ᠡᠩᠬᠡ ᠵᠢᠷᠭᠠᠯ ᠤᠨ ᠢᠷᠦᠭᠡᠯ ᠳᠠᠯᠠᠯᠤᠭᠠᠳ | ᠡᠷᠢᠨ ᠵᠠᠭᠤᠨ ᠢ ᠤᠭᠲᠤᠨ ᠪᠣᠰᠣᠭᠰᠠᠨ | ᠡᠰᠡᠨ ᠮᠡᠨᠳᠦ ᠶᠢᠨ ᠬᠤᠷᠤᠢ ᠬᠡᠰᠢᠭ | ᠨᠤᠲᠤᠭ ᠤᠰᠤᠨ ᠤ ᠤᠷᠠᠢ ᠲᠠᠯᠠᠯᠭ᠎ᠠ | ᠭᠠᠩᠭᠠᠩ ᠭᠠᠨᠵᠤᠤᠷ ᠮᠢᠨᠢ | ᠭᠠᠶᠢᠬᠠᠮ᠎ᠠ ᠰᠣᠶᠣᠯ ᠤᠨ ᠠᠮᠢᠳᠤ ᠰᠢᠲᠦᠭᠡᠨ | ᠬᠡᠰᠢᠭ ᠪᠤᠶᠠᠨ ᠤ ᠬᠡᠶᠢᠮᠣᠷᠢ ᠬᠤᠷᠤᠶᠢᠯᠠᠭᠰᠠᠨ | ᠪᠠᠶᠠᠨ ᠪᠠᠷᠭᠤ ᠶᠢᠨ ᠤᠯᠠᠭᠠᠨ ᠭᠠᠨᠵᠤᠤᠷ | | ᠥᠨᠢᠷ ᠪᠠᠷᠭᠤ ᠶᠢᠨ ᠠᠯᠳᠠᠷ ᠢ ᠡᠷᠭᠦᠭᠰᠡᠨ | ᠡᠷᠬᠢᠮ ᠰᠦᠷᠯᠢᠭ ᠲᠠᠭᠢᠯᠭ᠎ᠠ ᠶᠢᠨ ᠰᠦᠮ᠎ᠡ | ᠥᠩᠭᠡ ᠪᠦᠷᠢ ᠶᠢᠨ ᠳᠠᠯᠪᠠᠭ᠎ᠠ ᠨᠠᠮᠢᠷᠠᠭᠤᠯᠵᠤ | ᠠᠮᠢᠯᠠᠯ ᠤᠨ ᠰᠦᠷ ᠢᠶᠠᠷ ᠭᠠᠨᠵᠢᠷ᠎ᠠ ᠨᠢ ᠭᠢᠯᠠᠯᠵᠠᠨ᠎ᠠ | ᠭᠠᠩᠭᠠᠩ ᠭᠠᠨᠵᠤᠤᠷ ᠮᠢᠨᠢ | ᠭᠠᠶᠢᠬᠠᠮ᠎ᠠ ᠰᠣᠶᠣᠯ ᠤᠨ ᠠᠮᠢᠳᠤ ᠰᠢᠲᠦᠭᠡᠨ | ᠬᠡᠰᠢᠭ ᠪᠤᠶᠠᠨ ᠤ ᠬᠡᠶᠢᠮᠣᠷᠢ ᠬᠤᠷᠤᠶᠢᠯᠠᠭᠰᠠᠨ | ᠪᠠᠶᠠᠨ ᠪᠠᠷᠭᠤ ᠶᠢᠨ ᠤᠯᠠᠭᠠᠨ ᠭᠠᠨᠵᠤᠤᠷ ᠭᠡᠬᠦ ᠳᠠᠭᠤᠤ ᠪᠣᠯ 2001 ᠣᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠦᠮ᠎ᠡ ᠶᠢ | ᠠᠮᠢᠯᠠᠭᠤᠯᠬᠤ ᠦᠶᠡᠰ ᠵᠣᠬᠢᠶᠠᠨ ᠪᠦᠲᠦᠭᠡᠭᠳᠡᠵᠦ᠂ ᠮᠠᠯᠴᠢᠳ ᠤᠨ ᠢᠶᠠᠨ ᠳᠤᠮᠳᠠ ᠣᠯᠠᠨᠲᠠ ᠳᠠᠭᠤᠯᠠᠭᠳᠠᠵᠤ ᠪᠠᠶᠢᠭᠰᠠᠨ︽ᠪᠠᠷᠭᠤ ᠶᠢᠨ ᠤᠯᠠᠭᠠᠨ ᠭᠠᠨᠵᠤᠤᠷ︾ᠭᠡᠬᠦ | ᠳᠠᠭᠤᠤ ᠪᠣᠯᠣᠨ᠎ᠠ᠃ ᠲᠤᠰ ᠳᠠᠭᠤᠤ ᠶᠢ ᠳᠠᠭᠤᠯᠠᠭᠰᠠᠨ ᠳᠠᠭᠤᠴᠢᠨ ᠠᠯᠮᠠᠰ ᠪᠣᠯ︽ᠪᠠᠷᠭᠤ ᠶᠢᠨ ᠤᠯᠠᠭᠠᠨ ᠭᠠᠨᠵᠤᠤᠷ︾ ᠭᠡᠬᠦ ᠳᠠᠭᠤᠤ ᠪᠠᠷ ᠢᠶᠠᠨ ᠠᠯᠳᠠᠷ ᠢᠶᠠᠨ ᠡᠷᠭᠦᠵᠦ᠂ | ᠤᠯᠠᠨ ᠳᠠᠭᠠᠨ ᠲᠠᠨᠢᠭᠳᠠᠵᠤ ᠡᠬᠢᠯᠡᠭᠰᠡᠨ ᠮᠥᠷᠲᠡᠭᠡᠨ ᠲᠤᠰ ᠳᠠᠭᠤᠤ ᠪᠠᠷ ᠢᠶᠠᠨ︽ᠳᠠᠭᠤᠴᠢᠨ︾ ᠭᠡᠬᠦ ᠰᠠᠶᠢᠬᠠᠨ ᠠᠯᠳᠠᠷ ᠢ ᠠᠷᠠᠳ ᠲᠦᠮᠡᠨ ᠠᠴᠠ ᠪᠠᠨ ᠬᠦᠯᠢᠶᠡᠭᠰᠡᠨ | ᠪᠢᠯᠡ᠃ | | | ᠭᠡᠷ ᠪᠦᠯᠢ ᠶᠢᠨ ᠢᠶᠠᠨ ᠶᠠᠮᠠᠷ ᠨᠢᠭᠡᠨ ᠬᠥᠮᠥᠨ ᠤ ᠨᠥᠯᠥᠭᠡ ᠪᠠᠷ ᠥᠪᠡᠷ ᠤᠨ ᠦᠢᠯᠡᠰ ᠤᠨ ᠵᠠᠮ ᠢᠶᠠᠨ ᠰᠣᠩᠭᠤᠵᠤ ᠶᠠᠪᠤᠭ᠎ᠠ ᠬᠥᠮᠥᠰ ᠤᠯᠠᠨ ᠪᠠᠶᠢᠳᠠᠭ᠃ | ᠡᠭᠦᠨ ᠤ ᠳᠣᠲᠣᠷᠠᠬᠢ ᠨᠢᠭᠡᠨ ᠪᠣᠯ ᠬᠠᠭᠤᠴᠢᠨ ᠪᠠᠷᠭᠤ ᠬᠤᠰᠢᠭᠤᠨ ᠤ ᠤᠯᠠᠭᠠᠨᠮᠥ᠋ᠴᠢᠷ ᠲᠤ ᠬᠤᠷᠢ ᠰᠢᠬᠠᠮ ᠵᠢᠯ ᠠᠵᠢᠯᠯᠠᠵᠤ ᠶᠠᠪᠤᠭ᠎ᠠ ᠤᠷᠳᠤ ᠶᠢᠨ ᠳᠠᠭᠤᠴᠢᠨ | ᠠᠯᠮᠠᠰ ᠪᠣᠯᠣᠨ᠎ᠠ᠃ ᠲᠡᠷᠡ ᠬᠠᠷᠠᠬᠠᠨ ᠪᠠᠭ᠎ᠠ ᠠᠴᠠ ᠪᠠᠨ ᠨᠠᠭᠠᠴᠤ ᠡᠪᠦᠭᠡ ᠶᠢᠨ ᠢᠶᠠᠨ ᠨᠥᠯᠥᠭᠡ ᠪᠠᠷ ᠳᠠᠭᠤᠤ ᠤᠷᠠᠯᠢᠭ ᠲᠤ ᠳᠤᠷ᠎ᠠ ᠪᠠᠬ᠎ᠠ ᠲᠠᠢ ᠪᠣᠯᠤᠭᠰᠠᠨ ᠨᠢᠭᠡᠨ | ᠪᠢᠯᠡ᠃ | | | ᠠᠯᠮᠠᠰ 1976 ᠣᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤᠨ ᠤ ᠪᠦᠯᠬᠦᠮᠳᠡᠯ ᠭᠠᠴᠠᠭᠠᠨ ᠤ ᠬᠠᠷᠭᠠᠨ᠎ᠠ ᠬᠠᠯᠠ ᠶᠢᠨ ᠪᠠᠽᠠᠷᠰᠡᠳ | ᠪᠣᠯᠣᠨ ᠰᠤᠮᠢᠶ᠎ᠠ ᠶᠢᠨ ᠬᠦᠦ ᠪᠣᠯᠵᠤ ᠵᠠᠶᠠᠭᠠᠵᠠᠢ᠃ ᠲᠡᠭᠦᠨ ᠤ ᠨᠠᠭᠠᠴᠤ ᠡᠪᠦᠭᠡ ᠨᠢ ᠨᠤᠲᠤᠭ ᠤᠨ ᠢᠶᠠᠨ ᠰᠠᠶᠢᠨ ᠠᠷᠠᠳ ᠤᠨ ᠳᠠᠭᠤᠴᠢᠨ ᠪᠠᠶᠢᠵᠤ᠂ ᠬᠤᠨᠢ ᠮᠠᠯ ᠳᠠᠭᠠᠨ᠂ | ᠨᠠᠶᠢᠷ ᠨᠠᠭᠠᠳᠤᠮ ᠵᠡᠷᠭᠡ ᠪᠠᠷ ᠨᠠᠭᠠᠴᠤ ᠡᠪᠦᠭᠡ ᠲᠠᠢ ᠪᠠᠨ ᠬᠠᠮᠲᠤ ᠶᠠᠪᠤᠬᠤ ᠪᠦᠷᠢ ᠠᠷᠠᠳ ᠤᠨ ᠳᠠᠭᠤᠤ ᠪᠠᠨ ᠠᠶᠠᠯᠤᠭᠤᠯᠤᠨ ᠳᠠᠭᠤᠯᠠᠬᠤ ᠶᠢ ᠦᠷᠭᠦᠯᠵᠢ ᠰᠣᠨᠣᠰᠴᠤ | ᠶᠠᠪᠤᠳᠠᠭ ᠠᠯᠮᠠᠰ ᠨᠠᠭᠠᠴᠤ ᠡᠪᠦᠭᠡ ᠠᠴᠠ ᠪᠠᠨ ᠠᠷᠠᠳ ᠤᠨ ᠳᠠᠭᠤᠤ ᠪᠠᠨ ᠰᠤᠷᠴᠤ ᠶᠠᠪᠤᠯ᠎ᠠ᠃ ᠢᠯᠠᠩᠭᠤᠶ᠎ᠠ ᠵᠢᠯ ᠴᠠᠭᠠᠨ ᠰᠠᠷ᠎ᠠ᠂ ᠪᠠᠶᠠᠷ ᠳᠤᠷᠠᠰᠬᠠᠯ ᠤᠨ ᠡᠳᠦᠷ | ᠨᠠᠶᠢᠷᠯᠠᠨ ᠰᠠᠭᠤᠬᠤ ᠳᠤ ᠠᠬᠠᠮᠠᠳ ᠲᠣᠮᠣᠭᠠᠲᠠᠳ ᠤᠨ ᠢᠶᠠᠨ ᠠᠶᠠᠯᠭᠤ ᠳᠠᠭᠤᠤ ᠳᠤ ᠤᠶᠠᠷᠠᠨ ᠰᠡᠳᠬᠢᠯ ᠠᠴᠠ ᠪᠠᠨ ᠪᠠᠭ᠋ᠠᠷᠬᠠᠳᠠᠭ ᠪᠠᠶᠢᠭᠰᠠᠨ᠂ ᠲᠡᠭᠡᠭᠡᠳ ᠠᠭᠠᠵᠢᠮ | ᠢᠶᠠᠷ ᠰᠤᠷᠤᠨᠨᠰᠡᠨ ᠳᠠᠭᠤᠤ ᠪᠠᠨ ᠳᠠᠭᠤᠯᠠᠵᠤ᠂ ᠨᠠᠶᠢᠷ ᠲᠤ ᠨᠠᠷᠭᠢᠶᠠᠨ ᠨᠡᠮᠡᠷᠢᠯᠡᠵᠦ᠂ ᠠᠪᠤ ᠡᠵᠢ᠂ ᠰᠠᠳᠤᠨ ᠲᠦᠷᠦᠯ ᠤᠨ ᠢᠶᠠᠨ ᠳᠤᠮᠳᠠ︽ᠳᠠᠭᠤᠴᠢᠨ︾ᠪᠣᠯᠵᠤ ᠶᠠᠪᠤᠵᠤ | ᠪᠠᠶᠢᠯ᠎ᠠ᠃ ᠠᠯᠮᠠᠰ ᠲᠣᠮᠣ ᠪᠤᠯᠬᠤ ᠲᠤᠰᠤᠮ ᠢᠶᠠᠨ ᠳᠠᠭᠤᠤ ᠶᠢᠨ ᠤᠷᠠᠨ ᠨᠤᠭᠤᠯᠤᠭ᠎ᠠ᠂ ᠤᠶᠠᠩᠭᠠᠯᠢᠭ ᠭᠦᠭ ᠠᠶᠠᠰ ᠲᠤ ᠤᠯᠠᠮ ᠢᠶᠠᠷ ᠲᠠᠲᠠᠭᠳᠠᠵᠤ᠂ ᠳᠠᠭᠤᠴᠢᠨ ᠪᠤᠯᠬᠤ | ᠬᠦᠰᠡᠯ ᠤᠨ ᠵᠢᠭᠦᠷ ᠨᠢ ᠠᠭᠠᠵᠢᠮ ᠢᠶᠠᠷ ᠳᠡᠯᠭᠡᠭᠳᠡᠵᠦ ᠡᠬᠢᠯᠡᠭᠰᠡᠨ ᠪᠢᠯᠡ᠃ | | | ᠲᠡᠷᠡ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠳᠤ ᠰᠤᠷᠤᠯᠴᠠᠵᠤ ᠪᠠᠶᠢᠬᠤ ᠳᠠᠭᠠᠨ ᠰᠤᠷᠭᠠᠭᠤᠯᠢ ᠶᠢᠨ ᠢᠶᠠᠨ ᠤᠷᠠᠨ ᠰᠠᠶᠢᠬᠠᠨ ᠤ ᠲᠤᠬᠯᠠᠯᠳᠠ ᠪᠤᠶᠤ | ᠳᠠᠭᠤᠤ ᠶᠢᠨ ᠤᠷᠤᠯᠳᠤᠭᠠᠨ ᠳᠤ ᠤᠷᠤᠯᠴᠠᠵᠤ ᠪᠠᠶᠢᠭᠰᠠᠨ ᠶᠤᠮ᠃ 1995 ᠣᠨ ᠳᠤ ᠠᠯᠮᠠᠰ ᠬᠥᠯᠥᠨ ᠪᠦᠢᠷ ᠤᠨ ᠦᠨᠳᠦᠰᠦᠲᠡᠨ ᠤ ᠤᠷᠠᠯᠢᠭ ᠤᠨ ᠰᠤᠷᠭᠠᠭᠤᠯᠢ ᠳᠤ | ᠰᠢᠯᠭᠠᠨ ᠣᠷᠣᠵᠠᠢ᠃ ᠬᠦᠦ ᠶᠢᠨ ᠢᠶᠠᠨ ᠬᠦᠰᠡᠵᠦ ᠰᠠᠨᠠᠭᠰᠠᠨ ᠰᠤᠷᠭᠠᠭᠤᠯᠢ ᠳᠠᠭᠠᠨ ᠰᠢᠯᠭᠠᠵᠤ ᠣᠷᠣᠭᠰᠠᠨ ᠢ ᠰᠣᠨᠣᠰᠤᠭᠠᠳ ᠠᠪᠤ ᠨᠢ ᠬᠦᠦ ᠶᠢᠨ ᠢᠶᠠᠨ ᠡᠮᠦᠨ᠎ᠡ | ᠠᠴᠠ ᠪᠠᠶᠠᠷᠯᠠᠵᠤ᠂ ᠰᠤᠷᠭᠠᠭᠤᠯᠢ ᠴᠤᠭᠯᠠᠬᠤ ᠦᠶᠡᠰ ᠬᠦᠦ ᠪᠠᠨ ᠳᠠᠭᠠᠭᠤᠯᠤᠨ ᠬᠠᠶᠢᠯᠠᠷ ᠲᠤ ᠨᠡᠷ᠎ᠡ ᠮᠡᠳᠡᠭᠦᠯᠬᠦ ᠪᠠᠷ ᠬᠦᠷᠭᠡᠨ ᠢᠷᠡᠵᠤ᠂ ᠠᠯᠳᠠᠷᠲᠤ ᠳᠠᠭᠤᠴᠢᠨ | ᠲᠤᠯᠵᠢᠨ ᠪᠠᠭᠰᠢ ᠪᠣᠯᠣᠨ ᠭᠧ᠊᠆ ·ᠰᠣᠶᠣᠯ ᠪᠠᠭᠰᠢ ᠳᠤ ᠲᠤᠰᠢᠶᠠᠵᠤ᠂︽ᠮᠢᠨᠤ ᠬᠦᠦ ᠪᠠᠭᠰᠢ ᠨᠠᠷ ᠤᠨ ᠢᠶᠠᠨ ᠦᠭᠡ ᠶᠢ ᠰᠠᠶᠢᠨ ᠰᠣᠨᠣᠰᠴᠤ᠂ ᠰᠠᠶᠢᠨ ᠳᠠᠭᠤᠴᠢᠨ ᠪᠤᠯᠬᠤ | ᠪᠠᠷ ᠴᠢᠷᠮᠠᠶᠢᠭᠠᠷᠠᠢ︾ᠭᠡᠵᠦ ᠬᠦᠦ ᠳᠡᠭᠡᠨ ᠵᠠᠬᠢᠭᠠᠳ᠂ ᠮᠠᠩᠨᠠᠢ ᠳᠡᠭᠡᠷ᠎ᠡ ᠨᠢ ᠨᠢᠭᠡ ᠦᠨᠦᠰᠦᠭᠡᠳ ᠭᠡᠷ ᠤᠷᠤᠭᠤ ᠪᠠᠨ ᠪᠤᠴᠠᠭᠰᠠᠨ ᠪᠢᠯᠡ᠃ ᠠᠯᠮᠠᠰ ᠠᠪᠤ ᠪᠠᠨ ᠪᠠᠷ᠎ᠠ | ᠳᠠᠯᠳᠠᠷᠠᠳᠠᠯᠠ ᠬᠠᠷᠠᠭᠰᠠᠭᠠᠷ ᠬᠤᠴᠣᠷᠪᠠ᠃ | ᠮᠣᠩᠭᠤᠯ ᠦᠨᠳᠦᠰᠦᠲᠡᠨ ᠤ ᠣᠷᠣᠰᠢᠨ ᠠᠮᠢᠳᠤᠷᠠᠵᠤ ᠪᠠᠶᠢᠭ᠎ᠠ ᠣᠷᠴᠢᠨ ᠲᠣᠭᠤᠷᠢᠨ ᠤ ᠣᠯᠠᠩᠬᠢ ᠨᠢ ᠭᠠᠵᠠᠷ ᠠᠭᠤᠳᠠᠮ ᠬᠥᠮᠥᠨ ᠠᠮᠠ ᠰᠡᠶᠢᠷᠡᠭ ᠣᠨᠴᠠᠯᠢᠭ | ᠲᠠᠢ ᠪᠥᠭᠡᠳ ᠨᠡᠭᠦᠳᠡᠯ ᠮᠠᠯᠵᠢᠯ ᠤᠨ ᠠᠮᠢᠳᠤᠷᠠᠯ ᠤᠨ ᠠᠷᠭ᠎ᠠ ᠭᠡᠯᠪᠡᠷᠢ ᠨᠢ ᠲᠡᠳᠡᠨ ᠢ ᠰᠦᠨ ᠴᠠᠭᠠᠨ ᠰᠡᠳᠬᠢᠯ ᠲᠠᠢ᠂ ᠥᠪᠡᠷᠮᠢᠴᠡ ᠪᠠᠭᠲᠠᠭᠠᠮᠵᠢᠲᠠᠢ ᠵᠠᠩ ᠠᠷᠠᠨᠰᠢᠨ | ᠲᠠᠢ ᠪᠣᠯᠭᠠᠪᠠ᠃ ᠮᠣᠩᠭᠤᠯ ᠤᠷᠲᠤ ᠶᠢᠨ ᠳᠠᠭᠤᠤ ᠨᠢ ᠴᠸ ᠡᠨᠡ ᠬᠦ ᠬᠠᠶᠢᠷ᠎ᠠ ᠶᠢᠨ ᠨᠥᠯᠥᠭᠡᠯᠡᠬᠦ ᠬᠦᠴᠦᠨ ᠤ ᠳᠣᠣᠷ᠎ᠠ ᠡᠭᠦᠰᠴᠦ ᠬᠥᠭᠵᠢᠭᠰᠡᠨ ᠪᠠᠶᠢᠳᠠᠭ᠃ ᠠᠯᠮᠠᠰ | ᠪᠠᠭ᠎ᠠ ᠠᠴᠠ ᠪᠠᠨ ᠨᠠᠭᠠᠴᠤ ᠡᠪᠦᠭᠡ ᠶᠢᠨ ᠢᠶᠠᠨ ᠮᠣᠩᠭᠤᠯ ᠠᠷᠠᠳ ᠤᠨ ᠳᠠᠭᠤᠤ ᠳᠠᠭᠤᠯᠠᠬᠤ ᠶᠢ ᠰᠣᠨᠣᠰᠴᠤ ᠥᠰᠦᠭᠰᠡᠨ ᠪᠣᠯᠬᠤᠷ ᠰᠤᠷᠭᠠᠭᠤᠯᠢ ᠳᠤ ᠣᠷᠣᠭᠠᠳ | ᠳᠠᠭᠤᠯᠠᠬᠤᠢ ᠶᠢᠨ ᠮᠡᠷᠭᠡᠵᠢᠯ ᠢᠶᠠᠨ ᠮᠣᠩᠭᠤᠯ ᠤᠷᠳᠤ ᠶᠢᠨ ᠳᠠᠭᠤᠤ ᠪᠠᠷ ᠰᠣᠩᠭᠤᠨ ᠰᠤᠷᠴᠤ ᠪᠢᠯᠡ᠃ | | | ᠠᠯᠮᠠᠰ ᠤᠷᠠᠯᠢᠭ ᠤᠨ ᠰᠤᠷᠭᠠᠭᠤᠯᠢ ᠳᠤ ᠣᠴᠢᠬᠤ ᠠᠴᠠ ᠪᠠᠨ ᠡᠮᠦᠨ᠎ᠡ ᠤᠷᠳᠤ ᠶᠢᠨ ᠳᠠᠭᠤᠤ ᠶᠢ ᠳᠠᠭᠤᠯᠠᠵᠤ ᠴᠢᠳᠠᠳᠠᠭ ᠦᠭᠡᠢ ᠪᠠᠶᠢᠯ᠎ᠠ᠂ ᠭᠡᠪᠡᠴᠦ ᠲᠡᠷᠡ | ᠲᠤᠰᠬᠠᠢ ᠮᠡᠷᠭᠡᠵᠢᠯ ᠤᠨ ᠰᠤᠷᠭᠠᠭᠤᠯᠢ ᠳᠤ ᠤᠷᠳᠤ ᠶᠢᠨ ᠳᠠᠭᠤᠤ ᠶᠢᠨ ᠮᠡᠷᠭᠡᠵᠢᠯ ᠢ ᠲᠤᠯᠵᠢᠨ ᠪᠠᠭᠰᠢ ᠠᠴᠠ ᠰᠤᠷᠴᠤ ᠡᠬᠢᠯᠡᠭᠡᠳ ᠯᠡ ᠤᠷᠳᠤ ᠶᠢᠨ ᠳᠠᠭᠤᠤ | ᠳᠠᠭᠤᠯᠠᠬᠤ ᠮᠡᠷᠭᠡᠵᠢᠯ ᠨᠢ ᠠᠭᠠᠵᠢᠮ ᠢᠶᠠᠷ ᠳᠡᠭᠡᠭᠰᠢᠯᠡᠵᠦ ᠡᠬᠢᠯᠡᠪᠡ᠃ ᠠᠯᠮᠠᠰ ᠳᠠᠭᠤᠯᠠᠬᠤᠢ ᠶᠢᠨ ᠮᠡᠷᠭᠡᠵᠢᠯ ᠢᠶᠠᠨ ᠲᠦᠷᠭᠡᠨ ᠳᠡᠭᠡᠭᠰᠢᠯᠡᠭᠦᠯᠭᠦ ᠶᠢ ᠢᠮᠠᠭᠲᠠ | ᠰᠡᠳᠬᠢᠯ ᠳᠡᠭᠡᠨ ᠬᠢᠴᠢᠶᠡᠵᠦ᠂ ᠬᠢᠴᠢᠶᠡᠯ ᠤᠨ ᠭᠠᠳᠠᠨᠠᠬᠢ ᠰᠤᠯᠠ ᠴᠠᠭ ᠪᠤᠶᠤ ᠶᠠᠮᠠᠷ ᠨᠢᠭᠡᠨ ᠠᠵᠢᠯ ᠬᠢᠵᠦ ᠪᠠᠶᠢᠬᠤ ᠳᠠᠭᠠᠨ ᠴᠤ ᠳᠠᠭᠤᠤ ᠠᠶᠠᠯᠤᠨ᠎ᠠ᠃ ᠶᠡᠷᠦᠨᠢ ᠴᠠᠭ | ᠯᠡ ᠭᠠᠷᠪᠠᠯ ᠳᠠᠭᠤᠤ ᠶᠢᠨ ᠠᠶ᠎ᠠ ᠠᠮᠠᠨ ᠠᠴᠠ ᠨᠢ ᠰᠠᠯᠳᠠᠭ ᠦᠭᠡᠢ ᠪᠠᠶᠢᠯ᠎ᠠ᠃ ᠳᠡᠶᠢᠨ ᠬᠦ ᠦᠷᠭᠦᠯᠵᠢ ᠳᠠᠭᠤᠤ ᠪᠠᠨ ᠳᠠᠭᠤᠯᠠᠵᠤ ᠪᠣᠯᠪᠠᠰᠤᠷᠠᠵᠤ ᠶᠠᠪᠤᠭᠰᠠᠨ ᠤ | ᠳ᠋ᠦᠩ ᠳᠤ ᠳᠠᠭᠤᠯᠠᠬᠤᠢ ᠶᠢᠨ ᠮᠡᠷᠭᠡᠵᠢᠯ ᠨᠢ ᠦᠳᠲᠡᠷ ᠲᠦᠷᠭᠡᠨ ᠳᠡᠭᠡᠭᠰᠢᠯᠡᠵᠦ᠂ ᠤᠷᠳᠤ ᠶᠢᠨ ᠳᠠᠭᠤᠤ ᠳᠠᠭᠤᠯᠠᠬᠤ ᠵᠠᠮ ᠢᠶᠠᠷ ᠰᠡᠳᠬᠢᠯ ᠰᠢᠭᠤᠳᠤᠨ ᠠᠯᠬᠤᠵᠤ᠂ | ᠤᠳᠤ ᠪᠤᠯᠳᠠᠯ᠎ᠠ ᠤᠷᠳᠤ ᠶᠢᠨ ᠳᠠᠭᠤᠤ ᠪᠠᠨ ᠰᠤᠷᠴᠤ ᠳᠠᠭᠤᠯᠠᠵᠤ ᠶᠠᠪᠤᠨ᠎ᠠ᠃ | ᠠᠯᠮᠠᠰ 1998 ᠣᠨ ᠳᠤ ᠰᠢᠯᠢᠳᠡᠭ ᠬᠢᠷᠢ ᠪᠦᠳᠦᠮᠵᠢ ᠪᠠᠷ ᠬᠥᠯᠥᠨ ᠪᠦᠢᠷ ᠤᠨ ᠦᠨᠳᠦᠰᠦᠲᠡᠨ ᠤ ᠤᠷᠠᠯᠢᠭ ᠤᠨ ᠰᠤᠷᠭᠠᠭᠤᠯᠢ ᠠᠴᠠ ᠲᠡᠭᠦᠰᠴᠡᠢ᠃ ᠲᠡᠷᠡ | ᠠᠩᠬ᠎ᠠ ᠲᠣᠮᠣ ᠤᠷᠠᠯᠢᠭ ᠤᠨ ᠲᠠᠶᠢᠰᠠᠨ ᠳᠤ ᠭᠠᠷᠴᠤ ᠤᠷᠳᠤ ᠶᠢᠨ ᠳᠠᠭᠤᠤ ᠪᠠᠨ ᠳᠠᠭᠤᠯᠠᠬᠤ ᠦᠶᠡᠰ ᠤᠷᠳᠤ ᠶᠢᠨ ᠳᠠᠭᠤᠤ ᠪᠠᠨ ᠦᠵᠡᠭᠴᠢᠳ ᠰᠣᠨᠣᠰᠤᠭᠴᠢᠳ | ᠲᠠᠭᠠᠨ ᠬᠦᠷᠭᠡᠬᠦ ᠬᠦᠰᠡᠯ ᠮᠢᠨᠢ ᠪᠡᠶᠡᠯᠡᠭᠳᠡᠯ᠎ᠡ ᠭᠡᠵᠦ ᠮᠠᠰᠢ ᠪᠠᠶᠠᠷᠯᠠᠵᠤ ᠪᠠᠶᠢᠭᠰᠠᠨ᠂ ᠢᠩᠭᠢᠭᠡᠳ ᠲᠡᠷᠡ ᠬᠡᠳᠦᠶᠢᠪᠡᠷ ᠤᠷᠠᠯᠢᠭ ᠤᠨ ᠰᠤᠷᠭᠠᠭᠤᠯᠢ ᠪᠠᠨ ᠲᠡᠭᠦᠰᠦᠭᠰᠡᠨ | ᠪᠤᠯᠪᠠᠴᠤ ᠳᠠᠭᠤᠯᠠᠬᠤᠢ ᠶᠢᠨ ᠮᠡᠷᠭᠡᠵᠢᠯ ᠢᠶᠠᠨ ᠦᠷᠭᠦᠯᠵᠢᠯᠡᠨ ᠳᠡᠭᠡᠭᠰᠢᠯᠡᠭᠦᠯᠭᠦ ᠶᠢ ᠠᠩᠬᠠᠷᠤᠭᠰᠠᠭᠠᠷ ᠢᠷᠡᠵᠠᠢ᠃ | | | ᠲᠡᠷᠡ ᠬᠠᠮᠤᠭ ᠠᠩᠬ᠎ᠠ ᠳᠠᠭᠤᠤ ᠶᠢᠨ ᠤᠷᠤᠯᠳᠤᠭᠠᠨ ᠳᠤ ᠤᠷᠤᠯᠴᠠᠵᠤ ᠨᠢᠭᠡᠳᠦᠭᠡᠷ ᠲᠡᠰ ᠤᠨ ᠱᠠᠩᠨᠠᠯ ᠭᠥᠷᠳᠡᠭᠰᠡᠨ ᠢᠶᠠᠨ ᠬᠡᠵᠢᠶᠡᠳᠡ ᠳᠤᠷᠠᠰᠴᠤ ᠶᠠᠪᠤᠳᠠᠭ᠂ | ᠲᠡᠷᠡ ᠨᠢ ᠲᠡᠭᠦᠨ ᠤ ᠤᠷᠠᠯᠢᠭ ᠤᠨ ᠰᠤᠷᠭᠠᠭᠤᠯᠢ ᠪᠠᠨ ᠲᠡᠭᠦᠰᠦᠭᠡᠳ ᠠᠩᠬ᠎ᠠ ᠤᠳᠠᠭ᠎ᠠ ᠤᠷᠤᠯᠴᠠᠬᠰᠠᠨ ᠳᠠᠭᠤᠤ ᠶᠢᠨ ᠤᠷᠤᠯᠳᠤᠭᠠᠨ ᠪᠣᠯᠣᠨ᠎ᠠ᠃ ᠲᠡᠷᠡ 2001 | ᠣᠨ ᠳᠤ ᠶᠠᠪᠤᠭᠳᠠᠭᠰᠠᠨ ᠬᠥᠯᠥᠨ ᠪᠦᠢᠷ ᠬᠤᠳᠠ ᠶᠢᠨ ᠠᠩᠬᠠᠳᠤᠭᠠᠷ ᠤᠳᠠᠭᠠᠨ ᠤ ᠦᠨᠳᠦᠰᠦᠲᠡᠨ ᠤ ᠠᠷᠠᠳ ᠤᠨ ᠰᠣᠶᠣᠯ ᠤᠨ ᠨᠠᠶᠢᠷ -︽ᠵᠣᠬᠢᠶᠠᠯ ᠤᠨ ᠳᠠᠭᠤᠤ | ᠪᠣᠯᠣᠨ ᠦᠨᠳᠦᠰᠦᠲᠡᠨ ᠤ ᠳᠠᠭᠤᠤ︾ ᠶᠢᠨ ᠤᠷᠤᠯᠳᠤᠭᠠᠨ ᠳᠤ ᠤᠷᠤᠯᠴᠠᠵᠤ᠂ ᠲᠤᠰ ᠤᠳᠠᠭᠠᠨ ᠤ ᠤᠷᠤᠯᠳᠤᠭᠠᠨ ᠳᠤ︽ᠮᠥᠨᠲᠥᠭᠡᠷ ᠰᠡᠷᠡᠯ︾ᠭᠡᠬᠦ ᠤᠷᠳᠤ ᠶᠢᠨ ᠳᠠᠭᠤᠤ | ᠪᠠᠷ ᠢᠶᠠᠨ ᠨᠢᠭᠡᠳᠦᠭᠡᠷ ᠲᠡᠰ ᠤᠨ ᠱᠠᠩᠨᠠᠯ ᠭᠥᠷᠳᠡᠭᠰᠡᠨ ᠮᠥᠷᠲᠡᠭᠡᠨ ᠲᠤᠰ ᠤᠳᠠᠭᠠᠨ ᠤ ᠤᠷᠤᠯᠳᠤᠭᠠᠨ ᠢᠶᠠᠷ ᠲᠠᠮᠵᠢᠨ ᠬᠠᠭᠤᠴᠢᠨ ᠪᠠᠷᠭᠤ ᠬᠤᠰᠢᠭᠤᠨ ᠤ | ᠤᠯᠠᠭᠠᠨᠮᠥ᠋ᠴᠢᠷ ᠲᠤ ᠠᠵᠢᠯᠯᠠᠬᠤ ᠠᠵᠠ ᠲᠤᠭᠢᠶᠠᠯ ᠢ ᠣᠯᠵᠤ᠂ ᠥᠩᠭᠡ ᠭᠡᠷᠡᠯ ᠲᠠᠢ ᠪᠠᠷ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ | ᠨᠢᠭᠡᠨ ᠭᠡᠰᠢᠭᠦᠨ ᠪᠣᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠭᠤᠳᠠᠮ ᠲᠠᠯ᠎ᠠ ᠳᠠᠭᠠᠨ ᠳᠠᠭᠤᠷᠢᠰᠬᠠᠵᠤ ᠶᠠᠪᠤᠯ᠎ᠠ᠃ | ᠳᠠᠭᠤᠤ ᠬᠥᠭᠵᠢᠮ ᠨᠢ ᠣᠶᠣᠨ ᠰᠡᠳᠬᠢᠯᠭᠡ ᠶᠢᠨ ᠶᠡᠭᠡ ᠳᠡᠯᠭᠡᠭᠦᠷ᠂ ᠳᠠᠭᠤᠤ ᠬᠥᠭᠵᠢᠮ ᠨᠢ ᠣᠶᠣᠨ ᠤᠬᠠᠭᠠᠨ ᠤ ᠪᠣᠯᠪᠠᠰᠤᠨ ᠤ ᠨᠢᠭᠡ ᠢᠯᠡᠷᠡᠯ᠂ ᠳᠠᠭᠤᠤ | ᠬᠥᠭᠵᠢᠮ ᠨᠢ ᠬᠥᠮᠥᠨ ᠲᠥᠷᠥᠯᠬᠢᠲᠡᠨ ᠤ ᠰᠠᠯᠵᠤ ᠪᠣᠯᠣᠰᠢ ᠦᠭᠡᠢ ᠣᠶᠣᠨ ᠤ ᠶᠡᠭᠡ ᠥᠪ ᠬᠥᠷᠥᠩᠭᠡ ᠶᠤᠮ᠃ ᠠᠯᠮᠠᠰ ᠬᠤᠷᠢ ᠰᠢᠬᠠᠮ ᠵᠢᠯ ᠤᠯᠠᠭᠠᠨᠮᠥ᠋ᠴᠢᠷ ᠲᠤ | ᠤᠷᠳᠤ ᠶᠢᠨ ᠳᠠᠭᠤᠴᠢᠨ ᠢᠶᠠᠷ ᠠᠵᠢᠯᠯᠠᠵᠤ ᠶᠠᠪᠤᠬᠤ ᠳᠠᠭᠠᠨ ᠤᠯᠠᠨ ᠲᠦᠮᠡᠨ ᠳᠡᠭᠡᠨ ᠠᠶ᠎ᠠ ᠳᠠᠭᠤᠤ ᠶᠢᠨ ᠤᠷᠠᠨ ᠪᠦᠲᠦᠭᠡᠯ ᠢᠶᠠᠨ ᠬᠦᠷᠭᠡᠵᠦ᠂ ᠲᠡᠳᠡᠨᠦᠰ ᠤᠨ ᠢᠶᠠᠨ | ᠰᠣᠨᠣᠷ ᠢ ᠪᠠᠶᠠᠰᠬᠠᠵᠤ᠂ ᠲᠡᠳᠡᠨ ᠲᠠᠢ ᠪᠠᠨ ᠤᠷᠠᠯᠢᠭ ᠤᠨ ᠬᠥᠷᠥᠰᠥᠨ ᠳᠤ ᠪᠠᠶᠠᠷ ᠵᠢᠷᠭᠠᠯᠲᠤ ᠴᠠᠭ ᠮᠥᠴᠡ ᠶᠢ ᠬᠤᠪᠢᠶᠠᠯᠴᠠᠭᠰᠠᠭᠠᠷ ᠢᠷᠡᠪᠠ᠃ ᠲᠡᠷᠡ | ᠤᠯᠠᠭᠠᠨᠮᠥ᠋ᠴᠢᠷ ᠤᠨ ᠨᠢᠭᠡ ᠭᠡᠰᠢᠭᠦᠨ ᠪᠣᠯᠤᠭᠰᠠᠨ ᠳᠠᠭᠠᠨ ᠣᠮᠣᠭᠰᠢᠵᠤ ᠶᠠᠪᠤᠳᠠᠭ᠂ ᠤᠷᠳᠤ ᠶᠢᠨ ᠳᠠᠭᠤᠤ ᠪᠠᠨ ᠳᠠᠭᠤᠯᠠᠵᠤ ᠶᠠᠪᠤᠭ᠎ᠠ ᠳᠠᠭᠠᠨ ᠪᠠᠭ᠋ᠠᠷᠬᠠᠵᠤ ᠪᠠᠶᠢᠳᠠᠭ᠃ | | | ᠤᠯᠠᠭᠠᠨᠮᠥ᠋ᠴᠢᠷ ᠪᠦᠷᠢ ᠵᠢᠯ ᠪᠣᠯᠭᠠᠨ ᠨᠠᠭᠠᠲᠤ ᠵᠠᠬ᠎ᠠ ᠳᠠᠭᠠᠨ 100 ᠤᠳᠠᠭ᠎ᠠ ᠬᠥᠳᠡᠭᠡ ᠪᠠᠭᠤᠵᠤ ᠲᠣᠬᠯᠠᠯᠲᠠ ᠭᠠᠷᠭᠠᠨ᠂ ᠠᠮᠢᠳᠤᠷᠠᠯ ᠤᠨ ᠰᠢᠮᠡᠯᠢᠭ | ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠨ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠵᠤ᠂ ᠣᠯᠠᠨ ᠲᠦᠮᠡᠨ ᠲᠠᠢ | ᠣᠶᠢᠷᠠᠲᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ ᠲᠠᠭᠠᠰᠢᠶᠠᠭᠳᠠᠭᠰᠠᠨ ᠨᠠᠩ ᠣᠯᠠᠨ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠭᠰᠡᠭᠡᠷ ᠢᠷᠡᠪᠡ᠃ | ᠠᠯᠮᠠᠰ ᠤᠨ ᠥᠪᠡᠷ ᠤᠨ ᠤᠷᠠᠨ ᠪᠦᠲᠦᠭᠡᠯ ᠤᠳᠤ ᠬᠤᠷᠢ ᠭᠠᠷᠤᠢ ᠪᠤᠢ᠂ ᠡᠭᠦᠨ ᠳᠤ ︽ᠮᠢᠨᠤ ᠨᠤᠲᠤᠭ︾᠂︽ᠮᠥᠩᠭᠦᠨ ᠴᠠᠭᠠᠨ ᠬᠥᠯᠥᠨ ᠪᠦᠢᠷ︾᠂︽ᠴᠡᠴᠡᠭ ᠳᠡᠯᠭᠡᠷᠡᠪᠡᠯ | ᠢᠵᠢᠢ ᠳᠡᠭᠡᠨ ᠪᠢ ᠣᠴᠢᠨ᠎ᠠ︾᠂︽ᠬᠥᠪᠡᠭᠦᠨ ᠵᠠᠶᠠᠭᠠᠨ ᠤ ᠬᠤᠷᠤᠢ︾᠂︽ᠪᠢ ᠠᠪᠤ ᠳᠠᠭᠠᠨ ᠬᠠᠶᠢᠷᠠᠲᠠᠢ︾᠂︽ᠢᠮᠢᠨ ᠭᠤᠣᠯ ᠮᠢᠨᠢ︾᠂ ︽ᠬᠠᠯᠠᠭᠤᠨ ᠵᠢᠷᠤᠮ ᠤᠨ ᠠᠨᠳᠠ︾᠂ | ︽ᠬᠠᠯᠬ᠎ᠠ ᠭᠤᠣᠯ︾᠂ ︽ᠥᠭᠭᠢᠶᠡᠮᠦᠷ ᠶᠢᠩ ᠤᠨ ᠪᠠᠭ᠋ᠠᠳᠤᠯ︾ᠵᠡᠷᠭᠡ ᠤᠯᠠᠨ ᠰᠠᠶᠢᠬᠠᠨ᠂ ᠰᠣᠨᠣᠰᠤᠭᠴᠢ ᠲᠦᠮᠡᠨ ᠤ ᠪᠠᠨ ᠲᠠᠭᠠᠰᠢᠶᠠᠯ ᠢ ᠣᠯᠣᠭᠰᠠᠨ ᠠᠶ᠎ᠠ ᠳᠠᠭᠤᠤ ᠶᠢᠨ | ᠤᠷᠠᠨ ᠪᠦᠲᠦᠭᠡᠯ ᠲᠠᠢ᠃ ᠡᠭᠦᠨ ᠳᠤ ᠲᠡᠷᠡ︽ᠪᠢ ᠠᠪᠤ ᠳᠠᠭᠠᠨ ᠬᠠᠶᠢᠷᠠᠲᠠᠢ︾ᠭᠡᠬᠦ ᠳᠠᠭᠤᠤ ᠪᠠᠨ ᠬᠠᠮᠤᠭ ᠠᠴᠠ ᠳᠠᠭᠤᠯᠠᠬᠤ ᠳᠤᠷᠠᠲᠠᠢ ᠪᠠᠶᠢᠵᠤ᠂ ᠲᠤᠰ ᠳᠠᠭᠤᠤ ᠶᠢᠨ | ᠦᠭᠡ ᠶᠢ ᠪᠤ·ᠲᠡᠮᠦᠷ᠎ᠡ᠂ ᠠᠶ᠎ᠠ ᠶᠢ ᠨᠡᠷᠡᠳᠦ ᠠᠶ᠎ᠠ ᠵᠣᠬᠢᠶᠠᠭᠴᠢ ᠭᠧ᠊᠆·ᠰᠣᠶᠣᠯ ᠵᠣᠬᠢᠶᠠᠪᠠ᠃ ᠲᠡᠷᠡ ᠨᠢ ᠠᠯᠮᠠᠰ ᠤᠨ ᠠᠪᠤ ᠶᠢᠨ ᠢᠶᠠᠨ ᠲᠠᠯᠠᠨ ᠨᠠᠰᠤᠨ ᠤ ᠪᠠᠶᠠᠷ ᠲᠤ | ᠵᠣᠷᠢᠭᠤᠯᠤᠨ ᠳᠠᠭᠤᠯᠠᠭᠰᠠᠨ ᠳᠠᠭᠤᠤ ᠪᠠᠶᠢᠵᠤ᠂ ᠲᠤᠰ ᠳᠠᠭᠤᠤ ᠪᠠᠨ ᠠᠪᠤ ᠳᠠᠭᠠᠨ ᠳᠠᠭᠤᠯᠠᠵᠤ᠂ ᠠᠪᠤ ᠶᠢ ᠪᠠᠨ ᠪᠠᠶᠠᠰᠬᠠᠭᠰᠠᠨ ᠪᠢᠯᠡ᠃ ᠲᠤᠰ ᠳᠠᠭᠤᠤ ᠨᠢ ᠪᠠᠰᠠ | 2018 ᠣᠨ ᠤ ᠥᠪᠥᠷ ᠮᠣᠩᠭᠤᠯ ᠣᠷᠣᠨ ᠤ ᠮᠣᠩᠭᠤᠯ ᠷᠠᠳᠢᠣ᠋ ᠶᠢᠨ ᠵᠣᠬᠢᠶᠠᠯ ᠤᠨ ᠳᠠᠭᠤᠤ ᠶᠢᠨ ᠰᠣᠳᠣᠨ ᠳᠠᠭᠤᠤ ᠶᠢᠨ ᠵᠢᠭᠰᠠᠭᠠᠯᠲᠠ ᠳᠤ ᠰᠠᠷ᠎ᠠ ᠶᠢᠨ ᠮᠠᠩᠯᠠᠢ | ᠪᠣᠯᠣᠨ ᠣᠨ ᠤ ᠮᠠᠩᠯᠠᠢ ᠶᠢ ᠰᠢᠭᠦᠷᠡᠵᠦ᠂ ᠬᠤᠣᠰ ᠱᠠᠩᠨᠠᠯ ᠭᠥᠷᠳᠡᠭᠰᠡᠨ ᠪᠢᠯᠡ᠃ | ᠠᠯᠮᠠᠰ ᠬᠠᠩᠭᠢᠨᠠᠮ᠎ᠠ ᠬᠤᠭᠤᠯᠠᠢ ᠪᠠᠷ ᠢᠶᠠᠨ ᠤᠷᠳᠤ ᠶᠢᠨ ᠳᠠᠭᠤᠤ ᠪᠠᠨ ᠤᠯᠠᠨ ᠲᠦᠮᠡᠨ ᠳᠡᠭᠡᠨ ᠬᠦᠷᠭᠡᠵᠦ᠂ ᠤᠯᠠᠨ ᠲᠦᠮᠡᠨ ᠢ ᠪᠠᠨ ᠭᠠᠶᠢᠬᠠᠭᠤᠯᠵᠤ᠂ | ᠤᠷᠲᠤ ᠶᠢᠨ ᠳᠠᠭᠤᠤ ᠶᠢᠨ ᠥᠪᠡᠷᠮᠢᠴᠡ ᠤᠷᠠᠯᠢᠭ᠂ ᠭᠤᠸ᠎ᠠ ᠵᠦᠢ ᠶᠢᠨ ᠮᠥᠨ ᠴᠢᠨᠠᠷ ᠵᠢᠴᠢ ᠤᠷᠳᠤ ᠶᠢᠨ ᠳᠠᠭᠤᠤ ᠨᠢ ᠥᠪᠡᠷ ᠤᠨ ᠢᠶᠠᠨ ᠬᠡᠪ ᠨᠠᠮᠪᠠ ᠲᠠᠢ ᠪᠥᠭᠡᠳ | ᠰᠢᠨᠵᠢᠯᠡᠬᠦ ᠤᠬᠠᠭᠠᠨᠴᠢ ᠳᠠᠭᠤᠯᠠᠬᠤᠢ ᠶᠢᠨ ᠮᠡᠷᠭᠡᠵᠢᠯ ᠲᠠᠢ ᠭᠡᠳᠡᠭ ᠢ ᠬᠥᠮᠥᠰ ᠲᠤ ᠲᠠᠨᠢᠭᠤᠯᠵᠤ ᠮᠡᠳᠡᠷᠡᠭᠦᠯᠦᠭᠰᠡᠭᠡᠷ ᠢᠷᠡᠭᠰᠡᠨ ᠪᠢᠯᠡ᠃ ᠲᠡᠷᠡ ᠬᠤᠷᠢ ᠰᠢᠬᠠᠮ ᠵᠢᠯ | ᠭᠠᠭᠴᠠ ᠰᠡᠳᠬᠢᠯ ᠢᠶᠠᠷ ᠤᠷᠠᠨ ᠪᠦᠲᠦᠭᠡᠯ ᠪᠣᠯᠣᠨ ᠤᠷᠠᠯᠢᠭ ᠤᠨ ᠲᠠᠶᠢᠰᠠᠨ ᠳᠤ ᠮᠡᠷᠡᠶᠢᠨ ᠵᠢᠳᠬᠦᠵᠦ ᠶᠠᠪᠤᠭᠰᠠᠨ ᠨᠢ ᠲᠡᠭᠦᠨ ᠤ ᠭᠡᠷᠭᠡᠢ ᠶᠢᠨ ᠳᠡᠮᠵᠢᠯᠭᠡ ᠠᠴᠠ | ᠰᠠᠯᠵᠤ ᠦᠯᠦ ᠴᠢᠳᠠᠨ᠎ᠠ᠃ ᠲᠡᠭᠦᠨ ᠤ ᠭᠡᠷᠭᠡᠢ ᠶᠢ ᠢᠷᠭᠤᠢ ᠭᠡᠳᠡᠭ᠂ ᠡᠭᠡᠯ ᠵᠢᠷ ᠤᠨ ᠮᠠᠯᠴᠢᠨ ᠪᠦᠰᠡᠭᠦᠢ ᠪᠣᠯᠣᠨ᠎ᠠ᠂ ᠬᠤᠶᠠᠭᠤᠯᠠ 2005 ᠣᠨ ᠳᠤ ᠠᠶᠢᠯ ᠭᠡᠷ | ᠪᠣᠯᠵᠤ᠂ 2007 ᠣᠨ᠂ 2015 ᠣᠨ ᠳᠤ ᠬᠤᠶᠠᠷ ᠥᠬᠢᠨ ᠦᠷ᠎ᠡ ᠨᠢ ᠮᠡᠨᠳᠦᠯᠡᠵᠤ᠂ ᠲᠦᠷᠪᠡᠨ ᠠᠮᠠ ᠪᠦᠯᠢ ᠲᠠᠢ ᠬᠠᠯᠠᠭᠤᠨ ᠳᠤᠯᠠᠭᠠᠨ ᠵᠣᠯ ᠵᠢᠷᠭᠠᠯᠲᠤ ᠭᠡᠷ ᠪᠦᠯᠢ | ᠪᠣᠯᠤᠭᠰᠠᠨ ᠪᠠᠶᠢᠨ᠎ᠠ᠃ ᠭᠡᠷᠭᠡᠢ ᠨᠢ ᠬᠤᠶᠠᠷ ᠬᠡᠦᠬᠡᠨ ᠢᠶᠠᠨ ᠬᠠᠷᠠᠵᠤ ᠬᠠᠷᠠᠭᠠᠯᠵᠠᠬᠤ ᠶᠢᠨ ᠵᠡᠷᠭᠡ ᠪᠠᠷ ᠦᠷ ᠤᠨ ᠴᠣᠯᠮᠣᠨ ᠲᠠᠢ ᠤᠷᠤᠯᠳᠤᠨ ᠥᠷᠯᠥᠭᠡ ᠶᠢᠨ ᠨᠠᠷᠠ ᠶᠢ | ᠤᠭᠲᠤᠵᠤ᠂ ᠭᠡᠷ ᠤᠨ ᠭᠠᠳᠠᠨ᠎ᠠ ᠳᠣᠲᠣᠨᠠᠬᠢ ᠪᠦᠬᠦᠶᠢᠯᠡ ᠠᠵᠢᠯ ᠢ ᠭᠠᠭᠴᠠᠭᠠᠷ ᠠᠮᠵᠢᠭᠤᠯᠵᠤ᠂ ᠠᠶᠢᠯ ᠭᠡᠷ ᠤᠨ ᠬᠠᠯᠠᠭᠤᠨ ᠭᠤᠯᠣᠮᠲᠠ ᠶᠢ ᠳᠦᠷᠡᠯᠵᠡᠭᠦᠯᠵᠦ ᠶᠠᠪᠤᠨ᠎ᠠ᠃ | ᠡᠶᠢᠮᠦᠷᠬᠦᠦ ᠶᠠᠭᠠᠷᠠᠯᠲᠠᠢ ᠪᠠᠶᠢᠭᠰᠠᠨ ᠴᠤ ᠲᠡᠷᠡ ᠨᠥᠬᠦᠷ ᠲᠡᠭᠡᠨ ᠶᠡᠷᠦ ᠠᠴᠠ ᠭᠤᠮᠣᠳᠠᠯ ᠢᠶᠠᠨ ᠲᠣᠭᠠᠴᠠᠳᠠᠭ ᠦᠭᠡᠢ᠃ ᠲᠡᠭᠦᠨ ᠤ ᠠᠵᠢᠯᠴᠢ ᠭᠦᠳᠡᠯᠮᠦᠷᠢᠴᠢ᠂ | ᠡᠶᠡᠯᠰᠡᠭ ᠳᠠᠷᠤᠤᠬᠠᠨ ᠮᠣᠩᠭᠤᠯ ᠪᠦᠰᠡᠭᠦᠢ ᠶᠢᠨ ᠠᠪᠤᠷᠢ ᠨᠢ ᠠᠯᠮᠠᠰ ᠲᠤ ᠮᠠᠰᠢ ᠶᠡᠭᠡ ᠰᠡᠳᠬᠢᠯ ᠤᠨ ᠲᠦᠰᠢᠭ ᠪᠣᠯᠣᠭᠰᠠᠭᠠᠷ ᠢᠷᠡᠵᠠᠢ᠃ | | | ᠤᠳᠤ ᠶᠡᠭᠡ ᠬᠡᠦᠬᠡᠨ ᠢᠪᠡᠭᠡᠯ ᠨᠢ ᠬᠠᠶᠢᠯᠠᠷ ᠲᠠᠬᠢ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠳᠡᠭᠡᠳᠦ ᠨᠢᠭᠡᠳᠦᠭᠡᠷ ᠣᠨ ᠳᠤ ᠰᠤᠷᠤᠯᠴᠠᠵᠤ᠂ ᠪᠠᠭ᠎ᠠ ᠬᠡᠦᠬᠡᠨ | ᠢᠵᠢᠯ ᠨᠢ ᠬᠠᠭᠤᠴᠢᠨ ᠪᠠᠷᠭᠤ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠳᠤ ᠰᠤᠷᠤᠯᠴᠠᠵᠤ ᠪᠤᠢ᠃ ᠬᠤᠶᠠᠷ ᠬᠡᠦᠬᠡᠨ ᠨᠢ ᠬᠢᠴᠢᠶᠡᠯ | ᠰᠤᠷᠤᠯᠭ᠎ᠠ ᠳᠠᠭᠠᠨ ᠴᠢᠷᠮᠠᠶᠢᠯᠲᠠ ᠲᠠᠢ ᠮᠥᠷᠲᠡᠭᠡᠨ ᠶᠡᠭᠡ ᠥᠬᠢᠨ ᠨᠢ ᠴᠡᠴᠡᠷᠯᠢᠭ ᠠᠴᠠ ᠪᠠᠨ ᠡᠬᠢᠯᠡᠨ ᠡᠯ᠎ᠡ ᠵᠦᠢᠯ ᠤᠨ ᠲᠤᠬᠯᠠᠯᠳᠠ ᠳᠤ ᠤᠷᠤᠯᠴᠠᠵᠤ᠂ ᠪᠠᠭ᠎ᠠ ᠥᠬᠢᠨ | ᠨᠢ ᠮᠣᠩᠭᠤᠯ ᠰᠢᠲᠠᠷ᠎ᠠ ᠪᠣᠯᠣᠨ ᠵᠢᠷᠤᠭ ᠵᠢᠷᠤᠬᠤ ᠳᠠᠭᠠᠨ ᠰᠠᠶᠢᠨ ᠪᠠᠶᠢᠵᠤ᠂ ᠡᠨᠡ ᠵᠢᠯ ᠤᠨ ᠵᠢᠷᠭᠤᠭᠠᠨ ᠰᠠᠷ᠎ᠠ ᠶᠢᠨ ᠨᠢᠭᠡᠨ ᠳᠤ ᠬᠠᠭᠤᠴᠢᠨ ᠪᠠᠷᠭᠤ ᠬᠤᠰᠢᠭᠤᠨ ᠤ | ᠲᠡᠰ ᠤᠨ︽ᠭᠤᠷᠪᠠᠨ ᠰᠠᠶᠢᠨᠲᠠᠢ ᠰᠤᠷᠤᠬᠴᠢ︾ ᠪᠠᠷ ᠦᠨᠡᠯᠡᠭᠳᠡᠵᠦ᠂ ᠠᠪᠤ ᠡᠵᠢ ᠶᠢ ᠪᠠᠨ ᠪᠠᠶᠠᠷᠯᠠᠭᠤᠯᠪᠠ᠃ | — ᠮᠠᠯᠴᠢᠨ ᠤ ᠬᠦᠦ ᠪᠠᠶᠢᠭᠰᠠᠨ ᠠᠴᠠ ᠪᠠᠨ ᠠᠷᠠᠳ ᠤᠨ ᠤᠷᠠᠯᠢᠭᠴᠢᠨ ᠪᠣᠯᠵᠤ ᠬᠥᠮᠥᠵᠢᠭᠳᠡᠭᠰᠡᠨ ᠨᠠᠳᠠ ᠳᠤ ᠤᠯᠠᠭᠠᠨᠮᠥ᠋ᠴᠢᠷ ᠯᠤᠲᠤ ᠶᠡᠭᠡ ᠲᠠᠪᠴᠠᠩ | ᠬᠠᠩᠭᠠᠭᠰᠠᠨ ᠶᠤᠮ᠃ ᠤᠯᠠᠭᠠᠨᠮᠥ᠋ᠴᠢᠷ ᠪᠣᠯ ᠴᠢᠳᠠᠪᠤᠷᠢᠲᠠᠨ ᠢ ᠬᠥᠮᠥᠵᠢᠭᠦᠯᠬᠦ ᠥᠯᠥᠭᠡᠢ᠂ ᠮᠢᠨᠤ ᠣᠳᠣᠬᠢ ᠥᠩᠭᠡ ᠭᠡᠷᠡᠯ᠂ ᠢᠷᠠᠭᠤ ᠠᠯᠳᠠᠷ ᠢ ᠪᠦᠷ ᠤᠯᠠᠭᠠᠨᠮᠥ᠋ᠴᠢᠷ | ᠠᠴᠠ ᠣᠯᠭᠤᠵᠤ ᠥᠭᠭᠦᠭᠰᠡᠨ ᠶᠤᠮ ᠭᠡᠵᠦ ᠠᠯᠮᠠᠰ ᠤᠯᠠᠭᠠᠨᠮᠥ᠋ᠴᠢᠷ ᠢᠶᠠᠷ ᠢᠶᠠᠨ ᠣᠮᠣᠭᠰᠢᠯ ᠪᠤᠯᠭᠠᠵᠤ ᠶᠠᠷᠢᠨ᠎ᠠ᠃ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠃ ᠥᠨᠢ ᠤᠳᠠᠭᠠᠨ ᠤᠷᠠᠯᠢᠭ ᠰᠣᠶᠣᠯ ᠤᠨ ᠰᠢᠮ᠎ᠡ ᠬᠥᠷᠥᠰᠥᠨ ᠳᠤ ᠤᠷᠳᠦ ᠶᠢᠨ ᠳᠠᠭᠤᠤ | ᠪᠣᠯ ᠠᠷᠠᠳ ᠤᠨ ᠤᠷᠠᠯᠢᠭ ᠤᠨ ᠣᠮᠲᠣᠭᠠᠶᠢᠯᠠᠵᠤ ᠪᠣᠯᠣᠰᠢ ᠦᠭᠡᠢ ᠰᠣᠳᠣᠨ ᠨᠢᠭᠡ ᠬᠡᠰᠡᠭ ᠪᠤᠯᠬᠤ ᠶᠤᠮ᠃ ᠠᠯᠮᠠᠰ ᠤᠷᠳᠤ ᠶᠢᠨ ᠳᠠᠭᠤᠤ ᠪᠠᠨ ᠥᠪᠯᠡᠵᠦ | ᠶᠠᠪᠤᠭ᠎ᠠ ᠳᠠᠭᠠᠨ ᠥᠪᠡᠷ ᠢ ᠪᠠᠨ ᠠᠵᠠ ᠲᠠᠢ ᠬᠥᠮᠥᠨ ᠭᠡᠵᠦ ᠪᠤᠳᠤᠵᠤ ᠶᠠᠪᠤᠨ᠎ᠠ᠂ ᠲᠡᠷᠡ ᠪᠠᠰᠠ ᠮᠣᠩᠭᠤᠯ ᠤᠷᠳᠤ ᠶᠢᠨ ᠳᠠᠭᠤᠤ ᠪᠠᠨ ᠨᠡᠩ ᠤᠯᠠᠨ ᠬᠥᠮᠥᠰ ᠤᠨ | ᠰᠣᠨᠣᠷ ᠲᠤ ᠬᠦᠷᠭᠡᠬᠦ ᠭᠡᠵᠦ ᠬᠢᠴᠢᠶᠡᠨ ᠵᠢᠳᠬᠦᠵᠦ ᠶᠠᠪᠤᠨ᠎ᠠ᠃ ᠲᠡᠷᠡ ᠬᠤᠷᠢᠭᠠᠳ ᠵᠢᠯ ᠤᠨ ᠤᠷᠠᠯᠢᠭ ᠤᠨ ᠠᠶᠠᠨ ᠳᠠᠭᠠᠨ ᠤᠯᠠᠨ ᠰᠠᠶᠢᠬᠠᠨ ᠱᠠᠩᠨᠠᠯ ᠬᠥᠬᠢᠭᠦᠯᠦᠯ | ᠲᠤᠰᠴᠤ ᠦᠢᠯᠡᠰ ᠤᠨ ᠵᠠᠮ ᠢᠶᠠᠨ ᠭᠡᠷᠡᠯᠳᠦᠭᠦᠯᠵᠤ ᠢᠷᠡᠭᠰᠡᠨ ᠪᠢᠯᠡ᠃ | ᠲᠡᠷᠡ 2006 ᠣᠨ ᠤ 7 ᠰᠠᠷ᠎ᠠ ᠳᠤ ᠪᠦᠭᠦ ᠣᠷᠣᠨ ᠤ ᠠᠩᠬᠠᠳᠠᠭᠴᠢ ᠬᠤᠭᠤᠴᠠᠭᠠᠨ ᠤ︽ᠪᠤᠶᠠᠨᠳᠡᠯᠭᠡᠷ ᠬᠤᠨᠳᠠᠭᠠᠲᠤ︾ᠮᠣᠩᠭᠤᠯ ᠦᠨᠳᠦᠰᠦᠲᠡᠨ ᠤ ᠤᠷᠳᠤ | ᠶᠢᠨ ᠲᠠᠭᠤᠴᠢᠳ ᠤᠨ ᠤᠷᠤᠯᠳᠤᠭᠠᠨ ᠳᠤ ᠣᠷᠣᠯᠴᠠᠭᠠᠳ ᠲᠤᠰᠬᠠᠢ ᠮᠡᠷᠭᠡᠵᠢᠯ ᠤᠨ ᠳᠤᠭᠤᠶᠢᠯᠠᠩ ᠤᠨ ᠭᠤᠷᠪᠠᠳᠤᠭᠠᠷ ᠲᠡᠰ ᠤᠨ ᠱᠠᠩᠨᠠᠯ ᠢ ᠬᠦᠷᠲᠡᠵᠦ᠂ 2006 | ᠣᠨ ᠤ 11 ᠰᠠᠷ᠎ᠠ ᠳᠤ ᠪᠣᠯᠤᠭᠰᠠᠨ ᠨᠠᠢᠮᠠᠨ ᠮᠤᠵᠢ ᠣᠷᠣᠨ ᠤ ᠠᠩᠬᠠᠳᠤᠭᠠᠷ ᠤᠳᠠᠭᠠᠨ ᠤ ᠮᠣᠩᠭᠤᠯ ᠦᠨᠳᠦᠰᠦᠲᠡᠨ ᠤ ᠳᠠᠭᠤᠤ ᠶᠢᠨ ᠲᠧᠯᠸᠢᠰ ᠱᠠᠩᠨᠠᠯᠲᠤ | ᠤᠷᠤᠯᠳᠤᠭᠠᠨ ᠳᠤ ᠲᠤᠰᠬᠠᠢ ᠮᠡᠷᠭᠡᠵᠢᠯ ᠤᠨ ᠳᠤᠭᠤᠶᠢᠯᠠᠩ ᠤᠨ ᠰᠢᠯᠢᠳᠡᠭ ᠱᠠᠩᠨᠠᠯ ᠢ ᠲᠤᠰᠴᠤ ᠶᠠᠪᠤᠭᠰᠠᠨ ᠪᠢᠯᠡ᠃ | — ᠮᠣᠩᠭᠤᠯ ᠬᠥᠮᠥᠨ ᠳᠠᠭᠤᠯᠠᠵᠤ ᠲᠡᠭᠷᠢ ᠪᠠᠶᠠᠰᠬᠠᠨ᠎ᠠ᠂ ᠮᠣᠩᠭᠤᠯ ᠮᠣᠷᠢ ᠳᠣᠪᠲᠣᠯᠵᠤ ᠭᠠᠵᠠᠷ ᠪᠠᠶᠠᠰᠬᠠᠨ᠎ᠠ ᠭᠡᠳᠡᠭ ᠢᠶᠠᠷ ᠪᠢ ᠵᠠᠯᠠᠭᠤ ᠨᠠᠰᠤᠨ ᠤ ᠠᠯᠢᠪᠠ | ᠰᠠᠶᠢᠨ ᠰᠠᠶᠢᠬᠠᠨ ᠢᠲᠡᠭᠡᠯ ᠬᠦᠰᠡᠯ᠂ ᠤᠷᠮ᠎ᠠ ᠵᠣᠷᠢᠭ᠂ ᠠᠶ᠎ᠠ ᠳᠠᠭᠤᠤ ᠪᠠᠨ ᠪᠦᠭᠦᠨ ᠢ ᠤᠯᠠᠭᠠᠨᠮᠥ᠋ᠴᠢᠷ ᠲᠡᠭᠡᠨ ᠡᠷᠭᠦᠵᠦ ᠢᠷᠡᠯ᠎ᠡ᠂ ᠬᠤᠶᠢᠰᠢᠳᠠ ᠦᠷᠭᠦᠯᠵᠢᠯᠡᠨ ᠤᠯᠠᠨ | ᠰᠠᠶᠢᠬᠠᠨ ᠠᠶ᠎ᠠ ᠳᠠᠭᠤᠤ ᠶᠢᠨ ᠰᠢᠨ᠎ᠡ ᠤᠷᠠᠨ ᠪᠦᠲᠦᠭᠡᠯ ᠢᠶᠠᠨ ᠤᠯᠠᠨ ᠲᠦᠮᠡᠨ ᠳᠡᠭᠡᠨ ᠡᠷᠭᠦᠵᠦ᠂ ᠤᠶᠠᠩᠭᠠᠲᠠᠢ ᠰᠠᠶᠢᠬᠠᠨ ᠮᠣᠩᠭᠤᠯ ᠤᠷᠳᠤ ᠶᠢᠨ ᠳᠠᠭᠤᠤ ᠪᠠᠷ ᠢᠶᠠᠨ | ᠨᠡᠩ ᠤᠯᠠᠨ ᠬᠥᠮᠥᠰ ᠤᠨ ᠰᠣᠨᠣᠷ ᠢ ᠪᠠᠶᠠᠰᠬᠠᠵᠤ ᠶᠠᠪᠤᠬᠤ ᠪᠠᠷ ᠴᠢᠷᠮᠠᠶᠢᠨ᠎ᠠ ᠭᠡᠵᠦ ᠠᠯᠮᠠᠰ ᠪᠠᠶᠠᠷᠲᠠᠢ ᠶᠠᠷᠢᠨ᠎ᠠ᠃ | ᠬᠥᠮᠥᠨ ᠥᠪᠡᠷ ᠤᠨ ᠳᠤᠷᠠᠲᠠᠢ ᠵᠦᠢᠯᠡᠰ ᠢᠶᠠᠨ ᠬᠢᠵᠦ ᠠᠮᠢᠳᠤᠷᠠᠨ᠎ᠠ ᠭᠡᠳᠡᠭ ᠨᠢ ᠶᠡᠭᠡ ᠠᠵᠠ ᠲᠠᠢ ᠶᠠᠪᠤᠳᠠᠯ ᠪᠠᠶᠢᠵᠤ ᠲᠠᠭᠠᠷᠠᠨ᠎ᠠ᠃ ᠤᠳᠤᠮᠲᠤ ᠮᠣᠩᠭᠤᠯ ᠤᠨ | ᠮᠠᠯᠴᠢᠨ ᠵᠠᠶᠠᠭ᠎ᠠ ᠪᠠᠨ ᠲᠦᠰᠢᠭᠰᠡᠨ ᠬᠠᠨᠢ ᠢᠵᠢᠯᠢ ᠲᠠᠢ᠂ ᠤᠷᠳᠦ ᠶᠢᠨ ᠳᠠᠭᠤᠤ ᠪᠠᠨ ᠥᠪᠯᠡᠨ ᠤᠯᠠᠮᠵᠢᠯᠠᠬᠤ ᠦᠢᠯᠡᠰ ᠲᠠᠢ ᠳᠠᠭᠤᠴᠢᠨ ᠠᠯᠮᠠᠰ ᠤᠷᠳᠦ ᠶᠢᠨ ᠳᠠᠭᠤᠤ | ᠪᠠᠷ ᠢᠶᠠᠨ ᠪᠠᠭ᠋ᠠᠷᠬᠠᠭᠰᠠᠭᠠᠷ ᠁ ᠲᠡᠷᠡ ᠤᠷᠠᠯᠢᠭ ᠤᠨ ᠡᠭᠡᠰᠢᠭᠯᠡᠩ ᠬᠥᠳᠡᠭᠡ ᠲᠠᠯ᠎ᠠ ᠶᠢᠨ ᠢᠶᠠᠨ ᠥᠷᠥᠴᠡᠨ ᠳᠤ᠂ ᠮᠠᠯᠴᠢᠨ ᠲᠦᠮᠡᠨ ᠤ ᠳᠡᠷᠭᠡᠳᠡ ᠳᠠᠭᠤᠤ ᠪᠠᠨ | ᠳᠠᠭᠤᠯᠠᠭᠰᠠᠭᠠᠷ ᠁ |