ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/7/12
       ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ        ᠬᠤᠷᠢᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠶᠠᠪᠤᠳᠠᠯ ᠢ ᠢᠯᠡ ᠪᠣᠯᠭᠠᠭᠰᠠᠨ ᠠᠵᠢᠯ ᠤᠨ ᠪᠠᠶᠢᠳᠠᠯ ᠢᠶᠠᠨ ᠳᠡᠭᠡᠳᠦ ᠨᠢᠭᠡ ᠱᠠᠲᠤᠨ ᠤ ᠵᠣᠬᠢᠶᠠᠨ ᠪᠠᠶᠢᠭᠤᠯᠤᠯᠲᠠ ᠳᠤ ᠠᠵᠢᠯ ᠢᠶᠠᠨ ᠮᠡᠳᠡᠭᠦᠯᠬᠦ ᠪᠤᠶᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠬᠠᠢ ᠰᠡᠳᠦᠪᠲᠦ ᠮᠡᠳᠡᠭᠦᠯᠦᠯᠲᠡ ᠬᠢᠬᠦ ᠶᠢᠨ ᠢᠶᠠᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃       ᠬᠤᠷᠢᠨ ᠨᠢᠭᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠶᠠᠪᠤᠳᠠᠯ ᠢ ᠢᠯᠡ ᠪᠣᠯᠭᠠᠭᠰᠠᠨ ᠠᠵᠢᠯ ᠤᠨ ᠪᠠᠶᠢᠳᠠᠯ ᠢᠶᠠᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠭᠦᠢᠴᠡᠳᠬᠡᠭᠰᠡᠨ ᠴᠢᠬᠤᠯᠠ ᠠᠭᠤᠯᠭ᠎ᠠ ᠪᠣᠯᠭᠠᠵᠤ᠂ ᠳᠣᠣᠷᠠᠲᠤ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠢ ᠬᠢᠨᠠᠨ ᠰᠢᠯᠭᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠵᠢᠯ ᠪᠦᠷᠢ ᠬᠠᠮᠢᠶ᠎ᠠ ᠪᠦᠬᠦᠢ ᠨᠠᠮ ᠤᠨ ᠭᠡᠰᠢᠭᠦᠨ ᠪᠣᠯᠤᠨ ᠣᠯᠠᠨ ᠲᠦᠮᠡᠨ ᠳᠤ ᠨᠠᠮ ᠤᠨ ᠶᠠᠪᠤᠳᠠᠯ ᠢ ᠢᠯᠡ ᠪᠣᠯᠭᠠᠭᠰᠠᠨ ᠪᠠᠶᠢᠳᠠᠯ ᠢᠶᠠᠨ ᠢᠯᠡ ᠮᠡᠳᠡᠭᠳᠡᠬᠦ ᠶᠢᠨ ᠬᠠᠮᠲᠤ᠂ ᠲᠡᠭᠦᠨ ᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠣᠯᠠᠨ ᠲᠦᠮᠡᠨ ᠤ ᠰᠠᠨᠠᠯ ᠢ ᠰᠠᠨᠠᠭᠠᠴᠢᠯᠠᠭ᠎ᠠ ᠲᠠᠢ ᠪᠠᠷ ᠰᠣᠨᠣᠰᠬᠤ ᠬᠡᠷᠡᠭᠲᠡᠢ᠃       ᠬᠤᠷᠢᠨ ᠬᠤᠶᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠩᠭᠤ ᠶᠢᠨ ᠴᠢᠨᠠᠷᠲᠠᠢ ᠪᠠᠶᠢᠴᠠᠭᠠᠯᠲᠠ ᠪᠣᠯᠤᠨ ᠲᠤᠰᠬᠠᠢ ᠲᠥᠷᠥᠯ ᠤᠨ ᠬᠢᠨᠠᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠂ ᠲᠤᠰᠬᠠᠢ ᠲᠥᠷᠥᠯ ᠤᠨ ᠬᠢᠨᠠᠨ ᠪᠠᠶᠢᠴᠠᠭᠠᠯᠲᠠ ᠶᠢ ᠨᠠᠮ ᠤᠨ ᠰᠤᠷᠲᠠᠯ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠪᠠᠶᠢᠴᠠᠭᠠᠯᠲᠠ ᠪᠠ ᠬᠢᠨᠠᠨ ᠰᠢᠯᠭᠠᠯᠲᠠ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠨᠠᠨ ᠰᠢᠯᠭᠠᠯᠲᠠ ᠵᠡᠷᠭᠡ ᠲᠠᠢ ᠤᠶᠠᠯᠳᠤᠭᠤᠯᠵᠤ ᠪᠤᠯᠤᠨ᠎ᠠ᠃ ᠬᠢᠨᠠᠨ ᠪᠠᠶᠢᠴᠠᠭᠠᠭᠰᠠᠨ ᠪᠠᠶᠢᠳᠠᠯ ᠢ ᠡᠷᠬᠡᠪᠰᠢ ᠵᠣᠬᠢᠬᠤ ᠬᠡᠪᠴᠢᠶᠡᠨ ᠳᠤ ᠢᠯᠡ ᠨᠡᠶᠢᠲᠡᠯᠡᠬᠦ ᠬᠡᠷᠡᠭᠲᠡᠢ᠃       ᠬᠤᠷᠢᠨ ᠭᠤᠷᠪᠠᠳᠤᠭᠠᠷ ᠵᠦᠢᠯ ᠲᠤᠰ ᠳᠦᠷᠢᠮ ᠢ ᠵᠥᠷᠢᠴᠡᠵᠦ ᠤᠷᠰᠢᠭ ᠲᠠᠲᠠᠭᠰᠠᠨ ᠪᠠᠶᠢᠪᠠᠯ᠂ ᠳᠦᠷᠢᠮ ᠲᠣᠭᠲᠠᠭᠠᠯ ᠶᠣᠰᠣᠭᠠᠷ ᠰᠠᠬᠢᠯᠭ᠎ᠠ ᠪᠠᠲᠤ ᠶᠣᠰᠣᠭᠠᠷ ᠬᠤᠯᠪᠣᠭᠳᠠᠬᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠠᠵᠢᠯᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃       ᠲᠠᠪᠤᠳᠤᠭᠠᠷ ᠪᠦᠯᠦᠭ ᠳᠠᠭᠠᠯᠳᠤᠭᠤᠯᠤᠯ        ᠬᠤᠷᠢᠨ ᠳᠥᠷᠪᠡᠳᠦᠭᠡᠷ ᠵᠦᠢᠯ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠤᠰ ᠳᠦᠷᠢᠮ ᠢ ᠦᠨᠳᠦᠰᠦᠯᠡᠨ᠂ ᠬᠤᠯᠪᠣᠭᠳᠠᠯ ᠪᠦᠬᠦᠢ ᠨᠠᠮ ᠤᠨ ᠶᠠᠪᠤᠳᠠᠯ ᠢ ᠢᠯᠡ ᠪᠣᠯᠭᠠᠬᠤ ᠲᠣᠭᠲᠠᠭᠠᠯ ᠢ ᠲᠣᠭᠲᠠᠭᠠᠵᠤ ᠪᠤᠯᠤᠨ᠎ᠠ᠃       ᠬᠤᠷᠢᠨ ᠲᠠᠪᠤᠳᠤᠭᠠᠷ ᠵᠦᠢᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠥᠪ ᠤᠨ ᠡᠯ᠎ᠡ ᠰᠠᠯᠠᠭ᠎ᠠ ᠮᠥᠴᠢᠷ᠂ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠲᠤᠰ ᠳᠦᠷᠢᠮ ᠢ ᠦᠨᠳᠦᠰᠦᠯᠡᠨ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠬᠡᠷᠡᠭᠲᠡᠢ᠃       ᠬᠤᠷᠢᠨ ᠵᠢᠷᠭᠤᠳᠤᠭᠠᠷ ᠵᠦᠢᠯ ᠲᠤᠰ ᠳᠦᠷᠢᠮ ᠢ ᠲᠥᠪ ᠬᠤᠷᠢᠶᠠᠨ ᠤ ᠠᠯᠪᠠᠨ ᠲᠢᠩᠬᠢᠮ ᠲᠥᠪ ᠤᠨ ᠵᠣᠬᠢᠶᠠᠨ ᠪᠠᠶᠢᠭᠤᠯᠬᠤ ᠶᠠᠮᠤᠨ ᠲᠠᠢ ᠬᠠᠮᠲᠤᠷᠠᠨ ᠲᠠᠢᠯᠪᠤᠷᠢᠯᠠᠨ᠎ᠠ᠃ ᠬᠤᠷᠢᠨ ᠳᠣᠯᠣᠳᠤᠭᠠᠷ ᠵᠦᠢᠯ ᠲᠤᠰ ᠳᠦᠷᠢᠮ ᠢ 2017 ᠣᠨ ᠤ 12 ᠰᠠᠷ᠎ᠠ ᠶᠢᠨ 20 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ