︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠬᠠᠤᠯᠢ ᠬᠡᠷᠡᠭᠵᠢᠭᠦᠯᠬᠦ | ᠪᠦᠬᠦ ᠶᠠᠪᠤᠴᠠ ᠶᠢ ᠰᠢᠩᠭᠡᠭᠡᠨ ᠲᠡᠮᠳᠡᠭᠡᠯᠡᠬᠦ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠠᠷᠭ᠎ᠠ︾ | ᠶᠢ 2020 ᠣᠨ ᠤ 1 ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠢᠯᠡ ᠨᠡᠶᠢᠲᠡᠯᠡᠪᠡ᠂ 2020 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ | 2020 ᠣᠨ ᠤ 2 ᠰᠠᠷ᠎ᠠ ᠶᠢᠨ 17 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠬᠠᠤᠯᠢ ᠬᠡᠷᠡᠭᠵᠢᠭᠦᠯᠬᠦ | ᠪᠦᠬᠦ ᠶᠠᠪᠤᠴᠠ ᠶᠢ ᠰᠢᠩᠭᠡᠭᠡᠨ ᠲᠡᠮᠳᠡᠭᠡᠯᠡᠬᠦ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ | ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠤᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ︵ᠳᠣᠷᠣᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ ᠨᠡᠷᠡᠶᠢᠳᠦᠨ᠎ᠡ︶ ᠨᠤᠭᠤᠳ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ | ᠲᠣᠭᠲᠠᠭᠠᠯ ᠤᠨ ᠬᠠᠤᠯᠢ ᠳᠦᠷᠢᠮ ᠢ ᠬᠢᠨᠠᠨ ᠬᠠᠷᠭᠤᠭᠤᠯᠤᠯᠲᠠ ︵ᠳᠣᠷᠣᠭᠰᠢ ᠭᠤᠷᠪᠠᠨ ᠵᠦᠢᠯ ᠤᠨ ᠲᠥᠷᠢᠮ ᠭᠡᠵᠦ ᠨᠡᠷᠡᠶᠢᠳᠦᠨ᠎ᠡ︶ ᠶᠢ ᠬᠡᠷᠡᠭᠵᠢᠭᠦᠯᠬᠦ ᠳᠤ ᠲᠤᠰ | ᠠᠷᠭ᠎ᠠ ᠲᠣᠬᠢᠷᠠᠨ᠎ᠠ᠃ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠤᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠭᠤᠷᠪᠠᠨ ᠵᠦᠢᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠷᠪᠠᠨ ᠵᠦᠢᠯ ᠤᠨ ᠳᠦᠷᠢᠮ ᠢ ᠬᠡᠷᠡᠭᠵᠢᠭᠦᠯᠦᠭᠰᠡᠨ | ᠪᠠᠶᠢᠳᠠᠯ ᠢ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠰᠢᠯᠭᠠᠨ ᠲᠤᠭᠲᠠᠭᠠᠬᠤ ᠰᠢᠰᠲ᠋ᠧᠮᠵᠢ ᠳᠤ ᠤᠷᠤᠭᠤᠯᠬᠤ ᠬᠡᠷᠡᠭᠲᠡᠢ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠭᠤᠷᠪᠠᠨ ᠵᠦᠢᠯ ᠤᠨ ᠳᠦᠷᠢᠮ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠷᠪᠠᠨ ᠵᠦᠢᠯ ᠤᠨ ᠳᠦᠷᠢᠮ ᠢ ᠬᠡᠷᠡᠭᠵᠢᠭᠦᠯᠬᠦ ᠶᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠶᠢ | ᠵᠣᠯᠭᠠᠭᠤᠯᠤᠨ ᠬᠡᠷᠡᠭᠯᠡᠵᠦ᠂ ᠪᠦᠬᠦ ᠤᠷᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠠᠷᠢᠮᠲᠠ ᠶᠢ ᠴᠤᠭᠯᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ | ᠬᠦᠷᠲᠡᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠯᠭ᠎ᠠ ᠪᠠᠷ ᠲᠣᠳᠣᠷᠬᠠᠶ᠂ | ᠬᠠᠮᠢᠶᠠᠷᠤᠯᠲᠠ ᠪᠠᠷ ᠵᠢᠷᠤᠮᠵᠢᠭᠤᠨ᠂ ᠣᠷᠣᠭᠤᠯᠤᠯᠲᠠ ᠪᠠᠷ ᠲᠣᠭᠲᠠᠭᠤᠨ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠴᠢᠬᠤᠯᠠ ᠪᠦᠬᠦᠢ ᠲᠣᠨᠤᠭ ᠲᠥᠬᠦᠭᠡᠷᠦᠮᠵᠢ ᠪᠣᠯᠤᠨ ᠵᠠᠷᠤᠳᠠᠯ ᠢ ᠪᠠᠲᠤᠯᠠᠬᠤ ᠬᠡᠷᠡᠭᠲᠡᠶ᠃ | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠢ ᠬᠡᠨ ᠬᠠᠤᠯᠢ ᠬᠡᠷᠡᠭᠵᠢᠭᠦᠯᠪᠡᠯ ᠬᠡᠨ ᠵᠠᠷᠯᠠᠨ ᠨᠡᠶᠢᠲᠡᠯᠡᠬᠦ ᠵᠠᠷᠴᠢᠮ ᠤᠨ | ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶᠢᠲᠡᠯᠡᠬᠦ᠂ ᠬᠦᠴᠦᠨ ᠦᠭᠡᠶ ᠪᠣᠯᠭᠠᠬᠤ | ᠪᠠ ᠰᠢᠨᠡᠳᠬᠡᠬᠦ ᠳᠦᠷᠢᠮ ᠢ ᠪᠠᠶᠢᠭᠤᠯᠬᠤ ᠬᠡᠷᠡᠭᠲᠡᠶ᠃ | ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠫᠤᠷᠲ᠋ᠧᠯ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ᠂ ᠠᠵᠢᠯ ᠶᠠᠪᠤᠳᠠᠯ ᠭᠦᠢᠴᠡᠳᠬᠡᠬᠦ ᠶᠡᠭᠡ ᠲᠢᠩᠬᠢᠮ ᠤᠨ ᠵᠠᠷᠯᠠᠨ ᠨᠡᠶᠢᠲᠡᠯᠡᠬᠦ ᠪᠤᠯᠤᠩ᠂ ᠦᠢᠯᠡᠴᠢᠯᠡᠭᠡᠨ ᠤ ᠴᠤᠩᠬᠤᠪᠴᠢ ᠵᠡᠷᠭᠡ ᠠᠴᠢᠶᠠᠯᠠᠪᠤᠷᠢ ᠪᠠᠷ | ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠦᠯᠵᠢᠶᠡᠨ ᠳᠤ | ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃ | ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠳᠣᠤᠷᠠᠬᠢ ᠮᠡᠲᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠳᠦᠰᠦᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠲᠡᠯᠡᠬᠦ ᠬᠡᠷᠡᠭᠲᠡᠶ᠄ ︵ᠨᠢᠭᠡ︶ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠯᠪᠠᠯᠠᠬᠤ ᠭᠠᠵᠠᠷ᠂ | ᠴᠢᠮᠡᠭᠡ ᠬᠤᠯᠪᠤᠭᠠᠨ ᠤ ᠬᠠᠶ᠋ᠢᠭ᠂ ᠠᠰᠠᠭᠤᠨ ᠯᠠᠪᠯᠠᠬᠤ ᠤᠲᠠᠰᠤ᠂ ᠬᠢᠨᠠᠯᠲᠠ ᠲᠠᠯᠪᠢᠬᠤ ᠤᠲᠠᠰᠤ︔ ︵ᠬᠤᠶᠠᠷ︶ ᠬᠠᠤᠯᠢ ᠬᠡᠷᠡᠭᠵᠢᠭᠦᠯᠬᠦ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ ᠵᠦᠢᠯᠡᠰ ᠤᠨ ᠨᠠᠷᠢᠨ ᠬᠠᠭᠤᠳᠠᠰᠤ︔ ︵ᠭᠤᠷᠪᠠ︶ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠳ ᠤᠨ ᠣᠪᠣᠭ ᠨᠡᠷ᠎ᠡ᠂ ᠨᠢᠭᠡᠴᠢ᠂ ᠲᠤᠰᠢᠶᠠᠯ᠂ ᠭᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ | ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ︔ ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠦᠢᠯᠡᠴᠢᠯᠡᠬᠦ ᠡᠲᠡᠭᠡᠳ᠂ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠠᠷᠭ᠎ᠠ ᠬᠡᠯᠪᠡᠷᠢ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ | ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ ᠵᠢᠴᠢ ᠭᠤᠶᠤᠴᠢᠯᠠᠬᠤ ᠮᠠᠲ᠋ᠧᠷᠢᠶᠠᠯ ᠤᠨ ᠭᠠᠷᠴᠠᠭ᠂ ᠬᠦᠰᠦᠨᠦᠭ | ᠵᠡᠷᠭᠡ︔ ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ︔ ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ | ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠲᠡᠯᠡᠬᠦ ᠴᠢᠬᠤᠯᠠᠲᠠᠢ ᠪᠤᠰᠤᠳ ᠦᠨᠳᠦᠰᠦᠨ ᠮᠡᠳᠡᠭᠡ ᠵᠠᠩᠭᠢ᠃ | ᠶᠢᠰᠦᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠬᠡᠷᠡᠭᠵᠢᠭᠦᠯᠬᠦ ᠶᠠᠪᠤᠴᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ | ᠰᠠᠨᠠᠭᠠᠴᠢᠯᠠᠭ᠎ᠠ ᠠᠴᠠ ᠪᠠᠨ ᠦᠵᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠳ ᠬᠢᠨᠠᠯᠲᠠ ᠲᠠᠯᠪᠢᠵᠤ ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ᠂ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠯᠪᠠᠲᠠᠨ ᠭᠦᠢᠴᠡᠳᠬᠡᠬᠦ᠂ ᠪᠢᠴᠢᠭ ᠬᠠᠷ᠎ᠠ ᠶᠢ ᠬᠠᠷᠭᠤᠭᠤᠯᠤᠨ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠦᠷᠨᠢᠭᠦᠯᠬᠦ ᠳᠤ᠂ ᠲᠤᠬᠠᠶ ᠶᠢᠨ ᠬᠥᠮᠦᠨ ᠳᠤ ᠨᠢ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠡᠷᠬᠡ ᠡᠭᠦᠷᠭᠡ᠂ | ᠠᠪᠤᠷᠠᠨ ᠲᠤᠰᠠᠯᠠᠬᠤ ᠠᠷᠭ᠎ᠠ ᠬᠡᠯᠪᠡᠷᠢ ᠵᠡᠷᠭᠡ ᠠᠭᠤᠯᠭ᠎ᠠ ᠶᠢ ᠮᠡᠳᠡᠭᠳᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠠᠤᠯᠢ ᠶᠣᠰᠣᠭᠠᠷ | ᠭᠠᠷᠭᠠᠵᠤ ᠥᠭᠬᠦ ᠬᠡᠷᠡᠭᠲᠡᠶ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢᠶᠠᠨ | ᠨᠡᠶᠢᠭᠡᠮ ᠨᠡᠶᠢᠲᠡ ᠳᠤ ᠬᠠᠤᠯᠢ ᠶᠣᠰᠣᠭᠠᠷ ᠢᠯᠡ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠢᠯᠡ ᠪᠣᠯᠭᠠᠬᠤ ᠠᠭᠤᠯᠭ᠎ᠠ ᠳᠤ | ᠬᠠᠤᠯᠢ ᠬᠡᠷᠡᠭᠵᠢᠭᠦᠯᠬᠦ ᠭᠤᠤᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ ᠤᠨ ᠪᠣᠳᠠᠲᠤ ᠶᠠᠪᠤᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠪᠠᠭᠲᠠᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠭᠲᠠᠭᠠᠯ ᠢ ᠵᠠᠷᠯᠠᠨ ᠨᠡᠶᠢᠲᠡᠯᠡᠬᠦ ᠳᠤ ᠬᠤᠯᠪᠣᠭᠳᠠᠯ ᠪᠦᠬᠦᠢ ᠪᠠᠩᠬᠢ ᠶᠢᠨ ᠬᠢᠨ ᠳᠠᠩᠰᠠᠨ ᠨᠣᠮᠧᠷ᠂ ᠬᠥᠳᠡᠯᠬᠦ ᠬᠥᠷᠥᠩᠭᠡ ᠪᠤᠶᠤ ᠦᠯᠦ ᠬᠥᠳᠡᠯᠬᠦ | ᠬᠥᠷᠥᠩᠭᠡ ᠶᠢᠨ ᠡᠷᠬᠡ ᠬᠠᠷᠢᠶᠠᠯᠠᠯ ᠤᠨ ᠦᠨᠡᠮᠯᠡᠯ ᠤᠨ ᠨᠣᠮᠧᠷ᠂ ᠨᠢᠭᠡᠴᠢ ᠪᠤᠶᠤ ᠬᠤᠪᠢ ᠬᠥᠮᠦᠨ ᠤ ᠡᠳ᠋ ᠬᠥᠷᠥᠩᠭᠡ ᠶᠢᠨ ᠪᠠᠶᠢᠳᠠᠯ ᠵᠡᠷᠭᠡ ᠡᠳ᠋ ᠬᠦᠷᠦᠩᠭᠡ ᠳᠤ | ᠬᠤᠯᠪᠣᠭᠳᠠᠬᠤ ᠮᠡᠳᠡᠭᠡ ᠵᠠᠩᠭᠢ ᠵᠢᠴᠢ ᠲᠤᠬᠠᠢ ᠶᠢᠨ ᠬᠥᠮᠦᠨ ᠤ ᠬᠤᠪᠢ ᠶᠢᠨ ᠬᠢᠨ ᠤ ᠭᠡᠷ ᠪᠦᠯᠢ ᠶᠢᠨ ᠬᠠᠶ᠋ᠢᠭ᠂ ᠪᠡᠶ᠎ᠡ ᠶᠢᠨ ᠦᠨᠡᠮᠯᠡᠯ ᠤᠨ ᠨᠣᠮᠧᠷ᠂ ᠴᠢᠮᠡᠭᠡ | ᠬᠤᠯᠪᠤᠭᠠᠨ ᠤ ᠠᠷᠭ᠎ᠠ ᠬᠡᠯᠪᠡᠷᠢ ᠵᠡᠷᠭᠡ ᠮᠡᠳᠡᠭᠡ ᠵᠠᠩᠭᠢ ᠶᠢ ᠨᠢᠭᠤᠴᠠᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠢᠯᠡ ᠪᠤᠯᠭᠠᠵᠤ | ᠪᠤᠯᠬᠤ ᠦᠭᠡᠶ᠄ ︵ᠨᠢᠭᠡ︶ ᠲᠤᠬᠠᠶ ᠶᠢᠨ ᠬᠥᠮᠦᠨ ᠨᠢ ᠨᠠᠰᠤᠨ ᠳᠤ ᠦᠯᠦ ᠬᠦᠷᠦᠭᠰᠡᠳ ᠲᠤ ᠲᠣᠭᠠᠴᠠᠭᠳᠠᠬᠤ ᠪᠠᠶᠢᠳᠠᠯ︔ ︵ᠬᠤᠶᠠᠷ︶ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠪᠠᠶᠢᠳᠠᠯ︔ ︵ᠭᠤᠷᠪᠠ︶ ᠢᠯᠡ ᠪᠣᠯᠭᠠᠭᠰᠠᠨ ᠤ ᠲᠠᠷᠠᠭ᠎ᠠ ᠤᠯᠤᠰ ᠤᠨ ᠠᠮᠤᠷ | ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠨᠥᠯᠥᠭᠡᠯᠡᠵᠦ | ᠮᠡᠳᠡᠬᠦ ᠪᠠᠶᠢᠳᠠᠯ︔ ︵ᠲᠦᠷᠪᠡ︶ ᠢᠯᠡ ᠪᠣᠯᠭᠠᠭᠰᠠᠨ ᠤ ᠲᠠᠷᠠᠭ᠎ᠠ ᠲᠤᠰ ᠬᠡᠷᠡᠭ ᠲᠤ ᠬᠤᠯᠪᠣᠭᠳᠠᠬᠤ ᠪᠤᠰᠤᠳ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠨᠥᠯᠥᠭᠡᠯᠡᠵᠦ ᠮᠡᠳᠡᠬᠦ ᠪᠠᠶᠢᠳᠠᠯ︔ ︵ᠲᠠᠪᠤ︶ ᠬᠡᠷᠡᠭ ᠨᠢ ᠶᠠᠯ᠎ᠠ ᠲᠠᠢ ᠪᠠᠷ ᠰᠡᠵᠢᠭᠯᠡᠭᠳᠡᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠪᠠᠶᠢᠴᠠᠭᠠᠨ ᠰᠢᠢᠳᠪᠦᠷᠢᠯᠡᠬᠦ ᠴᠢᠬᠤᠯᠠᠲᠠᠶ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠪᠠᠶᠢᠳᠠᠯ︔ ︵ᠵᠢᠷᠭᠤᠭ᠎ᠠ︶ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠢᠯᠡ ᠪᠤᠯᠭᠠᠵᠤ ᠪᠤᠯᠬᠤ ᠦᠭᠡᠶ ᠭᠡᠵᠦ ᠲᠤᠭᠲᠠᠭᠠᠭᠰᠠᠨ ᠪᠤᠰᠤᠳ ᠪᠠᠶᠢᠳᠠᠯ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠᠷ ᠲᠤᠭᠲᠠᠭᠰᠠᠨ ᠮᠡᠳᠡᠭᠡ ᠵᠠᠩᠭᠢ ᠶᠢ | ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ ᠳᠣᠲᠣᠷ᠎ᠠ ᠢᠯᠡ ᠪᠤᠯᠭᠠᠵᠤ᠂ ᠪᠤᠰᠤᠳ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠭᠲᠠᠭᠠᠯ ᠤᠨ ᠪᠤᠰᠤᠳ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ ᠢᠯᠡ | ᠪᠣᠯᠭᠠᠬᠤ ᠬᠡᠷᠡᠭᠲᠡᠶ᠃ ᠢᠯᠡ ᠪᠤᠯᠭᠠᠬᠤ ᠬᠤᠭᠤᠴᠠᠭ᠎ᠠ ᠬᠢᠵᠠᠭᠠᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠪᠠᠶᠢᠪᠠᠯ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠰᠢᠨᠡᠳᠬᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠯᠡᠬᠦ ᠠᠯᠳᠠᠭ᠎ᠠ ᠵᠠᠯᠠᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠨᠢᠭᠡᠨᠲᠡ ᠢᠯᠡ | ᠪᠣᠯᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠳᠠᠭᠰᠠᠨ᠂ ᠬᠠᠤᠯᠢ ᠠᠴᠠ ᠵᠥᠷᠢᠴᠡᠭᠰᠡᠨ ᠢᠶᠠᠷ | ᠨᠤᠲᠠᠯᠠᠭᠳᠠᠭᠰᠠᠨ ᠪᠤᠶᠤ ᠰᠢᠨ᠎ᠡ ᠪᠠᠷ ᠲᠤᠭᠲᠠᠭᠠᠯᠭᠠᠬᠤ ᠪᠠᠷ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠤᠯ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠳᠠᠷᠦ᠋ᠢᠬᠠᠨ ᠬᠦᠴᠦᠨ ᠦᠭᠡᠶ ᠪᠣᠯᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ | ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠭᠤᠴᠢᠨ ᠨᠢᠭᠡᠨ ᠤ ᠡᠳᠦᠷ ᠠᠴᠠ ᠡᠮᠦᠨ᠎ᠡ ᠠᠳᠠᠯᠢ | ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠭᠡᠷ᠎ᠡ ᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠵᠢᠴᠢ | ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠷᠢᠶᠠᠩᠭᠤᠶᠢᠯᠠᠨ | ᠵᠠᠳᠠᠯᠤᠭᠰᠠᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠮᠡᠳᠡᠭᠦᠯᠬᠦ ᠬᠡᠷᠡᠭᠲᠡᠶ᠃ | ᠭᠤᠷᠪᠠᠳᠤᠭᠠᠷ ᠪᠦᠯᠦᠭ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠬᠦ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠦᠰᠦᠭ ᠪᠢᠴᠢᠭ᠂ ᠲᠠᠭᠤ ᠳᠦᠷᠰᠦ | ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠬᠡᠯᠪᠡᠷᠢ ᠶᠢ ᠲᠤᠭᠲᠠᠭᠠᠯ ᠶᠤᠰᠤᠭᠠᠷ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠬᠢᠯᠡᠭᠦᠯᠬᠦ᠂ | ᠪᠠᠶᠢᠴᠠᠭᠠᠵᠤ ᠭᠡᠷᠡᠴᠢ ᠠᠪᠬᠤ᠂ ᠬᠢᠨᠠᠨ ᠬᠠᠷᠭᠤᠭᠤᠯᠵᠤ ᠲᠣᠭᠲᠠᠭᠠᠬᠤ᠂ ᠬᠦᠷᠭᠡᠵᠦ ᠬᠡᠷᠡᠭᠵᠢᠭᠦᠯᠬᠦ ᠵᠡᠷᠭᠡ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠦᠰᠦᠭ ᠪᠢᠴᠢᠭ ᠢᠶᠠᠷ ᠲᠡᠮᠳᠡᠭᠯᠡᠬᠦ ᠪᠣᠯ ᠴᠠᠭᠠᠰᠤᠨ ᠪᠢᠴᠢᠭ ᠮᠠᠲ᠋ᠧᠷᠢᠶᠠᠯ ᠪᠤᠶᠤ ᠡᠯᠧᠺᠳ᠋ᠷᠤᠨ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠪᠦᠬᠦ ᠶᠠᠪᠤᠴᠠ ᠶᠢᠨ ᠲᠡᠮᠳᠡᠭᠯᠡᠯ ᠬᠢᠬᠦ ᠠᠷᠭ᠎ᠠ ᠬᠡᠯᠪᠡᠷᠢ ᠪᠣᠯᠤᠨ᠎ᠠ᠃ ᠦᠰᠦᠭ ᠪᠢᠴᠢᠭ ᠢᠶᠠᠷ | ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠤᠨ ᠪᠢᠴᠢᠭ ᠬᠠᠷ᠎ᠠ ᠶᠢᠨ ᠵᠠᠭᠪᠤᠷ ᠢ ᠬᠡᠷᠡᠭᠯᠡᠵᠦ᠂ ᠲᠡᠮᠳᠡᠭᠯᠡᠬᠦ ᠬᠦᠴᠦᠨ ᠵᠦᠢᠯ ᠳᠤ ᠴᠠᠭ | ᠬᠤᠭᠤᠴᠠᠭ᠎ᠠ᠂ ᠭᠠᠵᠠᠷ ᠣᠷᠣᠨ᠂ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠠᠭᠤᠯᠭ᠎ᠠ᠂ ᠬᠠᠤᠯᠢ ᠬᠡᠷᠡᠭᠵᠢᠭᠦᠯᠬᠦ | ᠶᠠᠪᠤᠴᠠ ᠵᠡᠷᠭᠡ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠠᠭᠤ ᠳᠦᠷᠰᠦ ᠰᠢᠩᠭᠡᠭᠡᠯᠲᠡ ᠢᠶᠠᠷ ᠰᠢᠩᠭᠡᠭᠡᠨ ᠲᠡᠮᠳᠡᠭᠯᠡᠬᠦ ᠪᠣᠯ ᠭᠡᠷᠡᠯ ᠵᠢᠷᠤᠭ ᠤᠨ ᠮᠠᠰᠢᠨ᠂ ᠳᠠᠭᠤ ᠰᠢᠩᠭᠡᠭᠡᠬᠦ ᠮᠠᠰᠢᠨ᠂ | ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠤᠶᠤᠨᠴᠢ ᠦᠵᠦᠭᠦᠷ᠂ ᠸᠢᠳᠢᠤ᠋ ᠪᠠᠷ ᠬᠢᠨᠠᠨ ᠡᠵᠡᠮᠳᠡᠬᠦ ᠵᠡᠷᠭᠡ ᠰᠢᠩᠭᠡᠭᠡᠨ | ᠲᠡᠮᠳᠡᠭᠯᠡᠬᠦ ᠲᠦᠬᠦᠭᠡᠷᠦᠮᠵᠢ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠤᠬᠠᠶ ᠴᠠᠭ ᠲᠤ ᠨᠢ ᠲᠡᠮᠳᠡᠭᠯᠡᠬᠦ ᠠᠷᠭ᠎ᠠ ᠬᠡᠯᠪᠡᠷᠢ | ᠪᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠮᠠᠷᠭᠤᠯᠳᠤᠭᠠᠨ ᠡᠭᠦᠰᠴᠦ ᠮᠡᠳᠡᠬᠦ ᠠᠬᠤᠢ ᠲᠠᠯᠠᠪᠠᠶ ᠳᠤ ᠬᠠᠤᠯᠢ ᠬᠡᠷᠡᠭᠵᠢᠭᠦᠯᠬᠦ᠂ | ᠪᠠᠶᠢᠴᠠᠭᠠᠯᠲᠠ ᠬᠢᠵᠦ ᠭᠡᠷᠡᠴᠢ ᠠᠪᠬᠤ᠂ ᠭᠡᠷᠡᠴᠢᠯᠡᠭᠡ ᠰᠣᠨᠣᠰᠬᠤ᠂ ᠬᠦᠷᠭᠡᠯᠲᠡ ᠶᠢ ᠬᠤᠴᠤᠷᠭᠠᠨ ᠠᠪᠬᠤ ᠪᠠ ᠠᠯᠪᠠᠨ ᠵᠠᠷ ᠨᠡᠶᠢᠲᠡᠯᠡᠵᠦ ᠬᠦᠷᠭᠡᠬᠦ ᠵᠡᠷᠭᠡ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠳᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠬᠦ ᠬᠡᠷᠡᠭᠲᠡᠶ᠃ ᠡᠳ᠋ ᠬᠥᠷᠥᠩᠭᠡ ᠶᠢ ᠪᠠᠶᠢᠴᠠᠭᠠᠨ | ᠪᠢᠲᠡᠭᠦᠮᠵᠢᠯᠡᠬᠦ᠂ ᠦᠯᠡᠳᠡᠭᠡᠨ ᠠᠪᠬᠤ ᠪᠠ ᠠᠯᠪᠠᠲᠠᠨ ᠨᠤᠷᠠᠭᠠᠯᠭᠠᠬᠤ ᠵᠡᠷᠭᠡ ᠬᠥᠮᠦᠨ ᠤ ᠪᠡᠶ᠎ᠡ ᠶᠢᠨ ᠡᠷᠬᠡ ᠴᠢᠯᠥᠭᠡ᠂ ᠠᠮᠢ ᠨᠠᠰᠤᠨ ᠤ ᠡᠷᠡᠭᠦᠯ ᠮᠡᠨᠳᠦ᠂ ᠡᠳ᠋ | ᠬᠥᠷᠥᠩᠭᠡ ᠶᠢᠨ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠤᠭᠳᠠᠭᠰᠠᠨ ᠠᠬᠤᠢ ᠲᠠᠯᠠᠪᠠᠶ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠤᠨ ᠪᠦᠬᠦ ᠶᠠᠪᠤᠴᠠ ᠶᠢ ᠳᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠠᠭᠤ ᠳᠦᠷᠰᠦ ᠰᠢᠩᠭᠡᠯᠲᠡ ᠪᠠᠷ ᠰᠢᠩᠭᠡᠭᠡᠨ | ᠲᠡᠮᠳᠡᠭᠯᠡᠬᠦ ᠳᠤ ᠪᠠᠨ᠂ ᠳᠣᠤᠷᠠᠬᠢ ᠮᠡᠲᠦ ᠠᠭᠤᠯᠭ᠎ᠠ ᠶᠢ ᠭᠤᠤᠯᠳᠠᠯᠭ᠎ᠠ ᠲᠠᠢ ᠰᠢᠩᠭᠡᠭᠡᠨ ᠲᠡᠮᠳᠡᠭᠯᠡᠬᠦ ᠬᠡᠷᠡᠭᠲᠡᠶ᠄ ︵ᠨᠢᠭᠡ︶ ᠠᠬᠤᠢ ᠲᠠᠯᠠᠪᠠᠢ ᠶᠢᠨ ᠬᠠᠤᠯᠢ | ᠬᠡᠷᠡᠭᠵᠢᠭᠦᠯᠬᠦ ᠣᠷᠴᠢᠨ ᠨᠦᠭᠦᠴᠡᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠭᠡᠷᠡᠴᠢ ᠦᠨᠡᠮᠯᠡᠯ ᠢᠶᠠᠨ ᠦᠵᠡᠭᠦᠯᠦᠭᠰᠡᠨ᠂ ᠡᠷᠬᠡ ᠠᠰᠢᠭ ᠪᠠ | ᠡᠭᠦᠷᠭᠡ ᠬᠠᠷᠢᠭᠤᠴᠠᠯᠭ᠎ᠠ ᠶᠢ ᠨᠢ ᠮᠡᠳᠡᠭᠳᠡᠭᠰᠡᠨ ᠪᠠᠶᠢᠳᠠᠯ︔ ︵ᠬᠤᠶᠠᠷ︶ ᠲᠤᠬᠠᠶ ᠶᠢᠨ ᠬᠥᠮᠦᠨ᠂ ᠭᠡᠷᠡᠴᠢᠯᠡᠭᠴᠢ ᠵᠡᠷᠭᠡ ᠠᠬᠤᠢ ᠲᠠᠯᠠᠪᠠᠢ ᠶᠢᠨ ᠬᠤᠯᠪᠣᠭᠳᠠᠯ ᠪᠦᠬᠦᠢ | ᠬᠦᠮᠦᠰ ᠤᠨ ᠪᠡᠶ᠎ᠡ ᠪᠠᠶᠢᠳᠠᠯ ᠳᠦᠷᠢ ᠲᠥᠷᠬᠦ ᠶᠢᠨ ᠣᠨᠴᠠᠯᠢᠭ ᠰᠢᠨᠵᠢ ᠪᠠ ᠦᠭᠡ ᠶᠠᠷᠢᠶ᠎ᠠ ᠬᠥᠳᠡᠯᠦᠯ ᠪᠠᠷᠢᠯ︔ ︵ᠭᠤᠷᠪᠠ︶ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠰᠤᠳᠤᠯᠤᠨ ᠪᠠᠶᠢᠴᠠᠭᠠᠭᠰᠠᠨ᠂ ᠪᠠᠶᠢᠴᠠᠭᠠᠯᠲᠠ ᠬᠢᠭᠰᠡᠨ᠂ ᠭᠡᠷᠡᠴᠢ ᠠᠪᠤᠭᠰᠠᠨ ᠪᠠᠶᠢᠳᠠᠯ︔ ︵ᠲᠦᠷᠪᠡ︶ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠠᠢ ᠬᠤᠯᠪᠣᠭᠳᠠᠬᠤ ᠴᠢᠬᠤᠯᠠ ᠡᠳ᠋ ᠪᠣᠳᠠᠰ ᠵᠢᠴᠢ ᠪᠤᠰᠤᠳ ᠭᠡᠷᠡᠴᠢ ᠪᠠᠷᠢᠮᠲᠠ︔ ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ | ᠬᠤᠯᠪᠣᠭᠳᠠᠯ ᠬᠦᠮᠦᠨ ᠬᠠᠷ᠎ᠠ᠂ ᠡᠳ᠋ ᠬᠤᠭᠰᠢᠯ ᠳᠤ ᠠᠷᠭ᠎ᠠ ᠬᠡᠮᠵᠢᠶ᠎ᠡ ᠠᠪᠤᠭᠰᠠᠨ ᠪᠠᠶᠢᠳᠠᠯ︔ ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠲᠤᠬᠠᠶ ᠶᠢᠨ ᠭᠠᠵᠠᠷ ᠲᠤ ᠨᠢ ᠦᠢᠯᠡᠳᠦᠭᠰᠡᠨ᠂ ᠬᠦᠷᠭᠡᠵᠦ ᠭᠠᠷᠳᠠᠭᠤᠯᠤᠭᠰᠠᠨ ᠪᠠᠶᠢᠳᠠᠯ︔ | ︵ᠲᠤᠯᠤᠭ᠎ᠠ︶ ᠰᠢᠩᠭᠡᠭᠡᠨ ᠲᠡᠮᠳᠡᠭᠯᠡᠬᠦ ᠴᠢᠬᠤᠯᠠᠲᠠᠢ ᠪᠤᠰᠤᠳ ᠠᠭᠤᠯᠭ᠎ᠠ᠃ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠪᠠ ᠲᠤᠬᠠᠶ ᠶᠢᠨ ᠬᠥᠮᠦᠨ ᠤ ᠬᠤᠶᠠᠷ ᠲᠠᠯ᠎ᠠ ᠶᠢᠨ ᠪᠠᠶᠢᠳᠠᠯ ᠢ ᠵᠡᠷᠭᠡ ᠳᠤ ᠨᠢ ᠰᠢᠩᠭᠡᠭᠡᠨ ᠲᠡᠮᠳᠡᠭᠯᠡᠭᠰᠡᠨ ᠪᠠᠶᠢᠬᠤ ᠬᠡᠷᠡᠭᠲᠡᠶ᠃ |