ ᠲᠡᠮᠡᠴᠡᠭᠡᠨ ᠳᠤ ᠰᠢᠯᠢᠳᠡᠭ ᠬᠢᠷᠢ ᠪᠦᠲᠦᠮᠵᠢ ᠤᠯᠤᠭᠰᠠᠨ ᠪᠠᠶᠢᠨ᠎ᠠ᠃ | ᠡᠷᠳᠡᠮᠪᠢᠯᠢᠭ ᠰᠤᠷ ᠬᠠᠷᠪᠤᠭᠰᠠᠨ ᠭᠤᠴᠢ ᠭᠠᠷᠦᠢ ᠵᠢᠯ ᠤᠨ ᠬᠤᠭᠤᠴᠠᠭᠠᠨ ᠳᠤ ᠭᠡᠷ ᠪᠦᠯᠢ ᠶᠢᠨ ᠵᠢᠵᠢᠭ ᠬᠡᠯᠪᠡᠷᠢ ᠶᠢᠨ ᠤᠷᠤᠯᠳᠤᠭᠠᠨ ᠠᠴᠠ ᠡᠬᠢᠯᠡᠨ ᠶᠠᠩᠵᠦ | ᠪᠦᠷᠢ ᠶᠢᠨ ᠤᠷᠤᠯᠳᠤᠭᠠᠨ ᠪᠤᠯᠤᠨ ᠰᠤᠷ ᠬᠠᠷᠪᠤᠭᠠᠨ ᠤ ᠪᠤᠰᠤᠳ ᠦᠢᠯᠡ ᠠᠵᠢᠯᠯᠠᠭᠠᠨ ᠳᠤ ᠨᠠᠶᠢᠲᠡ 1000 ᠭᠠᠷᠤᠢ ᠤᠳᠠᠭ᠎ᠠ ᠤᠷᠤᠯᠴᠠᠭᠰᠠᠨ ᠪᠠᠶᠢᠨ᠎ᠠ᠃ | ᠳᠡᠬᠦᠨ ᠠᠴᠠ ᠳᠡᠬᠦᠵᠦ ᠳᠤᠷᠠᠳᠪᠠᠯ᠄ 2009 ᠤᠨ ᠳᠤ ᠡᠸᠡᠩᠬᠢ ᠶᠢᠨ ᠰᠧᠪᠵᠢᠬᠡᠨ ᠨᠠᠶᠢᠷ ᠵᠢᠴᠢ ᠠᠳᠤᠭᠤᠨ ᠰᠤᠶᠤᠯ ᠤᠨ ᠨᠠᠭᠠᠳᠤᠮ ᠳᠤ ᠰᠠᠷᠠᠨ ᠫᠠᠢ ᠶᠢᠨ | ᠬᠠᠷᠪᠤᠭᠠᠨ ᠳᠤ ︵ᠡᠷᠡᠭᠳᠡᠢ ᠶᠢᠨ ᠳᠤᠭᠤᠢᠢᠯᠠᠩ︶ ᠳᠡᠷᠢᠬᠦᠯᠡᠪᠡ᠃ 2009 ᠤᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠠᠷᠠᠳ ᠤᠨ ᠨᠠᠭᠠᠳᠤᠮ ᠤᠨ ᠲᠦᠡᠭᠬᠦ | ᠬᠠᠷᠪᠤᠯᠭ᠎ᠠ ᠶᠢᠨ ᠤᠷᠤᠯᠳᠤᠭᠠᠨ ᠳᠤ ᠭᠤᠷᠪᠠᠳᠤᠭᠠᠷ ᠳᠡᠰ ᠲᠤ ᠤᠷᠤᠪᠠ᠃ 2009 ᠤᠨ ᠳᠤ ᠬᠦᠯᠦᠨ ᠪᠤᠶᠢᠷ ᠬᠤᠳᠠ ᠶᠢᠨ ᠬᠤᠶᠠᠳᠤᠭᠠᠷ ᠬᠤᠭᠤᠴᠠᠭᠠᠨ ᠤ | ᠦᠨᠳᠦᠰᠦᠳᠡᠨ ᠤ ᠤᠯᠠᠮᠵᠢᠯᠠᠯᠳᠤ ᠪᠠᠶ᠎ᠠ ᠳᠠᠮᠢᠷ ᠤᠨ ᠴᠤᠭᠯᠠᠭᠠᠨ ᠤ ᠪᠠᠷᠢᠮᠵᠢᠶᠠᠳᠤ ᠫᠠᠢ ᠬᠠᠷᠪᠤᠯᠭ᠎ᠠ ᠶᠢᠨ ᠤᠷᠤᠯᠳᠤᠭᠠᠨ ᠳᠤ ᠭᠤᠷᠪᠠᠳᠤᠭᠠᠷ ᠳᠡᠰ ᠲᠤ ᠤᠷᠤᠪᠠ᠃ | 2009 ᠤᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ︽ᠪᠠᠷᠭᠤ ᠲᠦᠡᠭᠬᠦ ᠬᠠᠷᠪᠤᠯᠭ᠎ᠠ︾ ᠶᠢᠨ ᠳᠡᠯᠡᠬᠡᠢ ᠶᠢᠨ ᠬᠢᠨᠢᠰ ᠤᠨ ᠳᠡᠮᠳᠡᠭᠯᠡᠯ ᠢ ᠡᠬᠦᠳᠬᠦ ᠶᠡᠭᠡ | ᠤᠷᠤᠯᠳᠤᠭᠠᠨ ᠳᠤ ᠭᠤᠷᠪᠠᠳᠤᠭᠠᠷ ᠲᠤ ᠤᠷᠤᠪᠠ᠃ 2010 ᠤᠨ ᠳᠤ ︽ᠪᠠᠶᠠᠰᠬᠤᠯᠠᠩᠳᠤ ᠳᠠᠯ᠎ᠠ ᠨᠤᠳᠤᠭ︾ 2010 ᠤᠨ ᠤ ᠪᠦᠬᠦ ᠤᠷᠤᠨ ᠤ ᠤᠯᠠᠨ ᠲᠦᠮᠡᠨᠴᠢ | ᠪᠠᠶ᠎ᠠ ᠴᠢᠬᠢᠷᠠᠭᠵᠢᠭᠤᠯᠬᠤ ᠤᠷᠤᠯᠳᠤᠭᠠᠨ ᠳᠤ ᠤᠷᠤᠯᠴᠠᠭᠤᠯᠬᠤ ᠳᠡᠮᠢᠷᠴᠢᠨ ᠢ ᠰᠢᠯᠭᠠᠷᠠᠭᠤᠯᠬᠤ ᠪᠦᠬᠦ ᠬᠤᠳᠠ ᠶᠢᠨ ᠪᠠᠷᠢᠮᠵᠢᠶᠠᠳᠤ ᠫᠠᠢ ᠬᠠᠷᠪᠤᠯᠭ᠎ᠠ ᠶᠢᠨ | ᠤᠷᠤᠯᠳᠤᠭᠠᠨ ᠳᠤ ᠭᠤᠷᠪᠠᠳᠤᠭᠠᠷ ᠳᠡᠰ ᠲᠤ ᠳᠤᠳᠤᠷᠠᠪᠠ᠃ 2010 ᠤᠨ ᠳᠤ ᠦᠪᠦᠷ ᠮᠤᠩᠭᠤᠯ ᠤᠨ ᠡᠪᠤᠯ ᠤᠨ ᠵᠤᠭᠠᠴᠠᠯ ᠤᠨ ᠨᠠᠶᠢᠷ ᠵᠢᠴᠢ ᠡᠸᠡᠩᠬᠢ | ᠬᠤᠰᠢᠭᠤᠨ ᠤ ᠡᠪᠤᠯ ᠤᠨ ᠮᠦᠰᠦ ᠴᠠᠰᠤᠨ ᠤ ᠨᠠᠶᠢᠷ ᠤᠨ ᠲᠦᠡᠭᠬᠦ ᠬᠠᠷᠪᠤᠯᠭ᠎ᠠ ᠶᠢᠨ ᠤᠷᠤᠯᠳᠤᠭᠠᠨ ᠳᠤ ᠬᠤᠶᠠᠳᠤᠭᠠᠷ ᠲᠤ ᠳᠤᠳᠤᠷᠠᠵᠠᠢ᠃ 2011 ᠤᠨ ᠳᠤ | ᠰᠢᠨ᠎ᠠ ᠪᠠᠷᠭᠤ ᠵᠡᠬᠦᠨ ᠬᠤᠰᠢᠭᠤᠨ ᠤ ᠰᠢᠨᠠᠪᠤᠯᠠᠭ ᠰᠤᠮᠤᠨ ᠤ ᠰᠢᠨ᠎ᠠ ᠵᠢᠯ ᠢᠶᠠᠨ ᠤᠭᠳᠤᠬᠤ ᠮᠠᠯᠴᠢᠳ ᠤᠨ ᠡᠪᠤᠯ ᠤᠨ ᠤᠯᠠᠷᠢᠯ ᠤᠨ ᠨᠠᠭᠠᠳᠤᠮ ᠤᠨ ᠲᠦᠡᠭᠬᠦ | ᠬᠠᠷᠪᠤᠯᠭ᠎ᠠ ᠶᠢᠨ ᠤᠷᠤᠯᠳᠤᠭᠠᠨ ᠳᠤ ᠭᠤᠷᠪᠠᠳᠤᠭᠠᠷ ᠲᠤ ᠤᠷᠤᠪᠠ᠃ 2011 ᠤᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠴᠠᠭᠠᠨ ᠰᠠᠷ᠎ᠠ ᠶᠢᠨ ᠲᠦᠡᠭᠬᠦ | ᠬᠠᠷᠪᠤᠯᠭ᠎ᠠ ᠶᠢᠨ ᠤᠷᠤᠯᠳᠤᠭᠠᠨ ᠳᠤ ᠭᠤᠷᠪᠠᠳᠤᠭᠠᠷ ᠲᠤ᠂ ᠡᠸᠡᠩᠬᠢ ᠬᠤᠰᠢᠭᠤᠨ ᠤ ᠡᠪᠤᠯ ᠤᠨ ᠨᠠᠭᠠᠳᠤᠮ ᠤᠨ ᠪᠦᠯᠦᠩ ᠬᠠᠷᠪᠤᠯᠭ᠎ᠠ ᠶᠢᠨ ᠤᠷᠤᠯᠳᠤᠭᠠᠨ ᠳᠤ | ᠲᠦᠷᠪᠡᠳᠤᠬᠡᠷ ᠲᠤ ᠤᠷᠤᠵᠦ ᠪᠠᠶᠢᠪᠠ᠃ 2012 ᠤᠨ ᠳᠤ᠂ ᠬᠤᠶᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠤᠨ ᠬᠤᠷᠠᠯ ᠳᠡᠬᠡᠷ᠎ᠡ | ᠰᠤᠷ ᠬᠠᠷᠪᠤᠭᠠᠨ ᠤ ᠬᠦᠳᠡᠯᠳᠡᠭ ᠫᠠᠢ ᠬᠠᠷᠪᠤᠬᠤ ᠦᠵᠡᠬᠦᠯᠬᠡ ᠶᠢᠨ ᠤᠷᠤᠯᠳᠤᠭᠠᠨ ᠳᠤ ᠬᠤᠶᠠᠳᠤᠭᠠᠷ ᠨᠡᠷᠡᠰ ᠲᠤ᠂ ᠰᠤᠷ ᠬᠠᠷᠪᠤᠭᠠᠨ ᠤ ᠡᠷᠡᠭᠳᠡᠢ ᠶᠢᠨ | ᠳᠤᠭᠤᠢᠢᠯᠠᠩ ᠳᠤ ᠶᠢᠰᠦᠳᠦᠬᠡᠷ ᠲᠤ᠂ ᠤᠯᠠᠮᠵᠢᠯᠠᠯᠳᠤ ᠨᠤᠮᠤ ᠰᠤᠮᠤ ︵ᠤᠯᠤᠰ ᠤᠨ ᠭᠠᠳᠠᠭᠠᠳᠤ ᠪᠠᠷ ᠪᠠᠷᠢᠮᠵᠢᠶᠠᠯᠠᠭᠰᠠᠨ︶ ᠶᠢᠨ ᠬᠠᠷᠪᠤᠯᠭ᠎ᠠ ᠶᠢᠨ ᠠᠷᠪᠠᠨ | ᠭᠤᠷᠪᠠᠳᠤᠭᠠᠷ ᠨᠡᠷᠡᠰ ᠲᠤ ᠳᠤᠳᠤᠷᠠᠵᠦ ᠪᠠᠶᠢᠪᠠ᠃ ︽ᠮᠤᠩᠭᠤᠯ ᠤᠨ ᠭᠠᠷᠪᠠᠯᠢ · ᠡᠷᠬᠦᠨ᠎ᠠ ᠶᠢᠨ 2012 ᠤᠨ ᠤ ᠬᠠᠰᠠᠷ ᠤᠯᠠᠨ ᠤᠯᠤᠰ ᠤᠨ ᠤᠯᠠᠮᠵᠢᠯᠠᠯᠳᠤ ᠰᠤᠷ | ᠬᠠᠷᠪᠤᠭᠠᠨ ᠤ ᠨᠠᠶᠢᠷ︾ ᠳᠡᠬᠡᠷ᠎ᠡ ᠰᠤᠷ ᠬᠠᠷᠪᠤᠯᠭ᠎ᠠ ᠳᠤ ᠵᠢᠷᠭᠤᠳᠤᠭᠠᠷ ᠨᠡᠷᠡᠰ ᠲᠤ ᠳᠤᠳᠤᠷᠠᠵᠦ ᠪᠠᠶᠢᠵᠠᠢ᠃ ᠰᠢᠨ᠎ᠠ ᠪᠠᠷᠭᠤ ᠪᠠᠷᠠᠭᠤᠨ ᠬᠤᠰᠢᠭᠤᠨ ᠤ ᠴᠠᠭᠠᠨ | ᠰᠠᠷ᠎ᠠ ᠶᠢᠨ ᠲᠦᠡᠭᠬᠦ ᠬᠠᠷᠪᠤᠯᠭ᠎ᠠ ᠶᠢᠨ ᠤᠷᠤᠯᠳᠤᠭᠠᠨ ᠳᠤ ᠭᠤᠷᠪᠠᠳᠤᠭᠠᠷ ᠲᠤ᠂ ᠰᠢᠨ᠎ᠠ ᠪᠠᠷᠭᠤ ᠵᠡᠬᠦᠨ ᠬᠤᠰᠢᠭᠤᠨ ᠤ ᠭᠠᠨᠵᠤᠤᠷ ᠰᠤᠮᠤᠨ ᠤ ︽ᠤᠯᠠᠭᠠᠨᠪᠤᠯᠠᠭ | ᠬᠤᠨᠳᠠᠭᠠᠳᠤ︾ ᠲᠦᠡᠭᠬᠦ ᠬᠠᠷᠪᠤᠯᠭ᠎ᠠ ᠶᠢᠨ ᠤᠷᠢᠯᠭ᠎ᠠ ᠶᠢᠨ ᠤᠷᠤᠯᠳᠤᠭᠠᠨ ᠳᠤ ᠬᠤᠶᠠᠳᠤᠭᠠᠷ ᠲᠤ᠂ ᠡᠸᠡᠩᠬᠢ ᠬᠤᠰᠢᠭᠤᠨ ᠤ ᠰᠧᠪᠵᠢᠬᠡᠨ ᠨᠠᠶᠢᠷ ᠵᠢᠴᠢ ᠰᠤᠯᠤᠨ | ᠠᠶᠢᠮᠠᠭ ᠬᠢᠯᠢ ᠬᠠᠮᠠᠭᠠᠯᠠᠬᠤ ᠪᠠᠷ ᠬᠦᠯᠦᠨ ᠪᠤᠶᠢᠷ ᠲᠤ ᠰᠠᠭᠤᠭᠰᠠᠨ 280 ᠵᠢᠯ ᠤᠨ ᠤᠢ ᠶᠢ ᠪᠡᠯᠬᠡᠯᠡᠬᠦ ᠨᠠᠶᠢᠷ ᠤᠨ ᠪᠦᠯᠦᠩ ᠬᠠᠷᠪᠤᠯᠭ᠎ᠠ ᠶᠢᠨ ᠤᠷᠤᠯᠳᠤᠭᠠᠨ ᠳᠤ | ᠳᠤᠯᠤᠳᠤᠭᠠᠷ ᠲᠤ᠂ ᠬᠦᠯᠦᠨ ᠪᠤᠶᠢᠷ ᠬᠤᠳᠠ ᠶᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠲᠦᠡᠭᠬᠦ ᠬᠠᠷᠪᠤᠯᠭ᠎ᠠ ᠶᠢᠨ ᠤᠷᠤᠯᠳᠤᠭᠠᠨ ᠳᠤ | ᠲᠦᠷᠪᠡᠳᠦᠬᠡᠷ ᠲᠤ᠂ ᠬᠠᠭᠤᠴᠢᠨ ᠪᠠᠷᠭᠤ ᠬᠤᠰᠢᠭᠤᠨ ᠤ ᠠᠩᠬᠠᠳᠤᠭᠠᠷ ᠤᠳᠠᠭᠠᠨ ᠤ ︽ᠮᠠᠯᠴᠢᠨ ᠬᠤᠨᠳᠠᠭᠠᠳᠤ︾ ᠬᠠᠷᠪᠤᠯᠭ᠎ᠠ ᠶᠢᠨ ᠤᠷᠤᠯᠳᠤᠭᠠᠨ ᠤ | ᠢᠳᠡᠷᠴᠤᠳ ᠤᠨ ᠪᠦᠯᠦᠩ ᠬᠠᠷᠪᠤᠯᠭ᠎ᠠ ᠶᠢᠨ ᠤᠷᠤᠯᠳᠤᠭᠠᠨ ᠳᠤ ᠬᠤᠶᠠᠳᠤᠭᠠᠷ ᠲᠤ᠂ ᠰᠢᠨ᠎ᠠ ᠪᠠᠷᠭᠤ ᠵᠡᠬᠦᠨ ᠬᠤᠰᠢᠭᠤᠨ ᠤ ᠠᠩᠬᠠᠳᠤᠭᠠᠷ ᠤᠳᠠᠭᠠᠨ ᠤ ︽ᠠᠯᠳᠠᠨ | ᠵᠡᠪᠡ︾ ᠬᠤᠨᠳᠠᠭᠠᠳᠤ ᠱᠠᠩᠨᠠᠯᠳᠤ ᠤᠷᠤᠯᠳᠤᠭᠠᠨ ᠵᠢᠴᠢ ᠬᠤᠶᠠᠳᠤᠭᠠᠷ ᠤᠳᠠᠭᠠᠨ ᠤ ᠬᠠᠶᠢᠯᠠᠷ ᠳᠤᠭᠤᠷᠢᠭ᠂ ᠡᠷᠬᠦᠨ᠎ᠠ ᠬᠤᠳᠠ᠂ ᠮᠠᠯᠵᠢᠬᠤ ᠲᠦᠷᠪᠡᠨ ᠬᠤᠰᠢᠭᠤᠨ ᠤ | ᠲᠦᠡᠭᠬᠦ ᠬᠠᠷᠪᠤᠯᠭ᠎ᠠ ᠶᠢᠨ ᠨᠦᠬᠦᠷᠰᠡᠭ ᠤᠷᠤᠯᠳᠤᠭᠠᠨ ᠤ ᠢᠳᠡᠷᠴᠤᠳ ᠤᠨ ᠬᠠᠷᠪᠤᠯᠭ᠎ᠠ ᠶᠢᠨ ᠤᠷᠤᠯᠳᠤᠭᠠᠨ ᠳᠤ ᠬᠤᠪᠢ ᠬᠦᠮᠦᠨ ᠤ ᠲᠦᠷᠪᠡᠳᠦᠬᠡᠷ ᠲᠤ᠂ | ᠨᠢᠬᠡᠴᠢ ᠶᠢᠨ ᠤᠷᠤᠯᠳᠤᠭᠠᠨ ᠳᠤ ᠳᠡᠷᠢᠬᠦᠯᠡᠪᠡ᠃ 2013 ᠤᠨ ᠳᠤ ᠳᠤᠮᠳᠠᠳᠤ ᠤᠯᠤᠰ ᠤᠨ ᠪᠠᠷᠠᠭᠤᠨ ᠤᠷᠤᠨ ᠤ ᠨᠠᠭᠠᠳᠤᠮ ︵ᠨᠠᠢᠮᠠᠨ ᠮᠤᠵᠢ ᠤᠷᠤᠨ ᠤ︶ ᠳᠤ | ᠰᠤᠷ ᠬᠠᠷᠪᠤᠭᠠᠨ ᠤ ᠬᠤᠪᠢ ᠬᠦᠮᠦᠨ ᠤ ᠳᠤᠯᠤᠳᠤᠭᠠᠷ ᠨᠡᠷᠡᠰ ᠲᠤ ᠤᠷᠤᠵᠦ ᠪᠠᠶᠢᠪᠠ᠃ | ᠬᠦᠯᠦᠨ ᠪᠤᠶᠢᠷ ᠬᠤᠳᠠ ᠶᠢᠨ ᠠᠩᠬᠠᠳᠤᠭᠠᠷ ᠤᠳᠠᠭᠠᠨ ᠤ ᠬᠡᠷ ᠪᠦᠯᠢ ᠶᠢᠨ ᠲᠦᠡᠭᠬᠦ ᠬᠠᠷᠪᠤᠯᠭ᠎ᠠ ᠶᠢᠨ ᠤᠷᠤᠯᠳᠤᠭᠠᠨ ᠵᠢᠴᠢ ᠰᠢᠨ᠎ᠠ ᠪᠠᠷᠭᠤ ᠵᠡᠬᠦᠨ | ᠬᠤᠰᠢᠭᠤᠨ ᠤ ᠬᠤᠶᠠᠳᠤᠭᠠᠷ ᠤᠳᠠᠭᠠᠨ ᠤ ︽ᠰᠠᠷᠠᠨ︾ ᠬᠤᠨᠳᠠᠭᠠᠳᠤ ᠲᠦᠡᠭᠬᠦ ᠬᠠᠷᠪᠤᠯᠭ᠎ᠠ ᠶᠢᠨ ᠤᠷᠤᠯᠳᠤᠭᠠᠨ ᠤ ᠬᠡᠷ ᠪᠦᠯᠢ ᠶᠢᠨ ᠬᠠᠷᠪᠤᠯᠭ᠎ᠠ ᠳᠤ | ᠬᠤᠶᠠᠳᠤᠭᠠᠷ ᠲᠤ ᠤᠷᠤᠪᠠ᠃ 2013 ᠤᠨ ᠳᠤ ᠬᠠᠭᠤᠴᠢᠨ ᠪᠠᠷᠭᠤ ᠬᠤᠰᠢᠭᠤᠨ ᠤ ᠠᠷᠠᠳ ᠤᠨ ᠨᠠᠭᠠᠳᠤᠮ ᠤᠨ ᠲᠦᠡᠭᠬᠦ ᠬᠠᠷᠪᠤᠯᠭ᠎ᠠ ᠶᠢᠨ ᠤᠷᠤᠯᠳᠤᠭᠠᠨ ᠳᠤ | ᠲᠡᠷᠢᠬᠦᠯᠡᠪᠡ᠃ 2015 ᠤᠨ ᠳᠤ ᠬᠦᠯᠦᠨ ᠪᠤᠶᠢᠷ ᠬᠤᠳᠠ ᠶᠢᠨ ᠲᠦᠷᠪᠡᠳᠦᠬᠡᠷ ᠬᠤᠭᠤᠴᠠᠭᠠᠨ ᠤ ︽ᠡᠷᠡᠬᠡᠢ ᠮᠡᠷᠬᠡᠨ ᠬᠤᠨᠳᠠᠭᠠᠳᠤ︾ ᠤᠷᠤᠯᠳᠤᠭᠠᠨ ᠳᠤ | ᠲᠦᠷᠪᠡᠳᠦᠬᠡᠷ ᠲᠤ ᠤᠷᠤᠪᠠ᠃ 2016 ᠤᠨ ᠳᠤ ᠬᠦᠯᠦᠨ ᠪᠤᠶᠢᠷ ᠬᠤᠳᠠ ᠶᠢᠨ ᠳᠠᠪᠤᠳᠤᠭᠠᠷ ᠬᠤᠭᠤᠴᠠᠭᠠᠨ ᠤ ᠰᠤᠷ ᠬᠠᠷᠪᠤᠭᠠᠨ ᠤ ᠤᠷᠤᠯᠳᠤᠭᠠᠨ ᠵᠢᠴᠢ ᠡᠸᠡᠩᠬᠢ | ᠬᠤᠰᠢᠭᠤᠨ ᠤ ᠰᠢᠨᠡᠬᠡᠨ ᠰᠤᠷ ᠬᠠᠷᠪᠤᠭᠠᠨ ᠤ ᠨᠡᠶᠢᠬᠡᠮᠯᠢᠭ ᠤᠨ ᠬᠤᠶᠠᠳᠤᠭᠠᠷ ᠬᠤᠭᠤᠴᠠᠭᠠᠨ ᠤ ᠤᠷᠤᠯᠳᠤᠭᠠᠨ ᠳᠤ ᠨᠠᠰᠤᠳᠠᠶᠢᠴᠤᠳ ᠤᠨ ᠳᠤᠭᠤᠢᠢᠯᠠᠩ ᠤᠨ | ᠨᠢᠬᠡᠳᠦᠬᠡᠷ ᠳᠡᠰ ᠲᠤ ᠤᠷᠤᠪᠠ᠃ 2017 ᠳᠤᠮᠳᠠᠳᠤ ᠤᠯᠤᠰ · ᠤᠷᠴᠤᠨ ᠤ ᠤᠯᠠᠨ ᠤᠯᠤᠰ ᠤᠨ ᠰᠢᠭᠤᠢᠢᠳᠤ ᠠᠭᠤᠯᠠᠨ ᠳᠡᠬᠡᠷᠡᠬᠢ ᠪᠠᠶ᠎ᠠ ᠶᠢᠨ ᠳᠠᠮᠢᠷ ᠤᠨ | ᠨᠠᠶᠢᠷ ᠤᠨ ᠰᠤᠷ ᠬᠠᠷᠪᠤᠭᠠᠨ ᠤ ᠤᠷᠢᠯᠭ᠎ᠠ ᠶᠢᠨ ᠤᠷᠤᠯᠳᠤᠭᠠᠨ ᠤ ᠰᠦᠬᠦᠳᠴᠤ ᠬᠠᠷᠪᠤᠬᠤ ᠤᠷᠤᠯᠳᠤᠭᠠᠨ ᠳᠤ ᠳᠠᠪᠤᠳᠤᠭᠠᠷ ᠲᠤ᠂ ᠵᠤᠭᠰᠤᠭ᠎ᠠ ᠬᠠᠷᠪᠤᠬᠤ | ᠤᠷᠤᠯᠳᠤᠭᠠᠨ ᠳᠤ ᠳᠠᠪᠤᠳᠤᠭᠠᠷ ᠲᠤ ᠤᠷᠤᠵᠦ ᠪᠠᠶᠢᠪᠠ᠃ 2019 ᠤᠨ ᠳᠤ ᠡᠧᠡᠩᠬᠢ ᠬᠤᠰᠢᠭᠤᠨ ᠤ ᠡᠪᠦᠯ ᠤᠨ ᠨᠠᠶᠢᠷ ᠤᠨ ᠨᠠᠰᠤᠳᠠᠶᠢᠴᠤᠳ ᠤᠨ ᠪᠦᠯᠦᠩ | ᠬᠠᠷᠪᠤᠭ᠎ᠠ ᠳᠤ ᠲᠡᠷᠢᠬᠦᠯᠡᠪᠡ᠃ 2020 ᠤᠨ ᠳᠤ ︽ᠪᠠᠶᠠᠰᠬᠤᠯᠠᠩᠳᠤ ᠳᠠᠯ᠎ᠠ ᠨᠤᠳᠤᠭ︾ ᠪᠦᠬᠦ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠤᠯᠠᠨ | ᠲᠦᠮᠡᠨᠴᠢ ᠪᠠᠶ᠎ᠠ ᠴᠢᠬᠢᠷᠠᠭᠵᠢᠭᠤᠯᠬᠤ ᠤᠷᠤᠯᠳᠤᠭᠠᠨ ᠤ ᠰᠤᠷ ᠬᠠᠷᠪᠤᠭ᠎ᠠ ᠶᠢᠨ ᠤᠷᠤᠯᠳᠤᠭᠠᠨ ᠳᠤ ᠲᠡᠷᠢᠬᠦᠯᠡᠪᠡ᠃ ᠬᠦᠯᠦᠨ ᠪᠤᠶᠢᠷ ᠬᠤᠳᠠ ᠶᠢᠨ ᠦᠨᠳᠦᠰᠦᠳᠡᠨ ᠤ | ᠤᠯᠠᠮᠵᠢᠯᠠᠯᠳᠦ ᠲᠦᠡᠭᠬᠦ ᠪᠦᠯᠦᠩ ᠬᠠᠷᠪᠤᠭ᠎ᠠ ᠶᠢᠨ ᠴᠤᠯᠠ ᠤᠯᠭᠤᠬᠤ ᠤᠷᠤᠯᠳᠤᠭᠠᠨ ᠳᠤ ᠨᠠᠰᠤᠳᠠᠶᠢᠴᠤᠳ ᠤᠨ ᠪᠦᠯᠦᠩ ᠬᠠᠷᠪᠤᠭ᠎ᠠ ᠳᠤ ᠲᠡᠷᠢᠬᠦᠯᠡᠪᠡ᠃ 2020 | ᠤᠨ ᠤ ᠡᠧᠡᠩᠬᠢ ᠬᠤᠰᠢᠭᠤᠨ ᠤ ᠮᠦᠡᠭᠬᠦᠨ ᠡᠪᠦᠯ ᠤᠨ ᠴᠠᠰᠦ ᠮᠦᠰᠦᠨ ᠤ ᠰᠤᠶᠤᠯ ᠵᠤᠭᠠᠴᠠᠯ ᠤᠨ ᠨᠠᠶᠢᠷ ᠤᠨ ᠨᠠᠰᠤᠳᠠᠶᠢᠴᠤᠳ ᠤᠨ ᠪᠦᠯᠦᠩ ᠬᠠᠷᠪᠤᠭ᠎ᠠ ᠶᠢᠨ | ᠤᠷᠤᠯᠳᠤᠭᠠᠨ ᠳᠤ ᠲᠡᠷᠢᠬᠦᠯᠡᠪᠡ᠃ ︽ᠮᠢᠰᠢᠶᠡᠳᠠᠢ ᠯᠠᠮᠪᠤᠭᠠᠢ︾ ᠶᠢᠨ ᠴᠠᠭᠠᠭᠴᠢᠨ ᠦᠭᠡᠷ ᠵᠢᠯ ᠢᠶᠠᠨ ᠤᠭᠳᠤᠬᠤ ᠪᠦᠯᠦᠩ ᠬᠠᠷᠪᠤᠭ᠎ᠠ ᠶᠢᠨ ᠤᠷᠤᠯᠳᠤᠭᠠᠨ ᠳᠤ | ᠲᠡᠳ᠋ᠯᠡᠪᠡ᠃ 2021 ᠤᠨ ᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠ ᠤᠯᠤᠰ ᠤᠨ ᠪᠠᠶᠠᠷ ᠢ ᠪᠡᠯᠭᠡᠯᠡᠬᠦ᠂ ᠪᠠᠳᠮ᠎ᠠ ᠨᠠᠰᠤᠳᠠᠨ ᠤ ᠨᠠᠮ ᠳᠤ | ᠡᠯᠰᠡᠭᠳᠡᠭᠰᠡᠨ 50 ᠵᠢᠯ ᠤᠨ ᠤᠢ ᠪᠠᠨ ᠲᠤᠷᠠᠳᠬᠠᠨ ᠲᠡᠮᠳᠡᠭᠯᠡᠬᠦ ᠨᠠᠰᠤᠳᠠᠶᠢᠴᠤᠳ ᠤᠨ ᠪᠦᠯᠦᠩ ᠬᠠᠷᠪᠤᠭ᠎ᠠ ᠶᠢᠨ ᠤᠷᠤᠯᠳᠤᠭᠠᠨ ᠳᠤ ᠲᠡᠷᠢᠬᠦᠯᠡᠪᠡ᠃ ᠡᠧᠡᠩᠬᠢ | ᠬᠤᠰᠢᠭᠤᠨ ᠤ ᠰᠢᠨᠡᠭᠡᠨ ᠪᠠᠷᠠᠭᠤᠨ ᠰᠤᠮᠤᠨ ᠤ ᠲᠡᠮᠡᠭᠡᠨᠬᠦ᠋ᠵᠦᠬᠦᠦ ᠭᠠᠴᠠᠭ᠎ᠠ ᠶᠢᠨ ︽ᠲᠠᠷᠪᠠᠭᠠᠨ ᠬᠠᠶᠢᠷᠬᠠᠨ ᠲᠠᠬᠢᠯᠭ᠎ᠠ︾ ᠶᠢᠨ ᠨᠠᠶᠢᠷ ᠤᠨ ᠨᠠᠰᠤᠳᠠᠶᠢᠴᠤᠳ ᠤᠨ ᠰᠤᠷ | ᠬᠠᠷᠪᠤᠭ᠎ᠠ ᠳᠤ ᠲᠡᠷᠢᠬᠦᠯᠡᠪᠡ᠃ | ᠡᠧᠡᠩᠬᠢ ᠬᠤᠰᠢᠭᠤᠨ ᠤ ᠰᠢᠨᠡᠭᠡᠨ ᠪᠠᠷᠠᠭᠤᠨ ᠰᠤᠮᠤᠨ ᠤ ᠪᠠᠶᠠᠨᠬᠤᠰᠢᠭᠤ ᠭᠠᠴᠠᠭᠠᠨ ᠤ ︽ᠪᠠᠶᠠᠨᠬᠤᠰᠢᠭᠤ ᠤᠪᠤᠭ᠎ᠠ ᠲᠠᠬᠢᠯᠭ᠎ᠠ︾ ᠶᠢᠨ ᠨᠠᠶᠢᠷ ᠤᠨ | ᠨᠠᠰᠤᠳᠠᠶᠢᠴᠤᠳ ᠤᠨ ᠪᠦᠯᠦᠩ ᠬᠠᠷᠪᠤᠭ᠎ᠠ ᠳᠤ ᠲᠡᠷᠢᠬᠦᠯᠡᠪᠡ᠃ ᠡᠧᠡᠩᠬᠢ ᠬᠤᠰᠢᠭᠤᠨ ᠤ ᠰᠢᠨᠡᠭᠡᠨ ᠵᠡᠬᠦᠨ ᠰᠤᠮᠤᠨ ᠤ ︽ᠬᠠᠨ ᠠᠭᠤᠯᠠ ᠤᠪᠤᠭ᠎ᠠ ᠲᠠᠬᠢᠯᠭ᠎ᠠ︾ ᠶᠢᠨ | ᠨᠠᠶᠢᠷ ᠤᠨ ᠨᠠᠰᠤᠳᠠᠶᠢᠴᠤᠳ ᠤᠨ ᠪᠦᠯᠦᠩ ᠬᠠᠷᠪᠤᠭ᠎ᠠ ᠶᠢᠨ ᠤᠷᠤᠯᠳᠤᠭᠠᠨ ᠳᠤ ᠲᠡᠷᠢᠬᠦᠯᠡᠪᠡ᠃ ᠡᠧᠡᠩᠬᠢ ᠬᠤᠰᠢᠭᠤᠨ ᠤ ᠰᠢᠨᠡᠭᠡᠨ ᠵᠡᠬᠦᠨ ᠰᠤᠮᠤᠨ ᠤ ᠦᠢᠳᠭᠡᠨ | ᠭᠠᠴᠠᠭ᠎ᠠ ᠶᠢᠨ ︽ᠪᠠᠶᠠᠨ ᠴᠤᠭ ᠤᠪᠤᠭ᠎ᠠ ᠲᠠᠬᠢᠯᠭ᠎ᠠ︾ ᠶᠢᠨ ᠨᠠᠶᠢᠷ ᠤᠨ ᠨᠠᠰᠤᠳᠠᠶᠢᠴᠤᠳ ᠤᠨ ᠪᠦᠯᠦᠩ ᠬᠠᠷᠪᠤᠭ᠎ᠠ ᠶᠢᠨ ᠤᠷᠤᠯᠳᠤᠭᠠᠨ ᠳᠤ ᠲᠡᠷᠢᠬᠦᠯᠡᠪᠡ᠃ | ᠡᠧᠡᠩᠬᠢ ᠬᠤᠰᠢᠭᠤᠨ ᠤ ᠰᠢᠨᠡᠭᠡᠨ ᠵᠡᠬᠦᠨ ᠰᠤᠮᠤᠨ ᠤ ᠪᠦᠷᠢᠳᠦ ᠭᠠᠴᠠᠭᠠᠨ ᠤ ᠭᠠᠴᠠᠭ᠎ᠠ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠨᠠᠶᠢᠷ ᠤᠨ | ᠨᠠᠰᠤᠳᠠᠶᠢᠴᠤᠳ ᠤᠨ ᠪᠦᠯᠦᠩ ᠬᠠᠷᠪᠤᠭ᠎ᠠ ᠶᠢᠨ ᠤᠷᠤᠯᠳᠤᠭᠠᠨ ᠳᠤ ᠲᠡᠷᠢᠬᠦᠯᠡᠪᠡ᠃ |