ᠮᠠᠨ ᠤ ᠣᠷᠣᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠮᠲᠤ ᠶᠢᠨ ᠴᠣᠭᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2023/7/24
       ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ︽ᠮᠧᠩ ᠺᠧ ᠵᠢᠦᠢ︾ ᠰᠢᠨ᠎ᠡ ᠶᠢ ᠡᠭᠦᠳᠬᠦ ᠲᠠᠪᠴᠠᠩ ᠢᠶᠠᠷ ᠠᠴᠢᠶᠠᠯᠠᠪᠤᠷᠢ ᠪᠣᠯᠭᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠡᠷᠭᠡ 5 ᠶᠡᠭᠡ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠮᠲᠤ ᠶᠢᠨ ᠴᠣᠭᠴᠠ ᠶᠢ ᠪᠠᠶᠢᠭᠤᠯᠪᠠ᠃       ᠣᠶᠢᠯᠠᠭᠠᠭᠰᠠᠨ ᠢᠶᠠᠷ᠂ ᠬᠠᠮᠲᠤ ᠶᠢᠨ ᠴᠣᠭᠴᠠ ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠬᠢᠭᠡᠳ ᠵᠠᠩᠭᠢᠯᠠᠭ᠎ᠠ ᠶᠢᠨ ᠬᠦᠷᠢᠶ᠎ᠡ ᠴᠠᠷᠠᠭᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠢᠯ ᠢᠶᠠᠷ ᠬᠥᠲᠥᠯᠥᠮᠵᠢ ᠪᠤᠯᠭᠠᠵᠤ᠂ ᠲᠠᠪᠴᠠᠩ ᠢᠶᠠᠷ ᠲᠤᠯᠭᠠᠭᠤᠷᠢᠯᠠᠯ ᠪᠣᠯᠭᠠᠨ᠂ ᠠᠵᠤ ᠦᠢᠯᠡᠰᠵᠢᠯᠲᠡ ᠪᠠᠷ ᠬᠠᠷᠠᠯᠲᠠ ᠪᠤᠯᠭᠠᠵᠤ᠂ ᠬᠦᠴᠦ ᠪᠠᠨ ᠬᠠᠮᠲᠤᠳᠬᠠᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠬᠦ ᠪᠣᠯᠣᠨ᠎ᠠ᠃ ᠬᠠᠮᠲᠤ ᠶᠢᠨ ᠴᠣᠭᠴᠠ ᠶᠢᠨ ᠪᠦᠷᠢᠯᠳᠦᠭᠦᠨ ᠨᠢᠭᠡᠴᠢ ᠶᠢᠨ ᠬᠢᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠪᠣᠳᠠᠲᠠᠢ  ᠬᠠᠮᠲᠤᠷᠠᠯᠴᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠢ ᠰᠢᠯᠵᠢᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ᠂ ᠠᠵᠤ ᠦᠢᠯᠡᠰ ᠢ ᠨᠡᠪᠴᠢᠭᠦᠯᠬᠦ ᠪᠠ ᠬᠡᠷᠡᠭᠯᠡᠭᠡᠨ ᠢ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠣᠯᠣᠨ᠎ᠠ᠃       ᠬᠤᠶᠢᠰᠢᠳᠠ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠣᠰᠣᠭᠠᠷ᠂ ᠬᠠᠮᠲᠤ ᠶᠢᠨ ᠴᠣᠭᠴᠠ ᠨᠢ ᠪᠠᠰᠠ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠨᠠᠷᠠᠲᠤ ᠶᠡᠭᠡ ᠳᠡᠭᠡᠳᠦ ᠰᠤᠷᠭᠠᠭᠤᠯᠢ᠂ ᠬᠥᠲᠥᠴᠢ ᠠᠵᠤ ᠠᠬᠤᠶᠢᠯᠠᠯ ᠢ ᠲᠡᠳᠡᠨ ᠣᠷᠣᠯᠴᠠᠭᠤᠯᠵᠤ᠂ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠵᠦ᠂ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠭᠡᠨ ᠮᠥᠩᠭᠦᠨ ᠭᠦᠢᠯᠭᠡᠭᠡᠨ︾ ᠤ ᠥᠨᠳᠥᠷ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ