ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠠᠵᠢᠯ ᠭᠦᠨ ᠳᠠᠪᠬᠤᠷᠭ᠎ᠠ ᠲᠡᠢᠰᠢ ᠬᠥᠭᠵᠢᠬᠦ ᠶᠢ ᠠᠬᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠨ | ᠵᠢᠷᠤᠮᠵᠢᠭᠤᠯᠵᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠶᠢ ᠡᠷᠴᠢᠮᠵᠢᠭᠦᠯᠵᠦ᠂ ᠥᠷᠭᠡᠨ ᠣᠯᠠᠨ | ᠨᠠᠮ ᠤᠨ ᠭᠡᠰᠢᠭᠦᠨ ᠳᠤ ᠨᠠᠮ ᠤᠨ ᠳᠣᠲᠣᠭᠠᠳᠤ ᠶᠢᠨ ᠬᠡᠷᠡᠭ ᠶᠠᠪᠤᠳᠠᠯ ᠢ ᠨᠡᠩ ᠰᠠᠶᠢᠲᠤᠷ ᠤᠶᠢᠯᠠᠭᠠᠭᠤᠯᠬᠤ ᠪᠠ ᠣᠷᠣᠯᠴᠠᠭᠤᠯᠵᠤ᠂ ᠠᠷᠠᠳ ᠣᠯᠠᠨ ᠢ ᠵᠣᠬᠢᠶᠠᠨ | ᠪᠠᠶᠢᠭᠤᠯᠵᠤ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠷᠥ | ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ | ᠦᠨᠳᠦᠰᠦᠯᠡᠨ ᠲᠤᠰ ᠳᠦᠷᠢᠮ ᠢ ᠲᠣᠭᠲᠠᠭᠠᠵᠠᠢ᠃ | ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠨᠠᠮ ᠤᠨ ᠶᠠᠪᠤᠳᠠᠯ ᠢ ᠢᠯᠡ ᠪᠣᠯᠭᠠᠬᠤ ᠭᠡᠳᠡᠭ ᠨᠢ ᠨᠠᠮ ᠤᠨ ᠵᠣᠬᠢᠶᠠᠨ ᠪᠠᠶᠢᠭᠤᠯᠤᠯᠲᠠ ᠠᠴᠠ | ᠨᠠᠮ ᠤᠨ ᠤᠳᠤᠷᠢᠳᠬᠤ ᠠᠵᠢᠯᠯᠠᠭ᠎ᠠ ᠥᠷᠨᠢᠭᠦᠯᠦᠭᠰᠡᠨ᠂ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠭᠰᠠᠨ ᠲᠤᠬᠠᠢ ᠶᠠᠪᠤᠳᠠᠯ ᠢ ᠲᠣᠭᠲᠠᠭᠠᠯ ᠶᠣᠰᠣᠭᠠᠷ | ᠨᠠᠮ ᠤᠨ ᠳᠣᠲᠣᠭᠠᠳᠤ ᠳᠤ ᠪᠤᠶᠤ ᠨᠠᠮ ᠤᠨ ᠭᠠᠳᠠᠭᠠᠳᠤ ᠳᠤ ᠢᠯᠡ ᠪᠣᠯᠭᠠᠬᠤ ᠶᠢ ᠬᠡᠯᠡᠵᠦ ᠪᠠᠢᠨ᠎ᠠ᠃ | ᠭᠤᠷᠪᠠᠳᠤᠭᠠᠷ ᠵᠦᠢᠯ ᠲᠤᠰ ᠳᠦᠷᠢᠮ ᠨᠢ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠠᠵᠢᠯ ᠤᠨ ᠪᠠᠶᠢᠭᠤᠯᠭ᠎ᠠ ᠵᠢᠴᠢ ᠪᠤᠰᠤᠳ ᠨᠠᠮ ᠤᠨ | ᠵᠣᠬᠢᠶᠠᠨ ᠪᠠᠶᠢᠭᠤᠯᠤᠯᠲᠠ ᠳᠤ ᠴᠥᠮ ᠲᠣᠬᠢᠷᠠᠨ᠎ᠠ᠃ | ᠳᠥᠷᠪᠡᠳᠦᠭᠡᠷ ᠵᠦᠢᠯ ᠨᠠᠮ ᠤᠨ ᠶᠠᠪᠤᠳᠠᠯ ᠢ ᠢᠯᠡ ᠪᠣᠯᠭᠠᠬᠤ ᠳᠤ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠃ | ︵ᠨᠢᠭᠡ︶ ᠵᠥᠪ ᠴᠢᠭᠯᠡᠯ ᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ | ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠣᠢ ᠪᠣᠯᠭᠠᠨ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠶᠢᠨ ᠳᠤᠮᠳᠠ ᠲᠠᠯᠪᠢᠵᠤ ᠪᠠᠢᠭᠠᠳ ᠲᠥᠯᠥᠪᠯᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠲᠡᠭᠦᠯᠳᠡᠷᠵᠢᠭᠦᠯᠬᠦ ᠱᠠᠭᠠᠷᠳᠠᠯᠭ᠎ᠠ ᠶᠢ ᠨᠠᠮ ᠤᠨ ᠶᠠᠪᠤᠳᠠᠯ ᠢ ᠢᠯᠡ ᠪᠣᠯᠭᠠᠬᠤ ᠪᠦᠬᠦ ᠶᠠᠪᠤᠴᠠ ᠪᠣᠯᠤᠨ ᠪᠦᠬᠦ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ | ︵ᠬᠤᠶᠠᠷ︶ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠭᠡᠰᠢᠭᠦᠳ ᠤᠨ ᠠᠷᠠᠳᠴᠢᠯᠠᠯ ᠤᠨ ᠡᠷᠬᠡ ᠶᠢ ᠪᠠᠲᠤᠯᠠᠵᠤ᠂ ᠨᠠᠮ ᠤᠨ | ᠭᠡᠰᠢᠭᠦᠳ ᠤᠨ ᠪᠠᠶᠢᠳᠠᠯ ᠢ ᠤᠶᠢᠯᠠᠭᠠᠬᠤ ᠡᠷᠬᠡ᠂ ᠣᠷᠣᠯᠴᠠᠬᠤ ᠡᠷᠬᠡ᠂ ᠰᠣᠩᠭᠤᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠵᠤ᠂ ᠪᠦᠬᠦ ᠨᠠᠮ ᠤᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ ᠳᠠᠢᠴᠢᠯᠠᠨ ᠨᠠᠮ ᠤᠨ ᠭᠡᠰᠢᠭᠦᠳ ᠪᠣᠯᠤᠨ ᠣᠯᠠᠨ ᠲᠦᠮᠡᠨ ᠤ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠦᠭᠴᠤ᠂ ᠢᠯᠡ ᠪᠣᠯᠭᠠᠬᠤ ᠪᠠᠷ ᠨᠠᠢᠳᠠᠪᠤᠷᠢᠵᠢᠭᠤᠯᠬᠤ ᠶᠢ ᠠᠬᠢᠭᠤᠯᠵᠤ᠂ ᠬᠢᠨᠠᠯᠲᠠ ᠲᠠᠯᠪᠢᠬᠤ ᠶᠢ | ᠠᠬᠢᠭᠤᠯᠵᠤ᠂ ᠬᠠᠯᠠᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ | ︵ᠭᠤᠷᠪᠠ︶ ᠢᠳᠡᠪᠬᠢᠲᠡᠢ ᠯᠠᠪᠳᠠᠭᠤᠨ ᠪᠠᠢᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠪᠣᠯᠤᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠵᠤᠯᠭᠠᠯᠴᠠᠭ᠎ᠠ ᠬᠠᠮᠲᠤᠷᠠᠯᠴᠠᠭ᠎ᠠ ᠶᠢ ᠴᠢᠬᠤᠯᠠᠴᠢᠯᠠᠵᠤ᠂ ᠡᠯ᠎ᠡ ᠱᠠᠲᠤ ᠳᠠᠪᠬᠤᠷᠭ᠎ᠠ᠂ ᠡᠯ᠎ᠡ ᠬᠦᠷᠢᠶᠡᠨ ᠤ ᠨᠠᠮ ᠤᠨ ᠶᠠᠪᠤᠳᠠᠯ ᠢ ᠢᠯᠡ ᠪᠣᠯᠭᠠᠬᠤ | ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠡᠩ ᠤᠨ ᠪᠠᠶᠢᠳᠠᠯ ᠳᠤ ᠤᠷᠢᠳ ᠢᠶᠠᠷ ᠨᠠᠮ ᠤᠨ ᠳᠣᠲᠣᠭᠠᠳᠤ ᠳᠤ ᠢᠯᠡ ᠪᠣᠯᠭᠠᠵᠤ ᠳᠠᠷᠠᠭ᠎ᠠ ᠨᠢ ᠨᠠᠮ ᠤᠨ | ᠭᠠᠳᠠᠭᠠᠳᠤ ᠳᠤ ᠢᠯᠡ ᠪᠣᠯᠭᠠᠵᠤ᠂ ᠲᠥᠷᠥᠯ ᠬᠤᠪᠢᠶᠠᠨ ᠬᠡᠷᠡᠭᠵᠢᠭᠦᠯᠵᠦ᠂ ᠪᠣᠳᠠᠲᠠᠢ ᠦᠷ᠎ᠡ ᠪᠦᠲᠦᠮᠵᠢ ᠣᠯᠬᠤ ᠶᠢ ᠡᠷᠬᠢᠮᠯᠡᠬᠦ ᠬᠡᠷᠡᠭᠲᠡᠢ᠃ | ︵ᠳᠥᠷᠪᠡ︶ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠳᠦᠷᠢᠮ ᠢ ᠬᠦᠨᠳᠦᠳᠬᠡᠵᠦ᠂ ᠲᠣᠭᠲᠠᠭᠠᠯ ᠶᠣᠰᠣᠭᠠᠷ ᠨᠠᠮ ᠢ | ᠵᠠᠰᠠᠵᠤ᠂ ᠬᠠᠤᠯᠢ ᠶᠣᠰᠣᠭᠠᠷ ᠠᠵᠢᠯ ᠡᠷᠬᠢᠯᠡᠵᠦ᠂ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ᠂ ᠬᠦᠷᠢᠶ᠎ᠡ ᠬᠡᠪᠴᠢᠶ᠎ᠡ᠂ ᠳᠡᠰ ᠳᠠᠷᠠᠭᠠᠯᠠᠯ ᠪᠣᠯᠤᠨ ᠠᠷᠭ᠎ᠠ | ᠬᠡᠯᠪᠡᠷᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠲᠥᠪ ᠬᠢᠴᠢᠶᠡᠩᠭᠦᠢ ᠴᠢᠨᠠᠷ ᠪᠠ ᠢᠲᠡᠭᠡᠭᠦᠯᠬᠦ ᠬᠦᠴᠦᠨ ᠢ ᠴᠢᠩᠭᠠᠳᠬᠠᠵᠤ᠂ ᠨᠠᠮ ᠤᠨ ᠶᠠᠪᠤᠳᠠᠯ ᠢ ᠢᠯᠡ | ᠪᠣᠯᠭᠠᠬᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠨᠠᠮ ᠤᠨ ᠲᠥᠪ ᠬᠤᠷᠢᠶ᠎ᠠ ᠠᠴᠠ ᠨᠢᠭᠡᠳᠦᠯᠲᠡᠢ ᠤᠳᠤᠷᠢᠳᠴᠤ᠂ ᠣᠷᠣᠨ ᠨᠤᠲᠤᠭ ᠤᠨ ᠨᠠᠮ ᠤᠨ ᠬᠤᠷᠢᠶ᠎ᠠ ᠱᠠᠲᠤ ᠬᠤᠪᠢᠶᠠᠨ | ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠭᠰᠡᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠥᠪ ᠬᠤᠷᠢᠶᠠᠨ ᠤ ᠠᠯᠪᠠᠨ ᠲᠢᠩᠬᠢᠮ ᠤᠨ ᠬᠢᠨ ᠨᠠᠮ ᠤᠨ ᠲᠥᠪ ᠬᠤᠷᠢᠶᠠᠨ ᠤ ᠨᠠᠮ ᠤᠨ | ᠶᠠᠪᠤᠳᠠᠯ ᠢ ᠢᠯᠡ ᠪᠣᠯᠭᠠᠬᠤ ᠪᠣᠳᠠᠲᠠᠢ ᠠᠵᠢᠯ ᠢ ᠬᠠᠷᠢᠭᠤᠴᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠪᠦᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠ ᠱᠠᠯᠠᠪᠳᠠᠨ ᠵᠢᠯᠣᠭᠤᠳᠤᠨ᠎ᠠ᠃ ᠣᠷᠣᠨ ᠨᠤᠲᠤᠭ ᠤᠨ ᠨᠠᠮ ᠤᠨ ᠬᠤᠷᠢᠶᠠᠨ ᠤ ᠠᠯᠪᠠᠨ ᠲᠢᠩᠬᠢᠮ ︵ᠠᠯᠪᠠᠨ ᠭᠡᠷ︶ ᠲᠤᠰ ᠱᠠᠲᠤᠨ ᠤ ᠨᠠᠮ ᠤᠨ | ᠬᠤᠷᠢᠶᠠᠨ ᠤ ᠨᠠᠮ ᠤᠨ ᠶᠠᠪᠤᠳᠠᠯ ᠢ ᠢᠯᠡ ᠪᠣᠯᠭᠠᠬᠤ ᠪᠣᠳᠠᠲᠠᠢ ᠠᠵᠢᠯ ᠢ ᠬᠠᠷᠢᠭᠤᠴᠠᠵᠤ᠂ ᠲᠤᠰ ᠭᠠᠵᠠᠷ ᠣᠷᠣᠨ ᠤ ᠪᠠᠨ ᠨᠠᠮ ᠤᠨ ᠶᠠᠪᠤᠳᠠᠯ ᠢ ᠢᠯᠡ ᠪᠣᠯᠭᠠᠬᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠨ ᠵᠢᠯᠣᠭᠤᠳᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠪᠣᠯᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠵᠢᠷᠭᠤᠳᠤᠭᠠᠷ ᠵᠦᠢᠯ | ᠨᠠᠮ ᠤᠨ ᠵᠣᠬᠢᠶᠠᠨ ᠪᠠᠶᠢᠭᠤᠯᠤᠯᠲᠠ ᠡᠭᠦᠷᠭᠡᠯᠡᠵᠦ ᠪᠠᠶᠢᠭ᠎ᠠ ᠡᠭᠦᠷᠭᠡ ᠲᠤᠰᠢᠶᠠᠯ ᠢᠶᠠᠨ ᠦᠨᠳᠦᠰᠦᠯᠡᠵᠦ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ᠂ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠬᠤ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ |