ᠬᠥᠯᠥᠨ ᠪᠤᠶᠢᠷ ᠬᠤᠲᠠ ᠶᠢᠨ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ 1
ᠨᠡᠶᠢᠲᠡᠯᠡᠭᠰᠡᠨ ᠴᠠᠭ᠄
2023/7/18
       ᠬᠥᠯᠥᠨ ᠪᠤᠶᠢᠷ ᠬᠤᠲᠠ ᠶᠢᠨ ᠦᠨᠳᠦᠰᠦᠨ ᠱᠠᠲᠤᠨ ᠤ ᠭᠤᠤᠯᠯᠠᠭᠴᠢ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠷᠭᠡᠨ ᠤᠯᠠᠨ ᠲᠦᠮᠡᠨ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠷᠦᠬᠡ ᠶᠢᠨ ᠴᠡᠷᠢᠭ ᠤᠨ ᠠᠵᠢᠯ ᠢ ᠳᠡᠮᠵᠢᠵᠦ ᠣᠷᠣᠯᠴᠠᠬᠤ ᠤᠯᠤᠰ ᠲᠥᠷᠥ ᠶᠢᠨ ᠢᠷᠠᠭᠤ ᠠᠯᠳᠠᠷᠲᠤ ᠰᠡᠳᠬᠢᠯᠭᠡ᠂ ᠣᠶᠤᠨ ᠰᠠᠨᠠᠭᠠᠨ ᠤ ᠬᠦᠷᠲᠡᠮᠵᠢ ᠶᠢᠨ ᠰᠡᠳᠬᠢᠯᠭᠡ ᠪᠣᠯᠣᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠬᠥᠭᠵᠢᠭᠡᠵᠦ᠂ ᠪᠥᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠠᠭᠤᠷᠢ ᠶᠢ ᠠᠯᠬᠤᠮ ᠴᠢᠨᠠᠭᠰᠢᠳᠠ ᠪᠠᠬᠢᠵᠢᠭᠦᠯᠵᠦ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃       ᠨᠢᠭᠡ᠂ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢ ᠬᠦᠷᠲᠡᠭᠰᠡᠳ       ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢ ᠬᠦᠷᠲᠡᠭᠰᠡᠳ ᠨᠢ ᠬᠥᠯᠥᠨ ᠪᠤᠶᠢᠷ ᠬᠤᠲᠠ ᠶᠢᠨ ᠣᠷᠣᠨ ᠲᠤᠭ᠎ᠠ ᠳᠤ ᠪᠠᠶᠢᠭ᠎ᠠ ᠭᠤᠤᠯᠯᠠᠭᠴᠢ ᠡᠷᠦᠬᠡ ᠶᠢᠨ ᠴᠡᠷᠢᠭ ᠵᠢᠴᠢ  ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ ᠪᠣᠯᠣᠨ᠎ᠠ᠃ ᠭᠤᠤᠯᠯᠠᠭᠴᠢ ᠡᠷᠦᠬᠡ ᠶᠢᠨ ᠴᠡᠷᠢᠭ ᠤᠨ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠤᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠪᠠᠶᠢᠵᠤ᠂ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠬᠥᠯᠥᠨ ᠪᠤᠶᠢᠷ ᠤᠨ ᠴᠡᠷᠢᠭ ᠤᠨ ᠬᠤᠪᠢᠶᠠᠷᠢ ᠲᠣᠭᠤᠷᠢᠭ ᠤᠨ ᠲᠡᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠪᠣᠯᠣᠨ ᠬᠠᠮᠢᠶ᠎ᠠ ᠪᠦᠬᠦᠢ ᠬᠤᠰᠢᠭᠤ ᠬᠤᠲᠠ ᠲᠣᠭᠤᠷᠢᠭ ᠵᠢᠴᠢ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠷᠣᠭᠰᠢ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠭᠡᠵᠦ ᠲᠣᠪᠴᠢᠯᠠᠨ᠎ᠠ︶ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠭᠡᠷᠡᠴᠢᠯᠡᠭᠡ ᠬᠠᠩᠭᠠᠨ᠎ᠠ᠃       ᠬᠤᠶᠠᠷ᠂ ᠬᠠᠷᠠᠭᠠᠯᠵᠠᠯ ᠤᠨ ᠦᠢᠯᠡᠴᠢᠯᠡᠭᠡ ᠪᠠ ᠡᠷᠬᠡ ᠠᠰᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠦᠢᠯᠡᠴᠢᠯᠡᠭᠡᠨ ᠤ ᠴᠤᠩᠬᠤᠪᠴᠢ ᠲᠣᠬᠢᠷᠠᠭᠤᠯᠬᠤ       ᠪᠥᠬᠦ ᠬᠤᠲᠠ ᠶᠢᠨ ᠡᠯ᠎ᠡ ᠱᠠᠲᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠵᠠᠰᠠᠭ ᠤᠨ ᠶᠠᠪᠤᠳᠠᠯ ᠤᠨ ᠶᠡᠭᠡ ᠲᠢᠩᠬᠢᠮ︶᠂ ᠨᠥᠬᠦᠴᠡᠯ ᠪᠦᠷᠢᠳᠦᠭᠰᠡᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠪᠠᠩᠬᠢ ᠶᠢᠨ ᠦᠢᠯᠡᠴᠢᠯᠡᠭᠡᠨ ᠤ ᠲᠣᠣᠷ ᠴᠡᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠤᠷ ᠣᠷᠳᠣᠨ᠂ ᠬᠤᠲᠠ ᠶᠢᠨ ᠴᠡᠴᠡᠷᠯᠢᠭ ᠲᠤ ᠭᠤᠤᠯᠯᠠᠭᠴᠢ ᠡᠷᠦᠬᠡ ᠶᠢᠨ ᠴᠡᠷᠢᠭ ᠤᠨ ᠦᠢᠯᠡᠴᠢᠯᠡᠭᠡᠨ ᠤ ᠴᠤᠩᠬᠤᠪᠴᠢ ᠲᠣᠬᠢᠷᠠᠭᠤᠯᠬᠤ ᠶᠢᠨ ᠬᠠᠮᠲᠤ ᠢᠯᠡᠷᠬᠡᠢ ᠲᠡᠮᠳᠡᠭ ᠲᠠᠯᠪᠢᠨ᠎ᠠ᠃       ︵ᠬᠤᠶᠠᠷ︶ ᠤᠷᠢᠳᠠᠴᠢ ᠦᠢᠯᠡᠴᠢᠯᠡᠭᠡ ᠬᠠᠩᠭᠠᠨ᠎ᠠ       ᠭᠤᠣᠯᠯᠠᠭᠴᠢ ᠡᠷᠦᠭᠡ ᠶᠢᠨ ᠴᠡᠷᠢᠭ ᠨᠢ ᠪᠦᠬᠦ ᠬᠤᠳᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠷᠣᠨ ᠤ ᠳᠣᠲᠣᠷ᠎ᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠤᠨ ᠲᠣᠭᠲᠠᠭᠠᠯ ᠶᠣᠰᠣᠭᠠᠷ᠂ ︽ᠭᠤᠣᠯᠯᠠᠭᠴᠢ ᠡᠷᠦᠭᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠦᠢᠯᠡᠴᠢᠯᠡᠭᠡ ᠶᠢ ᠤᠷᠢᠳᠠᠪᠠᠷ ᠬᠦᠷᠲᠡᠨ᠎ᠠ᠄       1. ᠴᠣᠩᠬᠤᠪᠴᠢ ᠦᠢᠯᠡᠴᠢᠯᠡᠭᠡᠨ ᠤ ᠨᠥᠬᠦᠴᠡᠯ ᠢ ᠪᠦᠷᠢᠯᠳᠦᠭᠦᠯᠦᠭᠰᠡᠨ ᠲᠠᠯᠠᠪᠤᠷ ᠭᠠᠵᠠᠷ ᠲᠤ ᠡᠷᠦᠬᠡ ᠠᠮᠠ᠂ ᠣᠷᠤᠭ ᠤᠨ ᠶᠠᠪᠤᠳᠠᠯ᠂ ᠥᠯᠥ ᠬᠥᠳᠡᠯᠬᠦ ᠬᠥᠷᠥᠩᠭᠡ ᠵᠡᠷᠭᠡ ᠬᠠᠮᠢᠶ᠎ᠠ ᠪᠦᠬᠦᠢ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠬᠦ ᠬᠠᠷᠠᠭᠠᠯᠵᠠᠯ ᠬᠦᠷᠲᠡᠨ᠎ᠡ᠃       2. ᠠᠵᠢᠯ ᠤᠯᠭᠤᠬᠤ ᠦᠢᠯᠡᠰ ᠴᠣᠭᠴᠠᠯᠠᠬᠤ ᠶᠢ ᠲᠡᠳᠬᠦᠬᠦ ᠪᠠ ᠠᠵᠢᠯ ᠤᠯᠭᠤᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃       3. ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠲᠡᠷᠭᠡᠨ ᠳᠤ ᠰᠠᠭᠤᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠦᠷᠲᠡᠭᠡᠨ᠎ᠡ᠃       4. ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠵᠢᠴᠢ ᠠᠷᠠᠳ  ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠴᠢᠯᠡᠭᠦᠯᠬᠦ ᠳᠤ ᠳ᠋ᠤᠭᠠᠷᠯᠠᠬᠤ᠂ ᠰᠢᠨᠵᠢᠯᠡᠨ ᠰᠢᠯᠭᠠᠬᠤ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠤᠷᠢᠳᠠᠪᠠᠷ ᠬᠦᠷᠲᠡᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ