ᠡᠩᠭᠡ ᠤᠢ ᠰᠢᠭᠤᠢ ᠶᠢᠨ ᠲᠠᠯᠠᠪᠠᠢ ᠠᠴᠠ ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠬᠦᠷᠲᠡᠯᠡᠬᠢ ᠵᠠᠰᠠᠮᠠᠯ ᠵᠠᠮ ᠤᠨ ᠬᠤᠶᠠᠳᠤᠭᠠᠷ ᠬᠤᠭᠤᠴᠠᠭ᠎ᠠ ︵ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠠᠴᠠ ᠰᠠᠨ ᠾᠧ ᠰᠢᠶᠠᠩ ᠬᠦ᠋ᠷᠬᠦ ᠬᠡᠰᠡᠭ︶ ᠶᠢᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/7/20
       ᠡᠷᠭᠦᠨ᠎ᠡ ᠬᠤᠳᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ᠂ ᠡᠩᠬᠡ ᠤᠢ ᠰᠢᠭᠤᠢ ᠶᠢᠨ ᠲᠠᠯᠠᠪᠠᠢ ᠠᠴᠠ ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠬᠦᠷᠲᠡᠯᠡᠬᠢ ᠵᠠᠰᠠᠮᠠᠯ ᠵᠠᠮ ᠤᠨ ᠬᠤᠶᠠᠳᠤᠭᠠᠷ ᠬᠤᠭᠤᠴᠠᠭ᠎ᠠ ︵ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠠᠴᠠ ᠰᠠᠨ ᠾᠧ ᠰᠢᠶᠠᠩ ᠬᠦᠷᠲᠡᠯᠡᠬᠢ ᠬᠡᠰᠡᠭ︶ ᠶᠢᠨ ᠥᠭᠡᠷᠡᠴᠢᠯᠡᠨ ᠪᠠᠶᠢᠭᠤᠯᠬᠤ ᠠᠵᠢᠯ ᠶᠠᠪᠤᠭᠳᠠᠭᠤᠯᠤᠨ᠎ᠠ᠃ ᠲᠣᠰ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠪᠠᠷᠢᠯᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ       ᠡᠩᠬᠡ ᠤᠢ ᠰᠢᠭᠤᠢ ᠶᠢᠨ ᠲᠠᠯᠠᠪᠠᠢ ᠠᠴᠠ ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠬᠦᠷᠲᠡᠯᠡᠬᠢ ᠵᠠᠰᠠᠮᠠᠯ ᠵᠠᠮ ᠤᠨ ᠬᠤᠶᠠᠳᠤᠭᠠᠷ ᠬᠤᠭᠤᠴᠠᠭ᠎ᠠ ︵ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠠᠴᠠ ᠰᠠᠨ ᠾᠧ ᠰᠢᠶᠠᠩ ᠬᠦᠷᠬᠦ ᠬᠡᠰᠡᠭ︶᠂ ᠡᠬᠢᠯᠡᠯᠲᠡ ᠶᠢᠨ ᠴᠡᠭ ᠨᠢ ᠵᠢᠶᠠᠨ ᠱᠧ ᠦᠢᠯᠡᠳᠪᠦᠷᠢᠯᠡᠯ ᠤᠨ ᠪᠠᠷᠢᠭᠠᠳᠠ ᠶᠢᠨ ᠬᠤᠶᠢᠲᠤ ᠠᠮᠠ ᠳᠤ ᠪᠠᠶᠢᠷᠢᠯᠠᠵᠤ᠂ ᠡᠴᠦᠰ ᠤᠨ ᠴᠡᠭ ᠨᠢ ᠰᠠᠨ ᠾᠧ ᠰᠢᠶᠠᠩ ᠬᠢᠭᠡᠳ ᠤᠤᠯ ᠤᠨ S201 ᠪᠠᠷᠤᠭᠰᠢᠨ ᠵᠠᠮ ᠤᠨ ᠠᠭᠤᠯᠵᠠᠷ ᠲᠤ ᠪᠠᠶᠢᠷᠢᠯᠠᠨ᠎ᠠ ︵ᠰᠠᠨ ᠾᠧ ᠰᠢᠶᠠᠩ ᠤᠨ ᠬᠤᠶᠢᠲᠤ ᠭᠠᠷᠤᠴᠠ ᠶᠢᠨ ᠤᠷᠤᠢ ᠶᠢᠨ ᠬᠤᠷᠳᠤᠴᠠ ᠬᠡᠮᠵᠢᠯᠲᠡ︶᠂ ᠵᠠᠮ ᠳᠠᠭᠠᠨ ᠪᠦᠯᠬᠦᠮᠳᠡᠯ ᠲᠣᠰᠬᠤᠨ᠂ ᠰᠠᠨ ᠾᠧ ᠨᠢᠭᠡᠳᠦᠭᠡᠷ ᠪᠠᠷᠢᠭᠠᠳᠠ ᠪᠠᠷ ᠥᠩᠭᠡᠷᠡᠵᠦ᠂ ᠪᠦᠬᠦ ᠤᠷᠳᠤ ᠨᠢ 30.9 ᠺᠢᠯᠤᠮᠧᠲᠷ ᠪᠠᠶᠢᠵᠤ᠂ ᠳᠥᠷᠪᠡᠳᠦᠭᠡᠷ ᠳᠡᠰ ᠤᠨ ᠱᠦᠢᠨᠢ ᠪᠧᠲ᠋ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃       ᠬᠤᠶᠠᠷ᠂ ᠪᠢᠲᠡᠭᠦᠮᠵᠢᠯᠡᠬᠦ ᠬᠤᠭᠤᠴᠠᠭ᠎ᠠ       ᠪᠢᠲᠡᠭᠦᠮᠵᠢᠯᠡᠬᠦ ᠬᠤᠭᠤᠴᠠᠭ᠎ᠠ ᠨᠢ 2023 ᠣᠨ ᠤ 7 ᠰᠠᠷ᠎ᠠ ᠶᠢᠨ 15 ᠤ ᠡᠳᠦᠷ ᠠᠴᠠ 2023 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ       ᠭᠤᠷᠪᠠ᠂ ᠪᠢᠲᠡᠭᠦᠮᠵᠢᠯᠡᠬᠦ ᠠᠷᠭ᠎ᠠ ᠬᠡᠮᠵᠢᠶ᠎ᠡ       ᠵᠠᠮ ᠵᠠᠰᠠᠬᠤ ᠶᠠᠪᠤᠴᠠ ᠳᠤ᠂ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠤᠪᠠᠯ᠂ ᠵᠠᠮ ᠳᠠᠭᠠᠤ ᠲᠣᠰᠬᠤᠨ ᠤ ᠠᠷᠠᠳ ᠤᠨ ᠠᠮᠢᠳᠤᠷᠠᠯ ᠪᠠ ᠶᠠᠪᠤᠵᠤ ᠰᠠᠭᠤᠬᠤ ᠳᠤ ᠵᠣᠬᠢᠬᠤ ᠨᠥᠯᠥᠭᠡ ᠦᠵᠡᠬᠦᠯᠵᠦ ᠳᠥᠭᠦᠮ ᠦᠭᠡᠢ ᠪᠣᠯᠣᠨ᠎ᠠ᠂ ᠥᠷᠭᠡᠨ ᠣᠯᠠᠨ ᠲᠦᠮᠡᠨ ᠤ ᠣᠶᠢᠯᠠᠭᠠᠵᠤ᠂ ᠬᠠᠮᠵᠢᠯᠴᠠᠨ ᠳᠡᠮᠵᠢᠵᠦ᠂ ᠶᠠᠪᠤᠵᠤ ᠰᠠᠭᠤᠬᠤ ᠵᠠᠮ ᠱᠤᠭᠤᠮ ᠢᠶᠠᠨ ᠤᠷᠢᠳᠴᠢᠯᠠᠨ ᠲᠥᠯᠥᠪᠵᠢᠭᠦᠯᠬᠦ ᠶᠢ ᠬᠦᠰᠡᠵᠦ ᠪᠠᠶᠢᠨ᠎ᠠ︔ ᠨᠠᠰᠢ ᠴᠠᠰᠢ ᠶᠠᠪᠤᠬᠤ ᠲᠡᠷᠭᠡ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠲᠡᠮᠳᠡᠭ ᠤᠨ ᠵᠢᠭᠠᠪᠤᠷᠢ ᠪᠠᠷ ᠶᠠᠪᠤᠵᠤ᠂ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠵᠠᠮᠴᠢᠯᠠᠭᠴᠢ ᠶᠢᠨ ᠵᠢᠯᠣᠭᠤᠳᠤᠯᠭ᠎ᠠ ᠶᠢ ᠳᠠᠭᠠᠵᠤ᠂ ᠬᠤᠷᠳᠤᠴᠠ ᠪᠠᠨ ᠪᠠᠭᠠᠰᠬᠠᠵᠤ ᠪᠤᠯᠭᠤᠮᠵᠢᠳᠠᠢ ᠶᠠᠪᠤᠭᠠᠷᠠᠢ᠃                                                      ᠡᠭᠦᠨ ᠠᠴᠠ ᠪᠣᠯᠤᠭᠰᠠᠨ ᠰᠠᠭᠠᠳ ᠲᠦᠪᠡᠭ ᠢ ᠠᠭᠤᠴᠢᠯᠠᠬᠤ ᠪᠣᠯᠪᠠᠤ︕                                                                                                        ᠡᠷᠭᠦᠨ᠎ᠡ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                                             2023 ᠣᠨ ᠤ 7 ᠰᠠᠷ᠎ᠠ ᠶᠢᠨ 13 ᠤ ᠡᠳᠦᠷ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ