ᠬᠥᠯᠥᠨ ᠪᠤᠶᠢᠷ ᠬᠤᠲᠠ ᠶᠢᠨ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ 2
ᠨᠡᠶᠢᠲᠡᠯᠡᠭᠰᠡᠨ ᠴᠠᠭ᠄
2023/7/18
       5. ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠡᠭ ᠲᠤ ᠡᠷᠦᠬᠡ ᠳᠠᠩᠰᠠᠯᠠᠬᠤ ᠦᠭᠡᠶᠢᠰᠬᠡᠬᠦ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠯᠬᠡᠨ᠎ᠡ᠃       6. ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠠᠶᠢᠯᠪᠤᠷᠢᠯᠠᠬᠤ᠂ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠦᠷᠲᠡᠭᠡᠨ᠎ᠡ᠃       ︵ᠭᠤᠷᠪᠠ︶ ᠬᠠᠷᠠᠭᠠᠯᠵᠠᠯ ᠤᠨ ᠦᠢᠯᠡᠴᠢᠯᠡᠭᠡ ᠬᠠᠩᠭᠠᠨ᠎ᠠ       ᠭᠤᠣᠯᠯᠠᠭᠴᠢ ᠡᠷᠦᠭᠡ ᠶᠢᠨ ᠴᠡᠷᠢᠭ ᠨᠢ ᠪᠦᠬᠦ ᠬᠤᠳᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠷᠣᠨ ᠳᠤᠲᠤᠷ᠎ᠠ ︽ᠭᠤᠣᠯᠯᠠᠭᠴᠢ ᠡᠷᠦᠭᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ ᠬᠦᠷᠳᠡᠨ᠎ᠡ᠄       1. ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯᠠᠪᠤᠷ ᠣᠷᠳᠣᠨ᠂ ᠠᠯᠪᠠᠨ ᠠᠴᠠ ᠪᠠᠶᠢᠭᠤᠯᠤᠭᠰᠠᠨ ᠨᠣᠮ ᠤᠨ ᠰᠠᠩ᠂ ᠰᠣᠶᠣᠯ ᠤᠷᠠᠯᠢᠭ ᠤᠨ ᠣᠷᠳᠣᠨ᠂ ᠦᠵᠡᠰᠬᠦᠯᠡᠩ ᠤᠨ ᠲᠥᠪ᠂ ᠮᠦᠽᠧᠢ᠂ ᠳᠤᠷᠠᠰᠬᠠᠯ ᠤᠨ ᠣᠷᠳᠣᠨ᠂ ᠬᠤᠲᠠ ᠶᠢᠨ ᠴᠡᠴᠡᠷᠯᠢᠭ᠂ ᠨᠡᠭᠡᠭᠡᠯᠲᠡᠲᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠠᠯᠳᠠᠷᠲᠤ ᠬᠠᠭᠤᠴᠢᠳ ᠪᠠ ᠡᠯ᠎ᠡ ᠲᠥᠷᠥᠯ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢᠶᠠᠷ ᠲᠣᠭᠤᠷᠢᠨ ᠵᠤᠭᠠᠴᠠᠬᠤ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠪᠠᠯ ᠠᠯᠪᠠᠨ ᠴᠡᠷᠢᠭ ᠯᠦᠭᠡ ᠠᠳᠠᠯᠢᠬᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠥᠷᠳᠡᠨ᠎ᠠ᠃       2. ︽ᠥᠪᠡᠷᠲᠡᠭᠡᠨ ᠵᠠᠰᠠᠬᠤ ᠣᠷᠣᠨ ᠤ ᠭᠤᠤᠯᠯᠠᠭᠴᠢ ᠡᠷᠦᠬᠡ ᠶᠢᠨ ᠴᠡᠷᠢᠭ ᠤᠨ ᠬᠤᠪᠢ ᠬᠥᠮᠥᠨ ᠤ ᠺᠠᠷᠲ ᠭᠦᠢᠴᠡᠳᠬᠡᠬᠦ ᠳᠤ ᠬᠠᠷᠠᠭᠠᠯᠵᠠᠯ ᠬᠦᠷᠲᠡᠭᠡᠬᠦ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ ᠶᠢᠨ ᠮᠡᠳᠡᠭᠳᠡᠯ︾ ︵ᠨᠡᠮᠡᠬᠦ ᠬᠠᠮᠢᠶᠠᠷᠬᠤ ﹇2020﹈ 68 ᠳ᠋ᠤᠭᠠᠷ ᠲᠣᠭᠠᠲᠤ︶᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠣᠷᠤᠯᠠᠭᠤᠯᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠯᠠᠭᠴᠢ ᠡᠷᠦᠬᠡ ᠶᠢᠨ ᠴᠡᠷᠢᠭ ᠤᠨ ᠲᠣᠰᠣ ᠨᠡᠮᠡᠬᠦ ᠬᠠᠷᠠᠭᠠᠯᠵᠠᠯ ᠤᠨ ᠲᠥᠰᠥᠯ︾ ᠶᠣᠰᠣᠭᠠᠷ᠂ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ︵ᠰᠢᠲᠠᠮᠠᠬᠠᠢ ᠬᠡᠢ︶ ᠥᠷᠲᠡᠭᠡ ᠳᠤ ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠤ ᠲᠣᠰᠣ ᠨᠡᠮᠡᠬᠦ ᠬᠢᠮᠳᠠᠷᠠᠯ ᠤᠨ ᠬᠠᠷᠠᠭᠠᠯᠵᠠᠯ ᠭᠥᠷᠳᠡᠨ᠎ᠡ᠃       3. ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠰᠦᠯᠵᠢᠶ᠎ᠡ ᠳᠤ ᠬᠤᠪᠢ ᠬᠥᠮᠥᠨ ᠤ ᠭᠠᠷ ᠤᠲᠠᠰᠤᠨ ᠤ ᠴᠢᠮᠡᠭᠡ ᠬᠤᠯᠪᠣᠭᠠᠨ ᠤ ᠬᠢᠮᠳᠠᠷᠠᠯ ᠤᠨ ᠬᠠᠷᠠᠭᠠᠯᠵᠠᠯ ᠢ ᠭᠥᠷᠳᠡᠵᠦ᠂ ᠪᠣᠳᠠᠲᠠᠢ  ᠬᠢᠮᠳᠠᠷᠠᠯ ᠤᠨ ᠬᠠᠷᠢᠴᠠᠯ ᠳᠤ ᠳᠤᠮᠳᠠᠳᠤ ᠤᠯᠤᠰ ᠤᠨ ᠰᠢᠯᠵᠢᠮᠡᠯ ᠮᠡᠳᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠲᠣᠣᠷ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ ᠶᠢᠨ ᠲᠤᠭᠲᠠᠭᠠᠯ ᠢ ᠬᠡᠷᠡᠭᠵᠢᠬᠦᠯᠦᠨ᠎ᠡ᠃       4. ᠬᠥᠯᠥᠨ ᠪᠤᠶᠢᠷ ᠬᠤᠲᠠ ᠶᠢᠨ ᠬᠠᠷᠢᠶ᠎ᠠ ᠲᠣᠭᠤᠷᠢᠭ ᠤᠨ ᠳᠣᠲᠣᠷᠠᠬᠢ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠰᠢᠰᠲ᠋ᠧᠮ ᠤᠨ ᠡᠯ᠎ᠡ ᠲᠣᠰᠣ ᠨᠡᠮᠡᠬᠦ ᠥᠷᠲᠡᠭᠡ ᠳᠤ ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠤ ᠲᠣᠰᠣ ᠨᠡᠮᠡᠬᠦ ᠳᠤ ᠬᠢᠮᠳᠠᠷᠠᠯ ᠤᠨ ᠬᠠᠷᠠᠭᠠᠯᠵᠠᠯ ᠢ ᠭᠥᠷᠳᠡᠵᠦ᠂ ᠪᠣᠳᠠᠲᠠᠢ ᠬᠢᠮᠳᠠᠷᠠᠯ ᠤᠨ ᠬᠠᠷᠢᠴᠠᠯ ᠨᠢ ᠲᠣᠰ ᠲᠣᠰᠣ ᠨᠡᠮᠡᠬᠦ ᠥᠷᠲᠡᠭᠡ ᠶᠢᠨ ᠲᠤᠬᠠᠢ ᠶᠢᠨ ᠡᠳᠦᠷ ᠤᠨ ᠬᠠᠮᠤᠭ ᠤᠨ ᠳᠣᠣᠷ᠎ᠠ ᠠᠰᠢᠭ ᠣᠯᠭᠤᠬᠤ ᠪᠠᠷᠢᠮᠵᠢᠶ᠎ᠠ ᠪᠣᠯᠣᠨ᠎ᠠ᠃       5. ᠬᠥᠯᠥᠨ ᠪᠤᠶᠢᠷ ᠤᠨ ᠲᠢᠶᠠᠨ ᠢ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠦᠮᠦᠨ ᠦᠭᠡᠢ ᠨᠢᠰᠬᠡᠯ ᠤᠨ ᠵᠢᠯᠣᠭᠤᠴᠢ ᠶᠢᠨ ᠪᠣᠯᠪᠠᠰᠤᠷᠠᠭᠤᠯᠤᠯ ᠳᠤ ᠨᠡᠷ᠎ᠡ ᠮᠡᠳᠡᠬᠦᠯᠪᠡᠯ ᠰᠤᠷᠤᠯᠭ᠎ᠠ ᠶᠢᠨ ᠰᠦᠢᠳᠬᠡᠯ ᠤᠨ ᠬᠢᠮᠳᠠᠷᠠᠯ ᠤᠨ ᠬᠠᠷᠠᠭᠠᠯᠵᠠᠯ ᠭᠥᠷᠳᠡᠨ᠎ᠡ᠂ ᠪᠣᠳᠠᠲᠠᠢ ᠬᠢᠮᠳᠠᠷᠠᠯ ᠤᠨ ᠬᠠᠷᠢᠴᠠᠯ ᠢ ᠬᠥᠯᠥᠨ ᠪᠤᠶᠢᠷ ᠤᠨ ᠲᠢᠶᠠᠨ ᠢ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠲᠣᠭᠲᠠᠭᠠᠨ᠎ᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ