ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠥᠭᠦᠮᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠥᠨᠳᠡᠯᠡᠨ ᠠᠴᠠ ᠲᠠᠰᠤᠯᠬᠤ ᠪᠠ ᠡᠶᠡᠳᠡᠭᠦᠯᠬᠦ ᠶᠢ | ᠣᠷᠭᠠᠨᠢᠭ ᠢᠶᠠᠷ ᠵᠣᠯᠭᠠᠭᠤᠯᠬᠤ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠢ | ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠬᠥᠯᠥᠨ ᠪᠤᠶᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ︵ᠳᠣᠷᠣᠭᠰᠢ ︽ᠲᠤᠰ ᠵᠦᠪᠯᠡᠯ︾ ᠭᠡᠵᠦ ᠲᠣᠪᠴᠢᠯᠠᠨ᠎ᠠ︶ ᠬᠥᠨᠳᠡᠯᠡᠨ ᠠᠴᠠ ᠲᠠᠰᠤᠯᠬᠤ ᠦᠢᠯᠡᠳᠦᠯᠭᠡ ᠶᠢ ᠦᠨᠳᠦᠰᠦᠯᠡᠨ᠂ ᠣᠲᠣ ︽ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠬᠥᠯᠥᠨ ᠪᠤᠶᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠣᠨᠴᠠᠭᠠᠶ ᠠᠷᠭ᠎ᠠ ᠬᠡᠮᠵᠢᠶ᠎ᠡ︾ ᠶᠢ ᠲᠣᠭᠲᠠᠭᠠᠵᠤ᠂ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠪᠠᠷ ᠬᠠᠷᠠᠯᠲᠠ ᠪᠣᠯᠭᠠᠨ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠴᠢᠨᠠᠷᠯᠢᠭ ᠬᠥᠨᠳᠡᠯᠡᠨ ᠠᠴᠠ ᠲᠠᠰᠤᠯᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃ | ︵ᠨᠢᠭᠡ︶ ᠲᠤᠰ ᠡᠳᠦᠷ ᠠᠴᠠ ᠡᠬᠢᠯᠡᠨ᠂ ᠲᠤᠰ ᠵᠦᠪᠯᠡᠯ ᠳᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠳᠡᠪᠰᠢᠭᠦᠯᠦᠭᠰᠡᠨ ᠪᠤᠶ ᠪᠦᠬᠦᠢ ᠬᠡᠷᠡᠭ ᠢ | ᠬᠡᠷᠪᠡ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠳᠡᠪᠰᠢᠭᠦᠯᠬᠦ ᠠᠴᠠ ᠡᠮᠦᠨ᠎ᠡ ᠬᠤᠶᠠᠷ ᠡᠲᠡᠭᠡᠳ ᠤᠨ ᠲᠤᠬᠠᠢ ᠶᠢᠨ ᠬᠥᠮᠥᠨ ᠨᠢ ᠡᠶᠡᠳᠡᠭᠦᠯᠬᠦ | ᠪᠠᠶᠢᠭᠤᠯᠤᠮᠵᠢ ᠳᠤ ᠨᠢᠭᠡᠨᠲᠡ ᠪᠢᠴᠢᠭ ᠤᠨ ᠡᠶᠡᠳᠡᠬᠦ ᠬᠡᠯᠡᠯᠴᠡᠭᠡᠷ ᠲᠣᠬᠢᠷᠠᠭᠰᠠᠨ ᠪᠠᠶᠢᠪᠠᠯ᠂ ᠡᠶᠡᠳᠡᠭᠦᠯᠬᠦ ᠪᠠᠶᠢᠭᠤᠯᠤᠮᠵᠢ ᠠᠴᠠ ᠡᠶᠡᠳᠡᠭᠦᠯᠭᠡ ᠶᠢᠨ ᠬᠡᠯᠡᠯᠴᠡᠭᠡᠷ ᠭᠠᠷᠭᠠᠵᠤ | ᠥᠭᠭᠦᠭᠰᠡᠨ ᠤ ᠲᠠᠷᠠᠭ᠎ᠠ᠂ ︽ᠬᠥᠨᠳᠡᠯᠡᠨ ᠠᠴᠠ ᠲᠠᠰᠤᠯᠬᠤ + ᠡᠶᠡᠳᠡᠭᠦᠯᠬᠦ︾ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠶᠠᠪᠤᠴᠠ ᠶᠢ | ᠦᠨᠳᠦᠰᠦᠯᠡᠨ᠂ ᠲᠤᠰ ᠡᠶᠡᠳᠡᠭᠦᠯᠭᠡ ᠶᠢᠨ ᠬᠡᠯᠡᠯᠴᠡᠭᠡᠷ ᠢ ᠬᠥᠨᠳᠡᠯᠡᠨ ᠠᠴᠠ ᠲᠠᠰᠤᠯᠤᠭᠤᠯᠵᠤ ᠨᠤᠲᠠᠯᠠᠭᠤᠯᠬᠤ ᠪᠠᠷ ᠲᠤᠰ ᠵᠦᠪᠯᠡᠯ ᠠᠴᠠ ᠭᠤᠶᠤᠴᠢᠯᠠᠵᠤ᠂ ᠲᠤᠰ | ᠵᠦᠪᠯᠡᠯ ᠢᠶᠠᠷ ᠬᠢᠨᠠᠨ ᠪᠠᠶᠢᠴᠠᠭᠠᠯᠭᠠᠭᠰᠠᠨ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠰᠢᠭᠦᠭᠰᠡᠨ ᠤ ᠲᠠᠷᠠᠭ᠎ᠠ ᠡᠶᠡᠳᠡᠭᠦᠯᠭᠡ ᠶᠢᠨ ᠪᠢᠴᠢᠭ/ ᠲᠣᠭᠲᠠᠭᠠᠯᠲᠠ ᠶᠢᠨ | ᠪᠢᠴᠢᠭ ᠭᠠᠷᠭᠠᠵᠤ ᠥᠭᠬᠦ ᠶᠢ ᠵᠥᠪᠰᠢᠶᠡᠷᠡᠭᠰᠡᠨ ᠪᠠᠶᠢᠪᠠᠯ᠂ ᠬᠥᠨᠳᠡᠯᠡᠨ ᠠᠴᠠ ᠲᠠᠰᠤᠯᠬᠤ ᠵᠠᠷᠤᠳᠠᠯ ᠢ ᠲᠤᠰ ᠵᠦᠪᠯᠡᠯ ᠤᠨ ᠤᠤᠯ ᠤᠨ ᠵᠠᠷᠤᠳᠠᠯ ᠪᠤᠳᠤᠬᠤ | ᠪᠠᠷᠢᠮᠵᠢᠶ᠎ᠠ ᠪᠠᠷ 50% ᠪᠠᠷ ᠬᠠᠰᠤᠵᠤ ᠬᠤᠷᠢᠶᠠᠨ᠎ᠠ᠃ | ︵ᠬᠤᠶᠠᠷ︶ ᠲᠤᠰ ᠵᠦᠪᠯᠡᠯ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠣᠯᠪᠠᠴᠤ ᠬᠠᠷᠠᠬᠠᠨ ᠳᠠᠭᠤᠰᠬᠠᠭᠠᠳᠤᠢ ᠬᠡᠷᠡᠭ᠂ ᠡᠯ᠎ᠡ ᠲᠠᠯ᠎ᠠ ᠶᠢᠨ | ᠲᠤᠬᠠᠢ ᠶᠢᠨ ᠬᠥᠮᠥᠨ ᠨᠢ ᠥᠪᠡᠰᠦᠪᠡᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠭᠡ ᠪᠠᠷ ᠲᠠᠮᠵᠢᠨ ᠪᠢᠴᠢᠭ ᠤᠨ ᠡᠶᠡᠳᠡᠬᠦ ᠬᠡᠯᠡᠯᠴᠡᠭᠡᠷ ᠲᠣᠭᠲᠠᠵᠤ᠂ | ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠡᠶᠡᠳᠡᠭᠦᠯᠭᠡ ᠶᠢᠨ ᠪᠢᠴᠢᠭ/ ᠲᠣᠭᠲᠠᠭᠠᠯᠲᠠ ᠶᠢᠨ ᠪᠢᠴᠢᠭ ᠭᠠᠷᠭᠠᠭᠤᠯᠬᠤ ᠪᠠᠷ ᠭᠤᠶᠤᠴᠢᠯᠠᠭᠰᠠᠨ ᠪᠥᠭᠡᠳ | ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠬᠢᠨᠠᠨ ᠪᠠᠶᠢᠴᠠᠭᠠᠯᠭᠠᠵᠤ ᠡᠶᠡᠳᠡᠭᠦᠯᠭᠡ ᠶᠢᠨ ᠪᠢᠴᠢᠭ/ ᠰᠠᠨᠠᠭᠠᠨ ᠳᠤ ᠨᠡᠶᠢᠴᠡᠭᠰᠡᠨ ᠲᠣᠭᠲᠠᠭᠠᠯᠲᠠ ᠶᠢᠨ ᠪᠢᠴᠢᠭ | ᠭᠠᠷᠭᠠᠭᠤᠯᠬᠤ ᠪᠠᠷ ᠵᠥᠪᠰᠢᠶᠡᠷᠡᠭᠦᠯᠦᠭᠰᠡᠨ᠂ ᠡᠰᠡᠬᠦᠯ᠎ᠡ ᠨᠢᠭᠡᠨᠲᠡ ᠡᠶᠡᠳᠡᠭᠰᠡᠨ ᠠᠴᠠ ᠪᠣᠯᠵᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ | ᠪᠠᠶᠢᠪᠠᠯ᠂ ᠬᠥᠨᠳᠡᠯᠡᠨ ᠠᠴᠠ ᠲᠠᠰᠤᠯᠬᠤ ᠵᠠᠷᠤᠳᠠᠯ ᠢ ᠲᠤᠰ ᠺᠤᠮᠢᠰ ᠤᠨ ᠤᠤᠯ ᠤᠨ ᠵᠠᠷᠤᠳᠠᠯ ᠪᠤᠳᠤᠭᠰᠠᠨ ᠰᠠᠭᠤᠷᠢᠨ ᠳᠡᠭᠡᠷ᠎ᠡ 30% ᠪᠠᠷ ᠬᠠᠰᠤᠵᠤ ᠬᠡᠯᠲᠦᠷᠢᠭᠦᠯᠵᠦ | ᠪᠣᠯᠣᠨ᠎ᠠ᠃ | (ᠭᠤᠷᠪᠠ) ᠳᠡᠭᠡᠷ᠎ᠡ ᠳᠤᠷᠠᠳᠤᠭᠰᠠᠨ ᠨᠢᠭᠡᠳᠦᠭᠡᠷ ᠵᠦᠢᠯ᠂ ᠬᠤᠶᠠᠳᠤᠭᠠᠷ ᠵᠦᠢᠯ ᠳᠠᠬᠢ ᠬᠥᠨᠳᠡᠯᠡᠨ ᠠᠴᠠ ᠲᠠᠰᠤᠯᠬᠤ ᠵᠠᠷᠤᠳᠠᠯ ᠢ ᠬᠥᠩᠭᠡᠯᠡᠵᠦ ᠬᠡᠯᠲᠦᠷᠢᠭᠦᠯᠬᠦ ᠶᠢ | ᠲᠤᠬᠠᠢ ᠶᠢᠨ ᠬᠥᠮᠥᠨ ᠨᠢ ᠪᠢᠴᠢᠭ ᠢᠶᠠᠷ ᠭᠤᠶᠤᠴᠢᠯᠠᠯ ᠭᠠᠷᠭᠠᠵᠤ᠂ ᠲᠤᠰ ᠵᠦᠪᠯᠡᠯ ᠰᠢᠭᠦᠭᠰᠡᠨ ᠤ ᠲᠡᠷᠠᠭ᠎ᠠ ᠲᠣᠭᠲᠠᠭᠠᠨ᠎ᠠ᠂ ᠬᠥᠩᠭᠡᠯᠡᠵᠦ ᠬᠡᠯᠲᠦᠷᠢᠭᠦᠯᠬᠦ ᠪᠠᠷ | ᠲᠣᠭᠲᠠᠭᠠᠭᠰᠠᠨ ᠪᠠᠶᠢᠪᠠᠯ᠂ ᠬᠡᠷᠡᠭ ᠢ ᠳᠠᠭᠤᠰᠬᠠᠭᠰᠠᠨ ᠤ ᠳᠠᠷᠠᠭ᠎ᠠ ᠲᠤᠬᠠᠢ ᠶᠢᠨ ᠬᠥᠮᠥᠨ ᠳᠤ ᠴᠠᠭ ᠲᠤᠬᠠᠢ ᠳᠤᠨᠢ ᠪᠤᠴᠠᠭᠠᠵᠤ ᠦᠭᠭᠦᠨ᠎ᠡ᠃ | ︵ᠳᠥᠷᠪᠡ︶ ᠲᠤᠬᠠᠢ ᠶᠢᠨ ᠬᠥᠮᠥᠨ ᠨᠢ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠨ᠎ᠡ᠃ | ᠬᠤᠳᠠᠯ ᠬᠠᠭᠤᠷᠮᠠᠭ ᠢᠶᠠᠷ ᠡᠶᠡᠳᠡᠬᠦ᠂ ᠬᠤᠳᠠᠯ ᠬᠠᠭᠤᠷᠮᠠᠭ ᠢᠶᠠᠷ ᠡᠶᠡᠳᠡᠭᠦᠯᠬᠦ᠂ ᠬᠤᠳᠠᠯ ᠬᠠᠭᠤᠷᠮᠠᠭ ᠢᠶᠠᠷ ᠬᠥᠨᠳᠡᠯᠡᠨ ᠠᠴᠠ ᠲᠠᠰᠤᠯᠬᠤ ᠵᠡᠷᠭᠡ ᠪᠠᠶᠢᠳᠠᠯ ᠣᠷᠣᠰᠢᠵᠤ | ᠪᠠᠶᠢᠪᠠᠯ᠂ ᠬᠥᠨᠳᠡᠯᠡᠨ ᠠᠴᠠ ᠲᠠᠰᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠡᠳ᠋ᠯᠡᠵᠦ ᠪᠣᠯᠬᠤ ᠦᠭᠡᠢ ᠪᠥᠭᠡᠳ ᠵᠤᠬᠢᠬᠤ ᠬᠠᠤᠯᠢ ᠶᠢᠨ ᠬᠠᠷᠢᠭᠤᠴᠠᠯᠭ᠎ᠠ | ᠡᠭᠦᠷᠭᠡᠯᠡᠨ᠎ᠡ᠃ | ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠢ ᠬᠥᠯᠥᠨ ᠪᠤᠶᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ | ᠣᠨᠴᠠᠭᠠᠶ ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2023 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ᠃ | ᠲᠣᠰ ᠵᠦᠪᠯᠡᠯ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠬᠥᠯᠥᠨ ᠪᠤᠶᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠤᠨ ᠣᠨᠴᠠᠭᠠᠶ ᠠᠷᠭ᠎ᠠ ᠬᠡᠮᠵᠢᠶ᠎ᠡ︾ ᠳᠤ ᠲᠠᠶᠢᠯᠪᠤᠷᠢᠯᠠᠯᠲᠠ ᠬᠢᠬᠦ ᠡᠷᠬᠡ ᠲᠠᠢ᠃ |