ᠬᠥᠯᠥᠨ ᠪᠤᠶᠢᠷ ᠬᠤᠲᠠ ᠶᠢᠨ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ 5
ᠨᠡᠶᠢᠲᠡᠯᠡᠭᠰᠡᠨ ᠴᠠᠭ᠄
2023/7/18
       ᠳᠥᠷᠪᠡ᠂ ᠠᠵᠢᠯ ᠤᠨ ᠱᠠᠭᠠᠷᠳᠠᠯᠭ᠎ᠠ       ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠢ ᠭᠦᠨᠵᠡᠭᠡᠢ ᠠᠬᠢᠭᠤᠯᠬᠤ ᠶᠢᠨ ᠴᠢᠬᠤᠯᠠ ᠠᠭᠤᠯᠭ᠎ᠠ ᠮᠥᠨ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠯ᠎ᠡ ᠵᠦᠢᠯ ᠤᠨ ᠬᠠᠷᠠᠭᠠᠯᠵᠠᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃       ︵ᠬᠤᠶᠠᠷ︶ ᠤᠬᠠᠭᠤᠯᠤᠯ ᠪᠤᠯᠪᠠᠰᠤᠷᠠᠭᠤᠯᠤᠯ ᠢ ᠴᠢᠬᠤᠯᠠᠴᠢᠯᠠᠨ᠎ᠠ᠃ ᠭᠤᠤᠯᠯᠠᠭᠴᠢ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠵᠤ᠂ ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠵᠢᠴᠢ ᠦᠨᠡᠮᠯᠡᠯ ᠢ ᠬᠢᠨᠠᠨ ᠬᠠᠷᠭᠤᠭᠤᠯᠵᠤ ᠪᠠᠶᠢᠴᠠᠭᠠᠨ ᠰᠢᠯᠭᠠᠬᠤ ᠵᠡᠷᠭᠡ ᠳᠤ ᠴᠢᠬᠤᠯᠠ ᠪᠦᠬᠦᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠣᠨᠣᠪᠴᠢᠲᠤ ᠴᠢᠨᠠᠷ ᠪᠠ ᠵᠢᠷᠤᠮᠵᠢᠯᠳᠤ ᠴᠢᠨᠠᠷ ᠢ ᠪᠠᠲᠤᠯᠠᠬᠤ ᠬᠡᠷᠡᠭᠲᠡᠢ᠃ ᠭᠤᠣᠯ ᠵᠠᠭᠤᠴᠢᠯᠠᠭᠤᠷ᠂ ᠰᠣᠨᠢᠨ ᠮᠡᠳᠡᠭᠡᠨ ᠤ ᠰᠢᠯᠵᠢᠶ᠎ᠡ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠪᠤᠷᠢ ᠶᠢ ᠠᠰᠢᠭᠯᠠᠨ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠡᠯ᠎ᠡ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠲᠠᠯᠠᠪᠤᠷ ᠤᠳ ᠬᠥᠨᠳᠡᠯᠡᠨ ᠪᠢᠴᠢᠭᠡᠰᠦ ᠡᠯᠭᠦᠬᠦ᠂ ᠲᠡᠮᠳᠡᠭ ᠨᠠᠭᠠᠬᠤ᠂ ᠸᠢᠴᠠᠲ ᠲᠠᠪᠴᠠᠩ ᠢ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠤᠯᠠᠨ ᠨᠡᠶᠢᠲᠡ ᠶᠢᠨ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃       ︵ᠭᠤᠷᠪᠠ︶ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠳᠠᠯᠠᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠯᠠᠪᠤᠷ ᠭᠠᠵᠠᠷ ᠢ ᠱᠠᠯᠠᠪᠳᠠᠭᠤᠯᠵᠤ ᠡᠷᠦᠬᠡ ᠶᠢᠨ ᠴᠡᠷᠢᠭ ᠤᠨ ᠤᠷᠢᠳᠠᠪᠠᠷ ᠬᠦᠷᠲᠡᠬᠦ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠬᠦᠷᠦᠯᠴᠡᠬᠦ ᠦᠭᠡᠢ ᠠᠴᠠ ᠪᠣᠯᠵᠤ ᠵᠠᠭᠠᠯᠳᠤᠯᠭ᠎ᠠ ᠭᠠᠷᠭᠠᠭᠰᠠᠨ ᠵᠢᠴᠢ ᠮᠠᠭᠤ ᠨᠥᠯᠥᠭᠡ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ