ᠬᠤᠶᠠᠳᠤᠭᠠᠷ ᠪᠦᠯᠦᠭ ᠢᠯᠡ ᠪᠣᠯᠭᠠᠬᠤ ᠠᠭᠤᠯᠭ᠎ᠠ ᠪᠣᠯᠤᠨ ᠬᠦᠷᠢᠶ᠎ᠡ ᠬᠡᠪᠴᠢᠶ᠎ᠡ | ᠳᠣᠯᠣᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠤᠭᠰᠠᠨ ᠪᠠᠶᠢᠳᠠᠯ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ ᠵᠢᠴᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠴᠢᠳᠠᠪᠬᠢ᠂ ᠪᠠᠶᠢᠭᠤᠯᠤᠮᠵᠢ ᠵᠡᠷᠭᠡ ᠶᠢᠨ ᠪᠠᠶᠢᠳᠠᠯ᠂ ᠨᠠᠮ ᠪᠣᠯᠤᠨ ᠤᠯᠤᠰ ᠤᠨ ᠨᠢᠭᠤᠴᠠ ᠳᠤ ᠬᠤᠯᠪᠣᠭᠳᠠᠵᠤ ᠢᠯᠡ ᠪᠣᠯᠭᠠᠬᠤ ᠳᠤ | ᠵᠣᠬᠢᠬᠤ ᠦᠭᠡᠢ ᠪᠤᠶᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠢᠯᠡ ᠪᠣᠯᠭᠠᠬᠤ ᠳᠤ ᠵᠣᠬᠢᠬᠤ ᠦᠭᠡᠢ ᠶᠠᠪᠤᠳᠠᠯ ᠠᠴᠠ ᠪᠤᠰᠤᠳ ᠢ ᠨᠢ ᠡᠩ ᠤᠨ ᠪᠠᠶᠢᠳᠠᠯ ᠳᠤ ᠢᠯᠡ | ᠪᠣᠯᠭᠠᠬᠤ ᠬᠡᠷᠡᠭᠲᠡᠢ᠃ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳ ᠲᠦᠮᠡᠨ ᠢᠶᠠᠷ ᠡᠷᠬᠡ ᠳᠤ ᠬᠢᠨᠠᠯᠲᠠ | ᠲᠠᠯᠪᠢᠭᠤᠯᠵᠤ᠂ ᠡᠷᠬᠡ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠳᠤ ᠤᠯᠤᠰ ᠲᠥᠷᠥ ᠶᠢᠨ ᠠᠮᠤᠷ ᠲᠦᠪᠰᠢᠨ | ᠢᠯᠠᠩᠭᠤᠶ᠎ᠠ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠢᠭᠤᠯᠤᠯ ᠤᠨ ᠠᠮᠤᠷ ᠲᠦᠪᠰᠢᠨ ᠵᠢᠴᠢ ᠠᠵᠤ ᠠᠬᠤᠢ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ | ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠪᠣᠯᠤᠨ ᠠᠷᠠᠳ | ᠢᠷᠭᠡᠳ ᠤᠨ ᠠᠮᠤᠷ ᠲᠦᠪᠰᠢᠨ ᠳᠤ ᠰᠦᠷᠳᠡᠭᠦᠯᠦᠯ ᠪᠣᠯᠵᠣ ᠪᠣᠯᠬᠤ ᠦᠭᠡᠢ᠃ | ᠨᠠᠢᠮᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠶᠠᠪᠤᠳᠠᠯ ᠪᠣᠯᠤᠨ ᠨᠠᠮ ᠤᠨ ᠭᠡᠰᠢᠭᠦᠨ᠂ ᠣᠯᠠᠨ ᠲᠦᠮᠡᠨ ᠳᠤ ᠬᠤᠯᠪᠣᠭᠳᠠᠬᠤ ᠬᠡᠮᠵᠢᠶ᠎ᠡ ᠶᠢ | ᠦᠨᠳᠦᠰᠦᠯᠡᠵᠦ ᠢᠯᠡ ᠪᠣᠯᠭᠠᠬᠤ ᠬᠦᠷᠢᠶ᠎ᠡ ᠬᠡᠪᠴᠢᠶ᠎ᠡ ᠪᠠᠨ ᠵᠣᠬᠢᠰᠲᠠᠢ ᠲᠣᠭᠲᠠᠭᠠᠬᠤ ᠬᠡᠷᠡᠭᠲᠡᠢ᠄ ︵ᠨᠢᠭᠡ︶ ᠠᠵᠤ ᠠᠬᠤᠢ ᠨᠡᠶᠢᠭᠡᠮ ᠤᠨ ᠬᠥᠭᠵᠢᠯᠲᠡ ᠶᠢ | ᠤᠳᠤᠷᠢᠳᠤᠭᠰᠠᠨ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠭᠰᠠᠨ ᠨᠠᠮ ᠤᠨ ᠶᠠᠪᠤᠳᠠᠯ ᠢ ᠨᠡᠶᠢᠭᠡᠮ ᠳᠤ ᠢᠯᠡ ᠨᠡᠶᠢᠲᠡᠯᠡᠨ᠎ᠡ︔ ︵ᠬᠤᠶᠠᠷ︶ | ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠪᠤᠶᠤ ᠨᠠᠮ ᠤᠨ ᠭᠡᠰᠢᠭᠦᠨ ᠤ ᠡᠷᠬᠡ ᠡᠭᠦᠷᠭᠡ ᠲᠠᠢ ᠬᠤᠯᠪᠣᠭᠳᠠᠬᠤ᠂ ᠪᠦᠬᠦ ᠨᠠᠮ ᠤᠨ ᠭᠡᠰᠢᠭᠦᠨ ᠤ | ᠨᠡᠶᠢᠳᠡᠮ ᠳᠤ ᠪᠠᠨ ᠮᠡᠳᠡᠬᠦ ᠶᠣᠰᠣᠲᠠᠢ ᠪᠠ ᠵᠢᠷᠤᠮᠯᠠᠨ ᠬᠡᠷᠡᠭᠵᠢᠭᠦᠯᠬᠦ ᠶᠣᠰᠣᠲᠠᠢ ᠨᠠᠮ ᠤᠨ ᠶᠠᠪᠤᠳᠠᠯ ᠢ ᠪᠦᠬᠦ ᠨᠠᠮ ᠳᠤ ᠢᠯᠡ ᠨᠡᠶᠢᠲᠡᠯᠡᠨ᠎ᠡ︔ ︵ᠭᠤᠷᠪᠠ︶ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠨᠠᠮ ᠤᠨ ᠶᠠᠪᠤᠳᠠᠯ ᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠳᠤ ᠢᠯᠡ | ᠨᠡᠶᠢᠲᠡᠯᠡᠨ᠎ᠡ︔ ︵ᠳᠥᠷᠪᠡ︶ ᠣᠨᠴᠠ ᠵᠠᠷᠢᠮ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠴᠢᠬᠤᠯᠠ ᠠᠰᠢᠭ ᠲᠤᠰᠠ ᠳᠤ | ᠬᠤᠯᠪᠣᠭᠳᠠᠬᠤ ᠨᠠᠮ ᠤᠨ ᠶᠠᠪᠤᠳᠠᠯ ᠢ ᠣᠨᠴᠠ ᠵᠠᠷᠢᠮ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠢᠯᠡ ᠨᠡᠶᠢᠲᠡᠯᠡᠨ᠎ᠡ᠃ | ᠶᠢᠰᠦᠳᠦᠭᠡᠷ ᠵᠦᠢᠯ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ | ᠢᠯᠡ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ᠂ ᠲᠥᠷᠥ ᠶᠢ ᠵᠠᠰᠠᠵᠤ ᠵᠠᠰᠠᠭ ᠢ ᠡᠷᠬᠢᠯᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠨᠠᠮ ᠤᠨ ᠲᠥᠪ ᠬᠤᠷᠢᠶᠠᠨ ᠤ ᠴᠢᠬᠤᠯᠠ ᠬᠤᠷᠠᠯ᠂ | ᠠᠵᠢᠯᠯᠠᠭ᠎ᠠ ᠪᠣᠯᠤᠨ ᠴᠢᠬᠤᠯᠠ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ᠂ ᠨᠠᠮ ᠤᠨ ᠲᠥᠪ ᠬᠤᠷᠢᠶ᠎ᠠ᠂ ᠲᠥᠪ ᠤᠨ ᠤᠯᠤᠰ ᠲᠥᠷᠥ ᠶᠢᠨ ᠲᠣᠪᠴᠢᠶ᠎ᠠ᠂ | ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠭᠰᠠᠨ ᠵᠡᠷᠭᠡ ᠪᠠᠶᠢᠳᠠᠯ᠃ | ᠠᠷᠪᠠᠳᠤᠭᠠᠷ ᠵᠦᠢᠯ ᠨᠠᠮ ᠤᠨ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠳᠣᠣᠷᠠᠬᠢ ᠠᠭᠤᠯᠭ᠎ᠠ ᠶᠢ ᠢᠯᠡ ᠪᠣᠯᠭᠠᠬᠤ ᠬᠡᠷᠡᠭᠲᠡᠢ᠄ ︵ᠨᠢᠭᠡ︶ ᠨᠠᠮ ᠤᠨ | ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠵᠤ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠭᠰᠠᠨ ᠪᠠᠶᠢᠳᠠᠯ︔ ︵ᠬᠤᠶᠠᠷ︶ ᠲᠤᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ᠂ | ᠴᠢᠬᠤᠯᠠ ᠶᠡᠭᠡ ᠥᠭᠡᠷᠡᠴᠢᠯᠡᠯᠲᠡ ᠶᠢᠨ ᠤᠴᠢᠷ ᠶᠠᠪᠤᠳᠠᠯ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠵᠡᠷᠭᠡ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠣᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠵᠢᠴᠢ ᠬᠦᠨᠳᠤ ᠶᠡᠭᠡ ᠭᠡᠨᠡᠳᠲᠡ ᠡᠭᠦᠰᠦᠭᠰᠡᠨ ᠬᠡᠷᠡᠭ ᠢ ᠠᠷᠭᠠᠴᠠᠨ ᠰᠢᠢᠳᠪᠦᠷᠢᠯᠡᠭᠰᠡᠨ | ᠪᠠᠶᠢᠳᠠᠯ︔ ︵ᠭᠤᠷᠪᠠ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳᠴᠢᠯᠠᠯ ᠲᠥᠪᠯᠡᠷᠡᠯ ᠤᠨ | ᠶᠣᠰᠣ ᠶᠢ ᠪᠠᠷᠢᠮᠲᠠᠯᠠᠨ ᠲᠤᠭᠤᠰᠢᠯᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠲᠤᠰ ᠭᠠᠵᠠᠷ ᠣᠷᠣᠨ ᠤ | ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠠᠷᠢᠭᠤᠴᠠᠭᠰᠠᠨ ᠪᠠᠶᠢᠳᠠᠯ︔ ︵ᠳᠥᠷᠪᠡ︶ ᠲᠤᠰ ᠭᠠᠵᠠᠷ ᠣᠷᠣᠨ ᠤ ᠨᠠᠮ ᠤᠨ ᠴᠢᠬᠤᠯᠠ ᠬᠤᠷᠠᠯ᠂ ᠠᠵᠢᠯᠯᠠᠭ᠎ᠠ | ᠪᠣᠯᠤᠨ ᠴᠢᠬᠤᠯᠠ ᠶᠡᠭᠡ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠭᠰᠠᠨ ᠪᠠᠶᠢᠳᠠᠯ︔ ︵ᠲᠠᠪᠤ︶ ᠨᠠᠮ ᠤᠨ ᠣᠷᠣᠨ ᠨᠤᠲᠤᠭ ᠤᠨ ᠬᠤᠷᠢᠶ᠎ᠠ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠭᠰᠠᠨ ᠵᠡᠷᠭᠡ ᠪᠠᠶᠢᠳᠠᠯ︔ ︵ᠵᠢᠷᠭᠤᠭ᠎ᠠ︶ ᠪᠤᠰᠤᠳ ᠢᠯᠡ ᠪᠣᠯᠭᠠᠪᠠᠯ ᠵᠣᠬᠢᠬᠤ ᠨᠠᠮ ᠤᠨ ᠶᠠᠪᠤᠳᠠᠯ᠃ | ᠠᠷᠪᠠᠨ ᠨᠢᠭᠡᠳᠦᠭᠡᠷ ᠵᠦᠢᠯ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠣᠣᠷᠠᠬᠢ ᠠᠭᠤᠯᠭ᠎ᠠ ᠶᠢ ᠢᠯᠡ ᠪᠣᠯᠭᠠᠬᠤ ᠬᠡᠷᠡᠭᠲᠡᠢ᠄ ︵ᠨᠢᠭᠡ︶ | ᠨᠠᠮ ᠤᠨ ᠲᠥᠪ ᠬᠤᠷᠢᠶ᠎ᠠ ᠪᠠ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠵᠤ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠭᠰᠠᠨ ᠪᠠᠶᠢᠳᠠᠯ︔ ︵ᠬᠤᠶᠠᠷ︶ ᠲᠤᠰᠢᠶᠠᠯ ᠤᠨ ᠬᠤᠭᠤᠴᠠᠭᠠᠨ ᠤ ᠠᠵᠢᠯ ᠤᠨ ᠬᠠᠷᠠᠯᠲᠠ᠂ ᠱᠠᠲᠤᠴᠢ ᠴᠢᠨᠠᠷᠲᠠᠢ ᠠᠵᠢᠯ ᠤᠨ ᠪᠠᠶᠢᠷᠢᠯᠠᠭᠤᠯᠤᠯᠲᠠ᠂ | ᠭᠤᠣᠯᠳᠠᠯᠭ᠎ᠠ ᠲᠠᠢ ᠠᠵᠢᠯ ᠤᠨ ᠡᠭᠦᠷᠭᠡ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ︔ ︵ᠭᠤᠷᠪᠠ︶ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠵᠤ᠂ | ᠨᠠᠮ ᠤᠨ ᠳᠣᠲᠣᠭᠠᠳᠤ ᠳᠤ ᠰᠤᠷᠤᠯᠴᠠᠯᠭ᠎ᠠ ᠬᠥᠮᠦᠵᠢᠯ ᠥᠷᠨᠢᠭᠦᠯᠦᠭᠰᠡᠨ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠥᠮᠦᠵᠢᠭᠦᠯᠦᠨ ᠪᠣᠯᠪᠠᠰᠤᠷᠠᠭᠤᠯᠤᠭᠰᠠᠨ᠂ | ︽ᠭᠤᠷᠪᠠᠨ ᠬᠤᠷᠠᠯ ᠨᠢᠭᠡ ᠬᠢᠴᠢᠶᠡᠯ︾ ᠦᠨ ᠳᠦᠷᠢᠮ ᠢ ᠬᠡᠷᠡᠭᠵᠢᠭᠦᠯᠦᠭᠰᠡᠨ ᠵᠡᠷᠭᠡ ᠪᠠᠶᠢᠳᠠᠯ︔ ︵ᠳᠥᠷᠪᠡ︶ ᠬᠤᠭᠤᠴᠠᠭ᠎ᠠ ᠰᠣᠯᠢᠬᠤ ᠰᠣᠩᠭᠤᠭᠤᠯᠢ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ᠂ ᠨᠠᠮ ᠤᠨ ᠭᠡᠰᠢᠭᠦᠨ ᠡᠯᠰᠡᠭᠰᠡᠨ᠂ ᠠᠷᠠᠳᠴᠢᠯᠠᠯ ᠢᠶᠠᠷ ᠦᠨᠡᠯᠡᠭᠰᠡᠨ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠢ ᠬᠤᠷᠠᠯᠳᠤᠭᠤᠯᠤᠭᠰᠠᠨ᠂ ᠨᠠᠮ ᠤᠨ ᠭᠡᠰᠢᠭᠦᠨ ᠤ ᠡᠷᠬᠡ ᠶᠢ ᠪᠠᠲᠤᠯᠠᠭᠰᠠᠨ᠂ ᠨᠠᠮ ᠤᠨ ᠰᠦᠢᠳᠬᠡᠯ ᠬᠤᠷᠢᠶᠠᠨ ᠲᠤᠰᠢᠶᠠᠵᠤ ᠬᠡᠷᠡᠭᠯᠡᠵᠦ | ᠬᠠᠮᠢᠶᠠᠷᠤᠭᠰᠠᠨ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠠᠶᠢᠳᠠᠯ︔ ︵ᠲᠠᠪᠤ︶ ︽ᠳᠥᠷᠪᠡᠨ ᠰᠤᠷᠲᠠᠯ︾ ᠤᠨ | ᠦᠵᠡᠭᠳᠡᠯ ᠢ ᠰᠡᠷᠭᠡᠶᠢᠯᠡᠨ ᠵᠠᠯᠠᠷᠠᠭᠤᠯᠵᠤ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠭᠰᠡᠨ ᠪᠠᠶᠢᠳᠠᠯ︔ ︵ᠵᠢᠷᠭᠤᠭ᠎ᠠ︶ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠴᠢᠩᠭᠠᠳᠬᠠᠵᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠭᠰᠡᠨ ᠪᠠ ᠰᠠᠬᠢᠯᠭ᠎ᠠ ᠪᠠᠲᠤ ᠶᠢᠨ ᠰᠢᠢᠳᠭᠡᠯ ᠦᠭᠬᠦᠭᠰᠡᠡ ᠪᠠᠶᠢᠳᠠᠯ︔ ︵ | ᠳᠣᠯᠤᠭ᠎ᠠ︶ ᠪᠤᠰᠤᠳ ᠢᠯᠡ ᠪᠣᠯᠭᠠᠪᠠᠯ ᠵᠣᠬᠢᠬᠤ ᠨᠠᠮ ᠤᠨ ᠶᠠᠪᠤᠳᠠᠯ᠃ | ᠠᠷᠪᠠᠨ ᠬᠤᠶᠠᠳᠤᠭᠠᠷ ᠵᠦᠢᠯ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠳᠣᠣᠷᠠᠬᠢ ᠮᠡᠲᠦ ᠠᠭᠤᠯᠭ᠎ᠠ ᠶᠢ ᠢᠯᠡ ᠪᠣᠯᠭᠠᠬᠤ ᠬᠡᠷᠡᠭᠲᠡᠢ᠃ ︵ᠨᠢᠭᠡ︶ | ᠨᠠᠮ ᠤᠨ ᠲᠥᠪ ᠬᠤᠷᠢᠶᠠᠨ ᠤ ᠶᠡᠭᠡ ᠪᠣᠳᠣᠯᠭ᠎ᠠ ᠴᠢᠭᠯᠡᠯᠲᠡ ᠪᠣᠯᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ | ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠲᠤᠰ ᠱᠠᠲᠤᠨ ᠤ ᠨᠠᠮ ᠤᠨ ᠬᠤᠷᠢᠶ᠎ᠠ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠠᠵᠢᠯ ᠢ | ᠪᠠᠶᠢᠷᠢᠯᠠᠭᠤᠯᠤᠭᠰᠠᠨ ᠪᠠᠶᠢᠳᠠᠯ︔ ︵ᠬᠤᠶᠠᠷ︶ ᠰᠠᠬᠢᠯᠭ᠎ᠠ ᠪᠠᠲᠤ ᠶᠢᠨ ᠬᠥᠮᠦᠵᠢᠯ ᠥᠷᠨᠢᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠴᠢᠩᠭᠠᠳᠬᠠᠨ᠂ | ᠨᠠᠮ ᠤᠨ ᠳᠦᠷᠢᠮ ᠲᠣᠭᠲᠠᠭᠠᠯ ᠪᠣᠯᠤᠨ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠭᠰᠠᠨ ᠪᠠᠶᠢᠳᠠᠯ︔ ︵ᠭᠤᠷᠪᠠ︶ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠵᠥᠷᠢᠴᠡᠭᠰᠡᠨ᠂ ᠣᠯᠠᠨ ᠲᠦᠮᠡᠨ ᠤ ᠳᠡᠷᠭᠡᠳᠡ ᠭᠠᠷᠤᠭᠰᠠᠨ᠂ ᠮᠠᠭᠤ ᠨᠥᠯᠥᠭᠡ ᠦᠵᠡᠭᠦᠯᠦᠭᠰᠡᠨ ᠲᠥᠪ ᠪᠤᠰᠤ ᠰᠤᠷᠲᠠᠯ ᠪᠣᠯᠤᠨ ᠢᠯᠵᠢᠷᠡᠯ ᠤᠨ | ᠠᠰᠠᠭᠤᠳᠠᠯ ᠢ ᠪᠠᠢᠴᠠᠭᠠᠨ ᠰᠢᠢᠳᠪᠦᠷᠢᠯᠡᠭᠰᠡᠨ ᠪᠠᠶᠢᠳᠠᠯ︔ ︵ᠳᠥᠷᠪᠡ︶ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢ ᠬᠦᠨᠲᠦ ᠨᠣᠴᠢᠲᠠᠢ | ᠵᠥᠷᠢᠴᠡᠵᠦ ᠬᠠᠤᠯᠢ ᠶᠢ ᠵᠥᠷᠢᠴᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠳ ᠢ ᠬᠡᠷᠡᠭ ᠪᠣᠯᠭᠠᠨ ᠳᠠᠩᠰᠠᠯᠠᠵᠤ ᠬᠢᠨᠠᠨ ᠪᠠᠶᠢᠴᠠᠭᠠᠭᠰᠠᠨ᠂ ᠵᠣᠬᠢᠶᠠᠨ ᠪᠠᠶᠢᠭᠤᠯᠤᠯᠲᠠ ᠠᠴᠠ | ᠬᠢᠨᠠᠨ ᠪᠠᠶᠢᠴᠠᠭᠠᠭᠰᠠᠨ ᠪᠠ ᠨᠠᠮ ᠠᠴᠠ ᠬᠥᠭᠡᠭᠡᠬᠦ ᠰᠢᠢᠳᠭᠡᠯ ᠦᠭᠭᠦᠭᠰᠡᠡ ᠪᠠᠶᠢᠳᠠᠯ︔ ︵ᠲᠠᠪᠤ︶ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠬᠦᠨᠳᠤ ᠨᠣᠴᠢᠲᠠᠢ | ᠬᠠᠷᠢᠭᠤᠴᠠᠯᠭ᠎ᠠ ᠪᠠᠨ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ︔ ︵ᠵᠢᠷᠭᠤᠭ᠎ᠠ︶ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠭᠰᠠᠨ ᠪᠠᠶᠢᠳᠠᠯ︔ ︵ᠳᠣᠯᠤᠭ᠎ᠠ︶ ᠪᠤᠰᠤᠳ ᠢᠯᠡ ᠪᠣᠯᠭᠠᠪᠠᠯ ᠵᠣᠬᠢᠬᠤ ᠨᠠᠮ ᠤᠨ ᠶᠠᠪᠤᠳᠠᠯ᠃ | ᠠᠷᠪᠠᠨ ᠭᠤᠷᠪᠠᠳᠤᠭᠠᠷ ᠵᠦᠢᠯ ᠨᠠᠮ ᠤᠨ ᠠᠵᠢᠯ ᠤᠨ ᠪᠠᠶᠢᠭᠤᠯᠭ᠎ᠠ᠂ ᠨᠠᠮ ᠤᠨ ᠬᠤᠷᠢᠶ᠎ᠠ ᠠᠴᠠ ᠲᠣᠮᠢᠯᠠᠭᠰᠠᠨ ᠪᠠᠶᠢᠭᠤᠯᠭ᠎ᠠ᠂ ᠨᠠᠮ ᠤᠨ ᠬᠤᠷᠢᠶᠠᠨ ᠤ | ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠲᠤᠰ ᠳᠦᠷᠢᠮ ᠤᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠢᠭᠠᠳ ᠢᠯᠡ ᠪᠣᠯᠭᠠᠬᠤ ᠠᠭᠤᠯᠭ᠎ᠠ ᠪᠠᠨ ᠲᠣᠭᠲᠠᠭᠠᠬᠤ ᠬᠡᠷᠡᠭᠲᠡᠢ᠃ ᠨᠠᠮ ᠤᠨ | ᠠᠵᠢᠯ ᠤᠨ ᠪᠠᠶᠢᠭᠤᠯᠭ᠎ᠠ ᠪᠣᠯᠤᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠠᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ ᠨᠠᠮ ᠤᠨ | ᠬᠤᠷᠢᠶ᠎ᠠ ᠠᠴᠠ ᠲᠣᠮᠢᠯᠠᠭᠰᠠᠨ ᠪᠠᠶᠢᠭᠤᠯᠭ᠎ᠠ ᠨᠠᠮ ᠤᠨ ᠬᠤᠷᠢᠶ᠎ᠠ ᠶᠢ ᠲᠥᠯᠥᠭᠡᠯᠡᠵᠦ ᠲᠤᠰ ᠭᠠᠵᠠᠷ ᠣᠷᠣᠨ᠂ ᠲᠤᠰ ᠬᠦᠷᠢᠶ᠎ᠡ᠂ ᠲᠤᠰ ᠠᠵᠢᠯ ᠲᠥᠷᠥᠯ᠂ ᠲᠤᠰ | ᠰᠢᠰᠲ᠋ᠧᠮ ᠤᠨ ᠨᠠᠮ ᠤᠨ ᠠᠵᠢᠯ ᠢ ᠤᠳᠤᠷᠢᠳᠤᠭᠰᠠᠨ ᠪᠠᠶᠢᠳᠠᠯ ᠢᠶᠠᠨ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ ᠨᠠᠮ ᠤᠨ ᠤᠳᠤᠷᠢᠳᠬᠤ ᠳᠤᠭᠤᠢᠯᠠᠩ ᠲᠤᠰ | ᠨᠢᠭᠡᠴᠢ ᠳᠤ ᠪᠠᠨ ᠤᠳᠤᠷᠢᠳᠬᠤ ᠦᠢᠯᠡᠳᠦᠯ ᠪᠠᠳᠠᠷᠠᠭᠤᠯᠤᠭᠰᠠᠨ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠲᠤᠰ ᠳᠦᠷᠢᠮ ᠳᠤ ᠲᠣᠭᠲᠠᠭᠠᠭᠰᠠᠨ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ | ᠪᠣᠯᠤᠨ ᠬᠦᠷᠢᠶ᠎ᠡ ᠬᠡᠪᠴᠢᠶᠡᠨ ᠳᠤ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠲᠣᠭᠲᠠᠭᠠᠬᠤ ᠪᠥᠭᠡᠳ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠵᠦ ᠬᠥᠳᠡᠯᠦᠩᠭᠦᠢ ᠲᠣᠬᠢᠷᠠᠭᠤᠯᠤᠯᠲᠠ ᠬᠢᠯᠭᠡᠬᠦ ᠪᠠᠷ ᠱᠠᠭᠠᠷᠳᠠᠬᠤ ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠨᠠᠮ ᠤᠨ ᠳᠡᠭᠡᠳᠦ ᠨᠢᠭᠡ | ᠱᠠᠲᠤᠨ ᠤ ᠵᠣᠬᠢᠶᠠᠨ ᠪᠠᠶᠢᠭᠤᠯᠤᠯᠲᠠ ᠳᠤ ᠮᠡᠳᠡᠭᠦᠯᠵᠦ ᠳᠠᠩᠰᠠᠯᠠᠭᠤᠯᠬᠤ ᠪᠥᠭᠡᠳ ᠲᠣᠭᠲᠠᠭᠠᠯ ᠶᠣᠰᠣᠭᠠᠷ ᠨᠠᠮ ᠤᠨ ᠳᠣᠲᠣᠭᠠᠳᠤ ᠳᠤ ᠪᠤᠶᠤ ᠨᠡᠶᠢᠭᠡᠮ ᠳᠤ ᠢᠯᠡ | ᠪᠣᠯᠭᠠᠬᠤ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠥᠪ ᠤᠨ ᠡᠯ᠎ᠡ ᠰᠠᠯᠠᠭ᠎ᠠ ᠮᠥᠴᠢᠷ ᠡᠷᠬᠡᠪᠰᠢ ᠲᠤᠰ ᠰᠢᠰᠲ᠋ᠧᠮ ᠲᠤᠰ | ᠬᠦᠷᠢᠶᠡᠨ ᠤ ᠪᠠᠨ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠪᠢᠴᠢᠬᠦ ᠠᠵᠢᠯ ᠢ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ |