ᠬᠥᠯᠥᠨ ᠪᠤᠶᠢᠷ ᠬᠤᠲᠠ ᠶᠢᠨ ᠵᠤᠭᠠᠴᠠᠯ ᠤᠨ ᠬᠦᠭᠵᠢᠶᠡᠨᠳᠡᠢ ᠤᠯᠠᠷᠢᠯ ᠳᠤ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/7/21
       ᠬᠥᠯᠥᠨ ᠪᠤᠶᠢᠷ ᠬᠤᠲᠠ ᠶᠢᠨ ᠲᠠᠯ᠎ᠠ ᠨᠤᠲᠤᠭ ᠤᠨ ᠵᠤᠭᠠᠴᠠᠯ ᠤᠨ ᠬᠦᠭᠵᠢᠶᠡᠨᠳᠡᠢ ᠤᠯᠠᠷᠢᠯ ᠳᠤ᠂ ᠵᠢᠭᠤᠯᠴᠢᠯᠠᠯ ᠤᠨ ᠬᠥᠮᠥᠨ ᠤ ᠲᠤᠭ᠎ᠠ ᠪᠠ ᠵᠢᠭᠤᠯᠴᠢᠯᠠᠯ ᠤᠨ ᠲᠡᠷᠭᠡ ᠡᠳᠦᠷ ᠢᠷᠡᠬᠦᠶ᠎ᠡ ᠣᠯᠠᠰᠢᠷᠠᠵᠤ᠂ ᠡᠯ᠎ᠡ ᠲᠥᠷᠥᠯ ᠤᠨ ᠲᠡᠷᠭᠡ ᠬᠥᠰᠬᠡ ᠨᠦᠭᠦᠳ ᠬᠠᠤᠯᠢ ᠪᠤᠰᠤ ᠪᠠᠷ ᠨᠤᠲᠤᠭ ᠪᠡᠯᠴᠢᠭᠡᠷ ᠢ ᠨᠢᠴᠠᠯᠬᠤ ᠪᠠ ᠵᠤᠭᠠᠴᠠᠭᠰᠠᠳ ᠤᠨ ᠨᠤᠲᠤᠭ ᠪᠡᠯᠴᠢᠭᠡᠷ ᠢ ᠡᠪᠳᠡᠬᠦ ᠦᠵᠡᠭᠳᠡᠯ ᠪᠠᠶᠢᠨ ᠳᠠᠬᠢᠨ ᠭᠠᠷᠴᠤ ᠪᠠᠶᠢᠨ᠎ᠠ᠂ ᠪᠥᠬᠦ ᠬᠤᠲᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠠᠯᠬᠤᠮ ᠴᠢᠨᠠᠭᠰᠢᠳᠠ ᠬᠠᠮᠠᠭᠠᠯᠠᠨ᠂ ᠨᠤᠲᠤᠭ ᠪᠡᠯᠴᠢᠭᠡᠷ ᠤᠨ ᠮᠠᠭᠤᠳᠠᠬᠤ ᠶᠢ ᠬᠤᠷᠢᠭᠯᠠᠵᠤ᠂ ᠬᠥᠯᠥᠨ ᠪᠤᠶᠢᠷ ᠤᠨ ᠵᠢᠭᠤᠯᠴᠢᠯᠠᠯ ᠤᠨ ᠤᠯᠠᠷᠢᠯ ᠳᠤ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠬᠤᠷᠢᠭᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠡᠯ᠎ᠡ ᠬᠤᠰᠢᠭᠤ ᠬᠤᠲᠠ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠡᠯ᠎ᠡ ᠰᠢᠶᠠᠩ ᠪᠠᠯᠭᠠᠰᠤ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠠᠢ ᠬᠠᠮᠵᠢᠯᠴᠠᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠨᠢᠴᠠᠯᠬᠤ᠂ ᠨᠤᠲᠤᠭ ᠪᠡᠯᠴᠢᠭᠡᠷ ᠢ ᠡᠪᠳᠡᠬᠦ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ᠎ᠡ᠃       ᠬᠤᠶᠠᠷ᠂ ᠡᠯ᠎ᠡ ᠬᠤᠰᠢᠭᠤ ᠬᠤᠲᠠ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠢ ᠤᠬᠠᠭᠤᠯᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠲᠧᠯᠸᠢᠰ᠂ ᠰᠦᠯᠵᠢᠶ᠎ᠡ᠂ ᠬᠤᠪᠢ ᠶᠢᠨ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ ᠶᠢ ᠥᠷᠭᠡᠨ ᠢᠶᠠᠷ ᠢᠯᠡ ᠪᠣᠯᠭᠠᠬᠤ ᠶᠢᠨ ᠬᠠᠮᠲᠤ ᠢᠯᠡᠴᠢᠯᠡᠨ ᠮᠡᠳᠡᠭᠦᠯᠵᠦ ᠵᠠᠭᠠᠯᠳᠤᠬᠤ ᠤᠲᠠᠰᠤ ᠶᠢᠨ ᠰᠠᠭᠠᠳ ᠦᠭᠡᠢ ᠨᠡᠪᠲᠡᠷᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠨ᠎ᠠ᠃       ᠭᠤᠷᠪᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠄       1. ᠭᠠᠮᠰᠢᠭ ᠠᠴᠠ ᠠᠪᠤᠷᠠᠬᠤ ᠪᠠ ᠮᠠᠯᠴᠢᠳ ᠢ ᠨᠡᠭᠦᠯᠭᠡᠬᠦ ᠠᠴᠠ ᠪᠤᠰᠤᠳ ᠮᠠᠰᠢᠨᠲᠤ ᠲᠡᠷᠭᠡ ᠶᠢᠨ ᠨᠤᠲᠤᠭ ᠪᠡᠯᠴᠢᠭᠡᠷ ᠳᠡᠭᠡᠷ᠎ᠡ ᠵᠤᠷᠴᠢᠬᠤ ᠶᠢ ᠬᠤᠷᠢᠭᠯᠠᠨ᠎ᠠ︔       2. ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠬᠢᠬᠦ ᠠᠴᠠ ᠪᠣᠯᠵᠤ ᠦᠨᠡᠬᠡᠷ ᠵᠡᠮ ᠠᠴᠠ ᠰᠠᠯᠵᠤ ᠨᠤᠲᠤᠭ ᠪᠡᠯᠴᠢᠭᠡᠷ ᠳᠡᠭᠡᠷ᠎ᠡ ᠶᠠᠪᠤᠬᠤ ᠴᠢᠬᠤᠯᠠᠲᠠᠢ ᠪᠠᠶᠢᠪᠠᠯ᠂ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠤᠷᠢᠳᠠᠪᠠᠷ ᠮᠡᠳᠡᠭᠦᠯᠬᠦ ᠬᠡᠷᠡᠭᠲᠡᠢ ᠪᠥᠭᠡᠳ ᠮᠡᠳᠡᠭᠦᠯᠦᠭᠰᠡᠨ ᠣᠷᠣᠨ ᠬᠡᠰᠡᠭ ᠪᠠ ᠵᠠᠮ ᠱᠤᠭᠤᠮ ᠢᠶᠠᠷ ᠨᠤᠲᠤᠭ ᠪᠡᠯᠴᠢᠭᠡᠷ ᠳᠡᠭᠡᠷ᠎ᠡ ᠵᠤᠷᠴᠢᠨ᠎ᠠ︔       3. ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢ ᠡᠪᠳᠡᠭᠰᠡᠨ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠨᠤᠲᠤᠭ ᠪᠡᠯᠴᠢᠭᠡᠷ ᠤᠨ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠠᠤᠯᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠬᠤᠴᠢᠯᠭ᠎ᠠ ᠶᠢ ᠰᠡᠷᠭᠦᠭᠡᠯᠭᠡᠬᠦ ᠪᠥᠭᠡᠳ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠭᠠᠷᠤᠯᠲᠠ ᠶᠢᠨ ᠭᠤᠷᠪᠠᠨ ᠲᠡᠬᠢᠠ ᠠᠴᠠ ᠳᠡᠭᠡᠭᠰᠢ ᠶᠢᠰᠦᠨ ᠲᠡᠬᠢᠠ ᠠᠴᠠ ᠳᠣᠭᠤᠭᠰᠢ ᠵᠣᠭᠤᠰ ᠢᠶᠠᠷ ᠲᠤᠷᠭᠠᠨ᠎ᠠ︔ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠪᠦᠷᠢ ᠦᠭᠭᠦᠨ᠎ᠡ᠃ᠳᠥᠷᠪᠡ᠂ ᠬᠤᠪᠢ ᠶᠢᠨ ᠮᠠᠰᠢᠨ ᠲᠡᠷᠭᠡ ᠪᠠᠷ ᠵᠤᠭᠠᠴᠠᠭᠰᠠᠳ ᠤᠨ ᠪᠣᠯᠪᠠᠰᠤᠨ ᠢᠶᠠᠷ ᠵᠢᠭᠤᠯᠴᠢᠯᠠᠬᠤ ᠶᠢ ᠢᠳᠡᠪᠬᠢᠲᠡᠢ ᠰᠠᠨᠠᠭᠠᠴᠢᠯᠠᠨ᠎ᠠ᠃ ᠮᠠᠭᠤ ᠦᠶᠯᠡ ᠠᠵᠢᠯᠯᠠᠭ᠎ᠠ ᠪᠠᠨ ᠲᠠᠶᠠᠭᠳᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠭᠦᠷᠭᠡ ᠪᠠᠨ ᠮᠡᠳᠡᠭᠳᠡᠵᠦ᠂ ᠡᠷᠬᠢᠮ ᠳᠡᠭᠡᠳᠦ ᠦᠶᠯᠡ ᠠᠵᠢᠯᠯᠠᠭ᠎ᠠ ᠶᠢ ᠵᠣᠷᠢᠭᠵᠢᠭᠤᠯᠤᠨ᠂ ᠪᠣᠯᠪᠠᠰᠤᠨ ᠶᠣᠰᠣᠷᠬᠠᠭ ᠬᠡᠪ ᠪᠣᠯᠪᠠᠰᠤᠷᠠᠯ ᠲᠠᠢ ᠵᠤᠭᠠᠴᠠᠭᠰᠠᠳ ᠪᠣᠯᠬᠤ ᠬᠡᠷᠡᠭᠲᠡᠢ᠃                                        ᠬᠥᠯᠥᠨ ᠪᠤᠶᠢᠷ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                              2023 ᠣᠨ ᠤ 6 ᠰᠠᠷ᠎ᠠ ᠶᠢᠨ 30 ᠤ ᠡᠳᠦᠷ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ