ᠣᠶᠢᠷ᠎ᠠ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ | ᠭᠠᠨᠵᠤᠤᠷ ᠰᠤᠮᠤ ᠶᠢᠨ ᠪᠠᠶᠠᠨᠲᠠᠯ᠎ᠠ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠥᠷᠲᠡᠭᠡ︾ | ᠶᠢ ᠪᠠᠶᠢᠭᠤᠯᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠥᠷᠲᠡᠭᠡ︾ ᠲᠣᠰ ᠰᠤᠷᠭᠠᠭᠤᠯᠢ ᠶᠢᠨ ᠴᠠᠩ ᠽᠧ ᠬᠤᠢ ᠫᠷᠤᠹᠧᠰᠰᠤᠷ ᠤᠨ ᠪᠦᠯᠭᠦᠮ ᠤᠨ | ᠰᠤᠳᠤᠯᠤᠨ ᠨᠡᠭᠡᠭᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ︽ᠭᠡᠷᠡᠯ ᠢᠯᠴᠢ ᠶᠢ ᠲᠥᠪᠯᠡᠷᠡᠭᠦᠯᠬᠦ ᠨᠡᠷᠡᠨ ᠤ ᠡᠨᠧᠷᠭᠢ ᠶᠢᠨ | ᠲᠥᠬᠦᠭᠡᠷᠦᠮᠵᠢ ᠳᠤ ᠰᠠᠭᠤᠷᠢᠯᠠᠨ ᠲᠠᠷᠢᠶᠠᠯᠠᠩ ᠤᠨ ᠬᠥᠷᠥᠰᠥ ᠰᠢᠷᠣᠢ ᠶᠢ ᠤᠯᠠᠷᠢᠯ ᠠᠯᠤᠰᠯᠠᠨ ᠢᠯᠴᠢ ᠬᠠᠳᠠᠭᠠᠯᠠᠬᠤ ᠮᠡᠷᠭᠡᠵᠢᠯ ᠵᠢᠴᠢ ᠢᠨᠵᠧᠨᠧᠷᠢᠩ ᠤᠨ ᠵᠢᠱᠢᠶ᠎ᠡ | ᠦᠵᠡᠭᠦᠯᠭᠦ︾ ᠳᠤ ᠲᠦᠰᠢᠭᠯᠡᠨ ᠬᠥᠯᠥᠨ ᠪᠤᠶᠢᠷ ᠬᠤᠲᠠ ᠳᠤ ᠦᠷ᠎ᠡ ᠪᠦᠲᠦᠭᠡᠯ ᠤᠨ ᠤᠨᠳᠤᠤᠰᠢᠭᠤᠯᠤᠯᠳᠠ ᠬᠢᠬᠦ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠨᠢ ᠮᠠᠨ ᠤ ᠣᠷᠣᠨ ᠤ ᠨᠡᠷᠡᠨ ᠤ ᠡᠨᠧᠷᠭᠢ ᠶᠢᠨ ᠡᠬᠢ | ᠪᠠᠶᠠᠯᠢᠭ ᠲᠤ ᠰᠠᠭᠤᠷᠢᠯᠠᠵᠤ᠂ ᠬᠠᠬᠢᠷ ᠬᠦᠢᠲᠡᠨ ᠭᠠᠵᠠᠷ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠶᠢᠨ ᠡᠪᠦᠯ ᠤᠨ ᠤᠯᠠᠷᠢᠯ ᠤᠨ ᠲᠠᠷᠢᠮᠠᠯ ᠤᠨ | ᠳᠤᠯᠠᠭᠠᠨ ᠤ ᠬᠡᠮᠵᠢᠶ᠎ᠡ ᠳᠣᠣᠷ᠎ᠠ᠂ ᠴᠢᠭᠢᠭ ᠶᠡᠭᠡ᠂ ᠡᠪᠡᠳᠴᠢᠨ ᠤ ᠬᠥᠨᠥᠭᠡᠯ ᠣᠯᠠᠨ ᠵᠡᠷᠭᠡ ᠮᠡᠷᠭᠡᠵᠢᠯ ᠤᠨ ᠪᠣᠭᠤᠮᠢ ᠳᠤ ᠴᠢᠭᠯᠡᠭᠦᠯᠦᠨ᠂ ᠭᠡᠷᠡᠯ ᠪᠠ ᠢᠯᠴᠢ ᠶᠢ | ᠲᠥᠪᠯᠡᠷᠡᠭᠦᠯᠬᠦ ᠮᠡᠷᠭᠡᠵᠢᠯ᠂ ᠢᠯᠴᠢ ᠰᠣᠯᠢᠯᠴᠠᠬᠤ ᠬᠤᠭᠤᠯᠠᠢ ᠶᠢᠨ ᠢᠯᠴᠢ ᠶᠢᠨ ᠬᠡᠮᠵᠢᠶ᠎ᠡ ᠶᠢ ᠥᠨᠳᠥᠷ ᠪᠦᠲᠦᠮᠵᠢᠲᠡᠶ ᠪᠠᠷ ᠳᠠᠮᠵᠢᠭᠤᠯᠬᠤ ᠮᠡᠷᠭᠡᠵᠢᠯ᠂ ᠬᠥᠷᠥᠰᠥ | ᠰᠢᠷᠣᠢ ᠶᠢᠨ ᠤᠯᠠᠷᠢᠯ ᠠᠯᠤᠰᠯᠠᠨ ᠢᠯᠴᠢ ᠬᠠᠳᠠᠭᠠᠯᠠᠵᠤ ᠢᠯᠴᠢ ᠬᠠᠩᠭᠠᠬᠤ ᠮᠡᠷᠭᠡᠵᠢᠯ ᠵᠡᠷᠭᠡ ᠶᠢ ᠰᠤᠳᠤᠯᠤᠨ ᠨᠡᠭᠡᠭᠡᠵᠦ᠂ ᠮᠡᠷᠭᠡᠵᠢᠯ ᠤᠨ ᠬᠤᠷᠠᠮᠳᠤᠯ ᠪᠠ | ᠢᠨᠵᠧᠨᠧᠷᠢᠩ ᠤᠨ ᠵᠢᠱᠢᠶ᠎ᠡ ᠦᠵᠡᠭᠦᠯᠭᠦ ᠪᠠᠷ ᠳᠠᠮᠵᠢᠭᠤᠯᠤᠨ᠂ ᠬᠠᠬᠢᠷ ᠬᠦᠢᠲᠡᠨ ᠭᠠᠵᠠᠷ ᠣᠷᠣᠨ ᠤ ᠡᠪᠦᠯ ᠤᠨ ᠤᠯᠠᠷᠢᠯ ᠤᠨ ᠲᠠᠷᠢᠮᠠᠯ ᠤᠨ ᠦᠷᠭᠦᠯᠵᠢᠯᠡᠨ ᠤᠷᠭᠤᠬᠤ | ᠪᠠ ᠭᠠᠷᠤᠯᠲᠠ ᠪᠠᠨ ᠳᠡᠭᠡᠭᠰᠢᠯᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠣᠳᠣᠬᠠᠨ ᠳᠤ᠂ ᠲᠣᠰ ᠮᠡᠷᠭᠡᠵᠢᠯ ᠤᠨ ᠦᠷ᠎ᠡ ᠪᠦᠲᠦᠭᠡᠯ ᠳᠤ | ᠲᠦᠰᠢᠭᠯᠡᠨ᠂ ᠬᠥᠯᠥᠨ ᠪᠤᠶᠢᠷ ᠬᠤᠲᠠ ᠶᠢᠨ ᠲᠥᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠮᠠᠯ ᠠᠵᠤ ᠠᠬᠤᠢ ᠶᠢᠨ ᠵᠢᠱᠢᠶ᠎ᠡ ᠦᠵᠡᠭᠦᠯᠭᠦ ᠢᠨᠵᠧᠨᠧᠷᠢᠩ 25᠂ | ᠬᠦᠷᠢᠶᠡᠯᠡᠩ ᠲᠣᠭᠤᠷᠢᠭ ᠤᠨ ᠲᠠᠰ ᠤᠨ ᠬᠡᠷᠡᠭᠯᠡᠭᠡᠨ ᠤ ᠢᠨᠵᠧᠨᠧᠷᠢᠩ 4 ᠪᠤᠢ᠃ | ᠲᠠᠷᠠᠭᠠᠴᠢ ᠶᠢᠨ ᠠᠯᠬᠤᠮ ᠳᠤ᠂ ᠲᠤᠰ ᠪᠦᠯᠭᠦᠮ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠥᠷᠲᠡᠭᠡ︾ ᠳᠤ ᠲᠦᠰᠢᠭᠯᠡᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠥᠯᠥᠨ ᠪᠤᠶᠢᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠳᠤ ᠴᠢᠳᠠᠪᠤᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ | | |