ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/7/12
       ᠭᠤᠷᠪᠠᠳᠤᠭᠠᠷ ᠪᠦᠯᠦᠭ ᠢᠯᠡ ᠪᠣᠯᠭᠠᠬᠤ ᠳᠡᠰ ᠳᠠᠷᠠᠭᠠᠯᠠᠯ ᠬᠢᠭᠡᠳ ᠠᠷᠭ᠎ᠠ ᠬᠡᠯᠪᠡᠷᠢ        ᠠᠷᠪᠠᠨ ᠲᠠᠪᠤᠳᠤᠭᠠᠷ ᠵᠦᠢᠯ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠲᠤ ᠵᠢᠭᠰᠠᠭᠠᠭᠳᠠᠭᠰᠠᠨ ᠤᠴᠢᠷ ᠶᠠᠪᠤᠳᠠᠯ ᠪᠦᠬᠦᠨ ᠢ ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠳᠣᠣᠷᠠᠬᠢ ᠳᠡᠰ ᠳᠠᠷᠠᠭᠠᠯᠠᠯ ᠶᠣᠰᠣᠭᠠᠷ ᠴᠠᠭ ᠲᠤᠬᠠᠢ ᠳᠤᠨᠢ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ ᠬᠡᠷᠡᠭᠲᠡᠢ᠄        ︵ᠨᠢᠭᠡ︶ ᠳᠤᠷᠠᠳᠬᠤ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠮ ᠤᠨ ᠶᠠᠪᠤᠳᠠᠯ ᠢ ᠢᠯᠡ ᠪᠣᠯᠭᠠᠬᠤ ᠲᠥᠰᠦᠯ ᠢ ᠰᠤᠳᠤᠯᠤᠨ ᠳᠤᠷᠠᠳᠴᠤ᠂ ᠢᠯᠡ ᠪᠣᠯᠭᠠᠬᠤ ᠠᠭᠤᠯᠭ᠎ᠠ᠂ ᠬᠦᠷᠢᠶ᠎ᠡ ᠬᠡᠪᠴᠢᠶ᠎ᠡ᠂ ᠴᠠᠭ᠂ ᠠᠷᠭ᠎ᠠ ᠬᠡᠯᠪᠡᠷᠢ ᠵᠡᠷᠭᠡ ᠶᠢ ᠲᠣᠭᠲᠠᠭᠠᠨ᠎ᠠ᠃       ︵ᠬᠤᠶᠠᠷ︶ ᠬᠢᠨᠠᠨ ᠬᠠᠷᠭᠤᠭᠤᠯᠬᠤ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠬᠢᠬᠦ ᠶᠢᠨ ᠬᠠᠮᠲᠤ᠂ ᠴᠢᠬᠤᠯᠠ ᠴᠢᠨᠠᠷ᠂ ᠣᠨᠣᠪᠴᠢᠲᠤ ᠴᠢᠨᠠᠷ ᠵᠡᠷᠭᠡ ᠲᠠᠯ᠎ᠠ ᠪᠠᠷ ᠬᠢᠨᠠᠨ ᠬᠠᠷᠭᠤᠭᠤᠯᠤᠨ᠎ᠠ᠃       ︵ᠭᠤᠷᠪᠠ︶ ᠬᠢᠨᠠᠨ ᠵᠥᠪᠰᠢᠶᠡᠷᠡᠬᠦ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠡᠷᠬᠡ ᠲᠤᠰᠢᠶᠠᠯ ᠢᠶᠠᠨ ᠦᠨᠳᠦᠰᠦᠯᠡᠨ ᠨᠠᠮ ᠤᠨ ᠶᠠᠪᠤᠳᠠᠯ ᠢ ᠢᠯᠡ ᠪᠣᠯᠭᠠᠬᠤ ᠲᠥᠰᠦᠯ ᠢ ᠬᠢᠨᠠᠨ ᠵᠥᠪᠰᠢᠶᠡᠷᠡᠵᠦ᠂ ᠡᠷᠬᠡ ᠲᠤᠰᠢᠶᠠᠯ ᠤᠨ ᠬᠡᠪᠴᠢᠶᠡᠨ ᠠᠴᠠ ᠳᠠᠪᠠᠭᠰᠠᠨ ᠪᠠᠶᠢᠪᠠᠯ ᠡᠷᠬᠡᠪᠰᠢ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠦᠨ ᠵᠥᠪᠰᠢᠶᠡᠷᠡᠭᠦᠯᠦᠨ᠎ᠡ᠃       ︵ᠳᠥᠷᠪᠡ︶ ᠬᠡᠷᠡᠭᠵᠢᠭᠦᠯᠬᠦ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠥᠪᠰᠢᠶᠡᠷᠡᠭᠦᠯᠦᠭᠰᠡᠨ ᠲᠥᠰᠦᠯ ᠶᠣᠰᠣᠭᠠᠷ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠡᠷᠡᠭᠵᠢᠭᠦᠯᠦᠨ᠎ᠡ᠃       ᠠᠷᠪᠠᠨ ᠵᠢᠷᠭᠤᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠪᠣᠯᠤᠨ ᠬᠦᠷᠢᠶ᠎ᠡ ᠬᠡᠪᠴᠢᠶ᠎ᠡ ᠶᠢ ᠦᠨᠳᠦᠰᠦᠯᠡᠵᠦ᠂ ᠢᠯᠡ ᠪᠣᠯᠭᠠᠬᠤ ᠲᠣᠬᠢᠷᠠᠮᠵᠢᠲᠠᠢ ᠠᠷᠭ᠎ᠠ ᠬᠡᠯᠪᠡᠷᠢ ᠶᠢ ᠰᠣᠩᠭᠤᠬᠤ ᠬᠡᠷᠡᠭᠲᠡᠢ᠃ ᠨᠠᠮ ᠤᠨ ᠳᠣᠲᠣᠭᠠᠳᠤ ᠳᠤ ᠢᠯᠡ ᠪᠣᠯᠭᠠᠬᠤ ᠳᠤ ᠪᠠᠨ᠂ ᠡᠩ ᠤᠨ ᠪᠠᠶᠢᠳᠠᠯ ᠳᠣᠣᠷ᠎ᠠ ᠬᠤᠷᠠᠯ ᠬᠢᠬᠦ᠂ ᠪᠢᠴᠢᠭ ᠮᠠᠲ᠋ᠧᠷᠢᠶᠠᠯ ᠪᠢᠴᠢᠵᠦ ᠪᠠᠭᠤᠯᠭᠠᠬᠤ᠂ ᠲᠣᠪᠴᠢ ᠰᠣᠨᠢᠨ ᠨᠠᠶᠢᠷᠠᠭᠤᠯᠤᠨ ᠲᠠᠷᠬᠠᠭᠠᠬᠤ᠂ ᠬᠡᠰᠡᠭ ᠬᠡᠪᠴᠢᠶᠡᠨ ᠤ ᠰᠦᠯᠵᠢᠶ᠎ᠡ ᠪᠠᠷ ᠨᠡᠶᠢᠲᠡᠯᠡᠬᠦ ᠵᠡᠷᠭᠡ ᠬᠡᠯᠪᠡᠷᠢ ᠶᠢ ᠬᠡᠷᠡᠭᠯᠡᠨ᠎ᠡ᠃ ᠨᠡᠶᠢᠭᠡᠮ ᠳᠤ ᠢᠯᠡ ᠪᠣᠯᠭᠠᠬᠤ ᠳᠤ ᠪᠠᠨ᠂ ᠡᠩ ᠤᠨ ᠪᠠᠶᠢᠳᠠᠯ ᠳᠣᠣᠷ᠎ᠠ ᠠᠯᠪᠠᠨ ᠮᠡᠳᠡᠭᠡ ᠨᠡᠶᠢᠲᠡᠯᠡᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ᠂ ᠰᠤᠷᠪᠤᠯᠵᠢᠯᠠᠭ᠎ᠠ ᠬᠦᠯᠢᠶᠡᠬᠦ᠂ ᠰᠣᠨᠢᠨ ᠰᠡᠳᠬᠦᠯ᠂ ᠷᠠᠳᠢᠣ᠋᠂ ᠲᠧᠯᠸᠢᠰ᠂ ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ᠂ ᠢᠯᠡ ᠨᠡᠶᠢᠲᠡᠯᠡᠬᠦ ᠰᠠᠮᠪᠠᠷ᠎ᠠ ᠳᠤ ᠨᠡᠶᠢᠲᠡᠯᠡᠬᠦ ᠵᠡᠷᠭᠡ ᠠᠷᠭ᠎ᠠ ᠬᠡᠯᠪᠡᠷᠢ ᠶᠢ ᠬᠡᠷᠡᠭᠯᠡᠨ᠎ᠡ᠂ ᠭᠡᠬᠦ ᠳᠤ ᠪᠠᠨ ᠡᠩ ᠲᠡᠷᠢᠭᠦᠨ ᠳᠤ ᠨᠠᠮ ᠤᠨ ᠰᠣᠨᠢᠨ ᠰᠡᠳᠬᠦᠯ᠂ ᠷᠠᠳᠢᠣ᠋ ᠲᠧᠯᠸᠢᠰ ᠬᠤᠷᠢᠶ᠎ᠠ᠂ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶᠡᠨ ᠤ ᠥᠷᠲᠡᠭᠡ ᠵᠡᠷᠭᠡ ᠨᠠᠮ ᠤᠨ ᠵᠠᠭᠤᠴᠢᠯᠠᠭᠤᠷ ᠲᠤ ᠨᠡᠶᠢᠲᠡᠯᠡᠨ᠎ᠡ᠃ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠭ᠎ᠠ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠨᠠᠮ ᠤᠨ ᠬᠤᠷᠢᠶ᠎ᠠ ᠵᠢᠴᠢ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠣᠷᠣᠨ ᠨᠤᠲᠤᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠭ᠎ᠠ ᠨᠠᠮ ᠤᠨ ᠬᠤᠷᠢᠶᠠᠨ ᠤ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠵᠤᠷᠰᠢᠯᠳᠤ ᠨᠡᠶᠢᠲᠡᠯᠡᠬᠦ ᠳᠦᠷᠢᠮ ᠢ ᠠᠯᠬᠤᠮ ᠠᠯᠬᠤᠮ ᠢᠶᠠᠷ ᠲᠣᠭᠲᠠᠭᠠᠵᠤ᠂ ᠨᠠᠮ ᠤᠨ ᠶᠠᠪᠤᠳᠠᠯ ᠤᠨ ᠲᠠᠯ᠎ᠠ ᠪᠠᠷ ᠬᠢ ᠴᠢᠬᠤᠯᠠ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠬᠦ ᠬᠡᠷᠡᠭᠲᠡᠢ᠃       ᠠᠷᠪᠠᠨ ᠳᠣᠯᠣᠳᠤᠭᠠᠷ ᠵᠦᠢᠯ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ᠂ ᠲᠣᠰᠬᠤᠨ ︵ᠰᠠᠭᠤᠭᠠᠯᠢ ᠠᠷᠠᠳ ᠤᠨ ᠲᠣᠭᠤᠷᠢᠭ︶ ᠤᠨ ᠶᠠᠪᠤᠳᠠᠯ ᠢ ᠢᠯᠡ ᠪᠣᠯᠭᠠᠬᠤ᠂ ᠣᠯᠠᠨ ᠨᠡᠢᠲᠡ ᠶᠢᠨ ᠠᠵᠢᠯ ᠦᠢᠯᠡᠰ ᠤᠨ ᠨᠢᠭᠡᠴᠢ ᠶᠢᠨ ᠠᠵᠢᠯ ᠦᠢᠯᠡᠰ ᠡᠷᠬᠢᠯᠡᠬᠦ ᠶᠢ ᠢᠯᠡ ᠪᠣᠯᠭᠠᠬᠤ ᠵᠡᠷᠭᠡ ᠲᠠᠯ᠎ᠠ ᠶᠢᠨ ᠠᠴᠢᠶᠠᠯᠠᠪᠤᠷᠢ ᠪᠣᠯᠤᠨ ᠲᠠᠪᠴᠠᠩ ᠢᠶᠠᠷ ᠳᠠᠮᠵᠢᠨ ᠬᠠᠮᠲᠤᠪᠠᠷ ᠡᠳ᠋ᠯᠡᠬᠦ ᠶᠢ ᠪᠡᠶᠡᠯᠡᠭᠦᠯᠵᠦ ᠳᠡᠶᠢᠯᠪᠡᠯ᠂ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠬᠡᠷᠡᠭᠲᠡᠢ᠃ ᠨᠥᠬᠦᠴᠡᠯ ᠲᠠᠢ ᠨᠠᠮ ᠤᠨ ᠵᠣᠬᠢᠶᠠᠨ ᠪᠠᠶᠢᠭᠤᠯᠤᠯᠲᠠ ᠨᠢ ᠨᠢᠭᠡᠳᠦᠯᠲᠡᠢ ᠨᠠᠮ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠪᠠᠶᠢᠭᠤᠯᠵᠤ ᠪᠤᠯᠤᠨ᠎ᠠ᠃       ᠠᠷᠪᠠᠨ ᠨᠠᠢᠮᠠᠳᠤᠭᠠᠷ ᠵᠦᠢᠯ ᠨᠠᠮ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠢᠨᠠᠨ ᠬᠡᠮᠵᠢᠵᠦ ᠬᠠᠷᠢᠭᠤ ᠳᠤᠰᠬᠠᠬᠤ ᠠᠵᠢᠯ ᠢ ᠴᠢᠬᠤᠯᠠᠴᠢᠯᠠᠵᠤ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠲᠤᠰᠬᠠᠯ ᠭᠠᠷᠤᠭᠰᠠᠨ ᠪᠠᠶᠢᠪᠠᠯ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠦᠨᠡᠨ ᠪᠣᠳᠠᠲᠠᠢ ᠪᠤᠰᠤ᠂ ᠪᠦᠷᠢᠨ ᠭᠦᠢᠴᠡᠳ ᠪᠤᠰᠤ᠂ ᠣᠨᠣᠪᠴᠢ ᠦᠭᠡᠢ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠭᠠᠷᠠᠭᠤᠯᠤᠨ ᠲᠤᠳᠤᠷᠬᠠᠶᠢᠯᠠᠵᠤ ᠬᠥᠲᠥᠯᠦᠨ ᠵᠢᠯᠣᠭᠤᠳᠬᠤ ᠬᠡᠷᠡᠭᠲᠡᠢ᠃ ᠠᠷᠪᠠ ᠶᠢᠰᠦᠳᠦᠭᠡᠷ ᠵᠦᠢᠯ ᠨᠠᠮ ᠤᠨ ᠭᠡᠰᠢᠭᠦᠨ ᠨᠠᠮ ᠤᠨ ᠬᠤᠷᠢᠶᠠᠨ ᠤ ᠬᠤᠷᠠᠯ ᠢ ᠰᠤᠯᠠ ᠰᠣᠨᠣᠰᠬᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠬᠤᠷᠢᠶᠠᠨ ᠤ ᠬᠤᠷᠠᠯ ᠳᠤ ᠰᠤᠯᠠ ᠣᠷᠣᠯᠴᠠᠬᠤ᠂ ᠨᠠᠮ ᠤᠨ ᠳᠣᠲᠣᠭᠠᠳᠤᠬᠢ ᠪᠠᠶᠢᠳᠠᠯ ᠢ ᠢᠯᠡ ᠨᠡᠢᠲᠡᠯᠡᠨ ᠳᠤᠰᠬᠠᠬᠤ᠂ ᠨᠠᠮ ᠤᠨ ᠳᠣᠲᠣᠭᠠᠳᠤ ᠶᠢᠨ ᠤᠴᠢᠷ ᠶᠠᠪᠤᠳᠠᠯ ᠳᠤ ᠵᠥᠪᠯᠡᠯᠭᠡ ᠠᠪᠬᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠳᠤ ᠰᠠᠨᠠᠯ ᠬᠤᠷᠢᠶᠠᠬᠤ᠂ ᠴᠢᠬᠤᠯᠠ ᠶᠡᠭᠡ ᠤᠴᠢᠷ ᠶᠠᠪᠤᠳᠠᠯ ᠢ ᠨᠡᠶᠢᠭᠡᠮ ᠳᠤ ᠢᠯᠡ ᠨᠡᠶᠢᠲᠡᠯᠡᠬᠦ ᠪᠠ ᠨᠡᠶᠢᠭᠡᠮ ᠤᠨ ᠬᠢᠨ ᠭᠡᠷᠡᠴᠢᠯᠡᠭᠡ ᠰᠣᠨᠣᠰᠬᠤ ᠵᠡᠷᠭᠡ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠨᠠᠮ ᠤᠨ ᠶᠠᠪᠤᠳᠠᠯ ᠢ ᠢᠯᠡ ᠪᠣᠯᠭᠠᠬᠤ ᠰᠢᠨ᠎ᠡ ᠬᠡᠯᠪᠡᠷᠢ ᠶᠢ ᠬᠥᠭᠵᠢᠭᠦᠯᠦᠨ ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠨᠠᠮ ᠤᠨ ᠶᠠᠪᠤᠳᠠᠯ ᠢ ᠢᠯᠡ ᠪᠣᠯᠭᠠᠬᠤ ᠳᠤ ᠣᠷᠣᠯᠴᠠᠬᠤ ᠥᠷᠭᠡᠴᠡ ᠪᠣᠯᠤᠨ ᠭᠦᠨᠴᠡ ᠶᠢ ᠲᠠᠰᠤᠷᠠᠯᠲᠠ ᠦᠭᠡᠢ ᠥᠷᠭᠡᠳᠬᠡᠨ ᠭᠦᠨᠵᠡᠭᠡᠢᠷᠡᠭᠦᠯᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ