ᠠᠷᠪᠠ ᠶᠢᠰᠦᠳᠦᠭᠡᠷ ᠵᠦᠢᠯ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠠᠴᠠ ᠡᠮᠦᠨ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ | ᠲᠦᠬᠦᠭᠡᠷᠦᠮᠵᠢ ᠪᠠᠨ ᠪᠠᠶᠢᠴᠠᠭᠠᠵᠤ᠂ ᠲᠤᠬᠠᠢ ᠶᠢᠨ ᠬᠥᠮᠦᠨ ᠳᠤ ᠮᠡᠳᠡᠭᠳᠡᠬᠦ ᠪᠥᠭᠡᠳ ᠴᠠᠭ᠂ ᠭᠠᠵᠠᠷ᠂ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠨᠢ ᠠᠬᠤᠢ ᠲᠠᠯᠠᠪᠠᠢ ᠳᠤ ᠬᠠᠤᠯᠢ ᠬᠡᠷᠡᠭᠵᠢᠭᠦᠯᠦᠭᠰᠡᠨ ᠠᠴᠠ ᠡᠬᠢᠯᠡᠨ ᠠᠬᠤᠢ | ᠲᠠᠯᠠᠪᠠᠢ ᠳᠤ ᠬᠠᠤᠯᠢ ᠬᠡᠷᠡᠭᠵᠢᠭᠦᠯᠵᠦ ᠳᠠᠭᠤᠰᠲᠠᠯ᠎ᠠ ᠲᠠᠰᠤᠷᠠᠳᠠᠯ ᠤᠢᠭᠡᠢ ᠶᠠᠪᠤᠭᠳᠠᠬᠤ ᠬᠡᠷᠡᠭᠲᠡᠢ᠃ ᠲᠦᠬᠦᠭᠡᠷᠦᠮᠵᠢ ᠶᠢᠨ ᠭᠡᠮᠲᠦᠯ᠂ ᠠᠭᠤᠷ ᠠᠮᠢᠰᠬᠤᠯ ᠤᠨ ᠤᠷᠰᠢᠭ᠂ | ᠵᠣᠷᠢᠭᠤᠳᠠ ᠬᠠᠷᠰᠢᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠶᠢ ᠲᠠᠰᠤᠯᠳᠠᠭᠤᠯᠤᠭᠰᠠᠨ ᠪᠠᠶᠢᠪᠠᠯ᠂ | ᠲᠠᠬᠢᠵᠤ ᠰᠢᠩᠭᠡᠭᠡᠨ ᠲᠡᠮᠳᠡᠭᠯᠡᠬᠦ ᠳᠤ ᠪᠠᠨ ᠲᠠᠰᠤᠯᠳᠠᠭᠰᠠᠨ ᠰᠢᠯᠲᠠᠭᠠᠨ ᠤ ᠲᠤᠬᠠᠶ ᠠᠪᠢᠶᠠᠨ ᠤ ᠲᠣᠳᠣᠷᠬᠠᠶᠢᠯᠠᠯᠲᠠ ᠬᠢᠬᠦ ᠬᠡᠷᠡᠭᠲᠡᠶ︔ ᠦᠨᠡᠬᠡᠷ ᠦᠷᠭᠦᠯᠵᠢᠯᠡᠨ | ᠰᠢᠩᠭᠡᠭᠡᠨ ᠲᠡᠮᠳᠡᠭᠯᠡᠬᠦ ᠶᠢᠨ ᠠᠷᠭ᠎ᠠ ᠦᠭᠡᠶ ᠪᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ | ᠮᠡᠳᠡᠭᠦᠯᠬᠦ ᠶᠢᠨ ᠬᠠᠮᠲᠤ ᠠᠬᠤᠢ ᠲᠠᠯᠠᠪᠠᠶ ᠳᠤ ᠬᠠᠤᠯᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ ᠪᠠᠶᠢᠳᠠᠯ ᠢᠶᠠᠨ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃ | ᠬᠤᠷᠢᠳᠤᠭᠠᠷ ᠵᠦᠢᠯ ᠳᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠭᠰᠡᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠳ ᠬᠤᠷᠢᠨ ᠳᠥᠷᠪᠡᠨ | ᠴᠠᠭ ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠭᠰᠡᠨ ᠮᠡᠳᠡᠭᠡ ᠵᠠᠩᠭᠢ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠰᠢᠰᠲ᠋ᠧᠮ ᠳᠤ ᠳᠠᠮᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠰᠢᠰᠲ᠋ᠧᠮ ᠨᠢ ᠪᠦᠬᠦ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠯᠦᠭᠡ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠶ᠃ ᠦᠷᠭᠦᠯᠵᠢᠯᠡᠨ ᠬᠠᠤᠯᠢ ᠬᠡᠷᠡᠭᠵᠢᠭᠦᠯᠬᠦ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠤᠶᠤ ᠵᠠᠬ᠎ᠠ ᠬᠢᠵᠠᠭᠠᠷ | ᠤᠷᠤᠨ᠂ ᠤᠰᠤᠨ ᠳᠡᠭᠡᠷᠡᠬᠢ᠂ ᠵᠠᠮ ᠬᠠᠷᠢᠯᠴᠠᠭ᠎ᠠ ᠳᠥᠭᠦᠮ ᠦᠭᠡᠶ ᠭᠠᠵᠠᠷ ᠣᠷᠣᠨ ᠳᠤ ᠬᠠᠤᠯᠢ ᠬᠡᠷᠡᠭᠵᠢᠭᠦᠯᠦᠭᠰᠡᠨ ᠠᠴᠠ ᠪᠣᠯᠵᠤ᠂ ᠲᠣᠭᠲᠠᠭᠰᠠᠨ ᠴᠠᠭ | ᠬᠢᠵᠠᠭᠠᠷ ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠭᠰᠡᠨ ᠮᠡᠳᠡᠭᠡ ᠵᠠᠩᠭᠢ ᠪᠠᠨ ᠳᠠᠮᠵᠢᠭᠤᠯᠬᠤ ᠶᠢᠨ ᠠᠷᠭ᠎ᠠ ᠦᠭᠡᠶ ᠪᠤᠯᠤᠭᠰᠠᠨ ᠪᠠᠶᠢᠪᠠᠯ᠂ | ᠨᠦᠭᠦᠴᠡᠯ ᠪᠦᠷᠢᠳᠦᠭᠦᠯᠦᠭᠰᠡᠨ ᠤ ᠳᠠᠷᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠦ᠋ᠢᠬᠠᠨ ᠳᠠᠮᠵᠢᠭᠤᠯᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠳᠠᠭᠤ ᠳᠦᠷᠰᠦ | ᠰᠢᠩᠭᠡᠭᠡᠯᠲᠡ ᠪᠠᠷ ᠲᠡᠮᠳᠡᠭᠯᠡᠬᠦ ᠲᠦᠬᠦᠭᠡᠷᠦᠮᠵᠢ ᠲᠤᠬᠢᠷᠠᠭᠤᠯᠵᠦ᠂ ᠯᠠᠪᠯᠠᠨ ᠠᠰᠠᠭᠤᠬᠤ ᠭᠡᠷ ᠪᠠ ᠭᠡᠷᠡᠴᠢᠯᠡᠭᠡ ᠰᠣᠨᠣᠰᠬᠤ ᠭᠡᠷ ᠵᠡᠷᠭᠡ ᠳᠠᠭᠤ ᠳᠦᠷᠰᠦ | ᠰᠢᠩᠭᠡᠭᠡᠯᠲᠡ ᠪᠠᠷ ᠲᠡᠮᠳᠡᠭᠯᠡᠬᠦ ᠲᠠᠯᠠᠪᠤᠷ ᠭᠠᠵᠠᠷ ᠢ ᠪᠠᠶᠢᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ | ᠪᠣᠯᠤᠨ ᠳᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠭᠰᠡᠨ ᠮᠠᠲ᠋ᠧᠷᠢᠶᠠᠯ ᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠢᠯᠳᠠᠨ ᠨᠢ ᠬᠠᠤᠯᠢ | ᠬᠡᠷᠡᠭᠵᠢᠭᠦᠯᠬᠦ ᠶᠠᠪᠤᠴᠠ ᠶᠢᠨ ᠠᠩᠬᠠᠨ ᠤ ᠲᠡᠮᠳᠡᠭᠯᠡᠯ ᠢ ᠬᠠᠭᠤᠷᠮᠠᠭᠯᠠᠨ ᠵᠤᠬᠢᠶᠠᠬᠤ᠂ ᠵᠠᠰᠠᠪᠤᠷᠢ ᠤᠷᠤᠭᠤᠯᠬᠤ᠂ ᠨᠠᠶᠢᠷᠠᠭᠤᠯᠬᠤ᠂ ᠡᠰᠭᠡᠬᠦ ᠪᠠ ᠬᠠᠰᠤᠵᠤ ᠬᠠᠶᠠᠵᠤ | ᠪᠣᠯᠬᠤ ᠦᠭᠡᠶ᠂ ᠬᠠᠤᠯᠢ ᠪᠠᠷ ᠲᠣᠭᠲᠠᠭᠠᠭᠰᠠᠨ ᠬᠠᠳᠠᠭᠠᠯᠠᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠦᠰᠦᠭ ᠪᠢᠴᠢᠭ ᠤᠨ ᠲᠡᠮᠳᠡᠭᠯᠡᠯ ᠪᠣᠯᠤᠨ ᠳᠠᠭᠤ ᠳᠦᠷᠰᠦ | ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠤᠰᠠᠳᠬᠠᠵᠤ ᠪᠣᠯᠬᠤ ᠦᠭᠡᠶ᠃ | ᠬᠤᠷᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠰᠦᠭ ᠪᠢᠴᠢᠭ ᠤᠨ ᠲᠡᠮᠳᠡᠭᠯᠡᠯ ᠪᠣᠯᠤᠨ ᠲᠠᠭᠤ ᠳᠦᠷᠰᠦ ᠰᠢᠩᠭᠡᠭᠡᠯᠲᠡ ᠶᠢᠨ | ᠲᠡᠮᠳᠡᠭᠯᠡᠯ ᠤᠨ ᠮᠠᠲ᠋ᠧᠷᠢᠶᠠᠯ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠤᠭᠳᠠᠭᠰᠠᠨ ᠪᠠᠶᠢᠪᠠᠯ᠂ | ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ | ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠣᠳᠣᠬᠤ ᠵᠡᠷᠭᠡ ᠲᠥᠷᠥ ᠶᠢᠨ ᠪᠠᠶᠢᠭᠤᠯᠭ᠎ᠠ ᠨᠢ ᠬᠡᠷᠡᠭ ᠰᠢᠢᠳᠪᠦᠷᠢᠯᠡᠬᠦ ᠬᠡᠷᠡᠭᠴᠡᠭᠡ ᠠᠴᠠ ᠪᠣᠯᠵᠤ᠂ ᠬᠠᠮᠢᠶ᠎ᠠ | ᠪᠦᠬᠦᠢ ᠬᠡᠷᠡᠭ ᠤᠨ ᠬᠠᠤᠯᠢ ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠬᠠᠤᠯᠢ ᠶᠣᠰᠣᠭᠠᠷ ᠠᠪᠴᠤ ᠦᠵᠡᠬᠦ᠂ ᠬᠠᠭᠤᠯᠠᠪᠤᠷᠢᠯᠠᠬᠤ ᠳᠤ ᠬᠦᠷᠪᠡᠯ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠮᠵᠢᠯᠴᠠᠨ ᠬᠠᠩᠭᠠᠬᠤ ᠬᠡᠷᠡᠭᠲᠡᠶ᠃ ᠲᠤᠬᠠᠶ ᠶᠢᠨ ᠬᠥᠮᠦᠨ᠂ ᠠᠰᠢᠭ ᠬᠤᠣᠷ ᠤᠨ ᠬᠠᠷᠢᠴᠠᠭ᠎ᠠ ᠲᠠᠢ | ᠬᠦᠮᠦᠰ ᠨᠢ ᠲᠡᠭᠦᠨ ᠲᠠᠢ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠪᠠᠶᠢᠴᠠᠭᠠᠨ ᠦᠵᠡᠬᠦ᠂ ᠬᠠᠭᠤᠯᠠᠪᠤᠷᠢᠯᠠᠬᠤ ᠪᠠᠷ ᠱᠠᠭᠠᠷᠳᠠᠭᠰᠠᠨ | ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠮᠵᠢᠯᠴᠠᠨ ᠬᠠᠩᠭᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ | ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ | ᠭᠠᠷᠭᠠᠬᠤ ᠠᠴᠠ ᠪᠠᠨ ᠡᠮᠦᠨ᠎ᠡ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠦᠭᠡᠶ ᠪᠤᠶᠤ ᠬᠢᠨᠠᠨ | ᠬᠠᠷᠭᠤᠭᠤᠯᠤᠭᠠᠳ ᠪᠠᠲᠤᠯᠠᠭᠳᠠᠭᠰᠠᠨ ᠦᠭᠡᠶ ᠪᠣᠯ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠭᠠᠷᠭᠠᠵᠤ ᠪᠣᠯᠬᠤ ᠦᠭᠡᠶ᠃ | ᠬᠤᠷᠢᠨ ᠵᠢᠷᠭᠤᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠬᠠᠤᠯᠢ ᠬᠡᠷᠡᠭᠵᠢᠭᠦᠯᠬᠦ ᠲᠣᠭᠲᠠᠭᠠᠯ ᠨᠢ ᠬᠠᠤᠯᠢ ᠳᠦᠷᠢᠮ ᠤᠨ ᠬᠢᠨᠠᠨ | ᠬᠠᠷᠭᠤᠭᠤᠯᠤᠯᠲᠠ ᠬᠢᠬᠦ ᠬᠡᠷᠡᠭᠲᠡᠶ᠄ ︵ᠨᠢᠭᠡ︶ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠳᠠᠯ︔ ︵ᠬᠤᠶᠠᠷ︶ ᠬᠦᠨᠳᠦ ᠶᠡᠭᠡ | ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠪᠤᠶᠤ ᠨᠡᠶᠢᠭᠡᠮ ᠤᠨ ᠠᠶᠤᠯ ᠲᠦᠭᠰᠢᠭᠦᠷᠢ ᠶᠢ ᠡᠭᠦᠰᠭᠡᠵᠦ ᠮᠡᠳᠡᠬᠦ ᠪᠠᠶᠢᠳᠠᠯ︔ ︵ᠭᠤᠷᠪᠠ︶ ᠵᠠᠰᠠᠭ ᠵᠠᠬᠢᠷᠭᠠᠨ ᠤ | ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠣᠭᠳᠠᠭᠰᠠᠨ ᠪᠠᠶᠢᠳᠠᠯ︔ ︵ᠲᠦᠷᠪᠡ︶ ᠭᠡᠷᠡᠴᠢᠯᠡᠭᠡ | ᠰᠣᠨᠣᠰᠬᠤ ᠳᠡᠰ ᠳᠠᠷᠠᠭᠠᠯᠠᠯ ᠢᠶᠠᠷ ᠳᠠᠮᠵᠢᠭᠤᠯᠤᠨ ᠭᠠᠷᠭᠠᠭᠰᠠᠨ ᠪᠠᠶᠢᠳᠠᠯ︔ ︵ᠲᠠᠪᠤ︶ ᠬᠡᠷᠡᠭ ᠤᠨ ᠪᠠᠶᠢᠳᠠᠯ ᠨᠢ ᠬᠦᠴᠢᠷ ᠲᠦᠪᠡᠭᠲᠡᠢ ᠪᠦᠭᠡᠳ ᠪᠤᠳᠤᠯᠢᠶᠠᠨᠲᠠᠶ | ᠪᠠᠶᠢᠵᠤ᠂ ᠬᠠᠤᠯᠢ ᠴᠠᠭᠠᠵᠠ ᠶᠢᠨ ᠤᠯᠠᠨ ᠬᠠᠷᠢᠴᠠᠭ᠎ᠠ ᠳᠤ ᠬᠤᠯᠪᠣᠭᠳᠠᠭᠰᠠᠨ ᠪᠠᠶᠢᠳᠠᠯ︔ ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠳᠤ ᠲᠣᠭᠲᠠᠭᠠᠭᠰᠠᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ ᠪᠤᠰᠤᠳ ᠬᠠᠤᠯᠢ ᠬᠡᠷᠡᠭᠵᠢᠭᠦᠯᠬᠦ ᠲᠣᠭᠲᠠᠭᠠᠯ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠱᠠᠲᠤ ᠳᠡᠰ᠂ ᠬᠠᠷᠢᠶᠠᠯᠠᠭᠳᠠᠬᠤ ᠬᠦᠷᠢᠶ᠎ᠡ ᠴᠠᠷᠠᠭ᠎ᠠ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ | ᠵᠡᠷᠭᠡ ᠬᠦᠴᠦᠨ ᠵᠦᠢᠯ ᠢ ᠦᠨᠳᠦᠰᠦᠯᠡᠨ᠂ ᠲᠤᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ | ᠬᠠᠷᠭᠤᠭᠤᠯᠬᠤ ᠵᠦᠢᠯᠡᠰ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠬᠡᠷᠡᠭ ᠭᠦᠢᠴᠡᠳᠬᠡᠭᠡᠳᠦᠢ ᠬᠢᠭᠡᠳ | ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠯᠤᠭ᠎ᠠ ᠰᠠᠯᠭᠠᠬᠤ ᠵᠠᠷᠴᠢᠮ ᠤᠨ ᠶᠣᠰᠣᠭᠠᠷ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ | ᠳᠦᠷᠢᠮ ᠢ ᠬᠢᠨᠠᠨ ᠬᠠᠷᠭᠤᠭᠤᠯᠬᠤ ᠪᠠᠶᠢᠭᠤᠯᠤᠮᠵᠢ ᠪᠠᠨ ᠲᠣᠳᠣᠷᠬᠠᠶᠢᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠠᠵᠢᠯ ᠤᠨ ᠬᠡᠷᠡᠭᠴᠡᠭᠡ ᠳᠤ ᠳᠣᠭᠢᠷᠬᠠᠰᠠᠨ ᠬᠠᠤᠯᠢ ᠳᠦᠷᠢᠮ ᠤᠨ ᠬᠢᠨᠠᠨ ᠬᠠᠷᠭᠤᠭᠤᠯᠤᠭᠴᠢ ᠲᠣᠬᠢᠷᠠᠭᠤᠯᠬᠤ ᠬᠡᠷᠡᠭᠲᠡᠶ᠃ ᠬᠠᠤᠯᠢ ᠳᠦᠷᠢᠮ ᠤᠨ ᠬᠢᠨᠠᠨ | ᠬᠠᠷᠭᠤᠭᠤᠯᠬᠤ ᠠᠵᠢᠯ ᠢ ᠠᠩᠬ᠎ᠠ ᠭᠠᠷᠳᠠᠵᠤ ᠬᠢᠬᠦ ᠠᠵᠢᠯᠲᠠᠳ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠭᠡᠮ ᠢ ᠣᠯᠤᠭᠰᠠᠨ | ᠪᠠᠶᠢᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠨᠢ ᠬᠠᠤᠯᠢ ᠳᠦᠷᠢᠮ ᠢ ᠬᠢᠨᠠᠨ ᠬᠠᠷᠭᠤᠭᠤᠯᠬᠤ | ᠪᠠᠶᠢᠭᠤᠯᠤᠮᠵᠢ ᠳᠤ ᠬᠢᠨᠠᠨ ᠬᠠᠷᠭᠤᠭᠤᠯᠬᠤ ᠪᠠᠷ ᠳᠤᠷᠠᠳᠤᠨ ᠳᠡᠪᠰᠢᠭᠦᠯᠬᠦ ᠳᠤ᠂ ᠳᠣᠤᠷᠠᠬᠢ ᠮᠠᠲ᠋ᠧᠷᠢᠶᠠᠯ ᠤᠳ ᠢ ᠲᠤᠰᠢᠶᠠᠨ ᠳᠡᠪᠰᠢᠭᠦᠯᠬᠦ ᠬᠡᠷᠡᠭᠲᠡᠶ᠄ ︵ᠨᠢᠭᠡ︶ | ᠪᠠᠶᠢᠴᠠᠭᠠᠵᠤ ᠳᠠᠭᠤᠰᠬᠠᠭᠰᠠᠨ ᠮᠡᠳᠡᠭᠦᠯᠦᠯᠲᠡ ᠪᠤᠶᠤ ᠬᠤᠯᠪᠣᠭᠳᠠᠯ ᠪᠦᠬᠦᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︔ ︵ᠬᠤᠶᠠᠷ︶ ᠬᠠᠤᠯᠢ | ᠬᠡᠷᠡᠭᠵᠢᠭᠦᠯᠬᠦ ᠲᠣᠭᠲᠠᠭᠠᠯ ᠤᠨ ᠣᠷᠣᠯᠠᠨ ᠲᠤᠭᠤᠷᠪᠢᠭᠰᠠᠨ ᠨᠤᠤᠷᠠᠭ︔ ︵ᠭᠤᠷᠪᠠ︶ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠬᠤᠯᠪᠣᠭᠳᠠᠯ ᠪᠦᠬᠦᠢ | ᠦᠨᠳᠦᠰᠦᠯᠡᠯ︔ ︵ᠲᠦᠷᠪᠡ︶ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ︔ ︵ᠲᠠᠪᠤ︶ ᠭᠡᠷᠡᠴᠢᠯᠡᠭᠡ ᠰᠤᠨᠤᠰᠴᠤ᠂ | ᠦᠨᠡᠯᠡᠨ ᠵᠢᠱᠢᠭᠰᠡᠨ ᠪᠠᠶᠢᠪᠠᠯ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ ᠳᠡᠪᠰᠢᠭᠦᠯᠦᠨ᠎ᠡ︔ ︵ᠵᠢᠷᠭᠤᠭ᠎ᠠ︶ | ᠲᠤᠰᠢᠶᠠᠨ ᠳᠡᠪᠰᠢᠭᠦᠯᠬᠦ ᠶᠣᠰᠣᠲᠠᠶ ᠪᠤᠰᠤᠳ ᠮᠠᠲ᠋ᠧᠷᠢᠶᠠᠯ᠃ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠲᠤᠰᠢᠶᠠᠨ ᠳᠡᠪᠰᠢᠭᠦᠯᠦᠭᠰᠡᠨ | ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠭᠡᠵᠦ ᠦᠵᠡᠪᠡᠯ᠂ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠶᠢ ᠵᠢᠭᠠᠨ ᠲᠤᠭᠲᠠᠭᠠᠭᠰᠠᠨ | ᠴᠠᠭ ᠤᠨ ᠳᠣᠲᠣᠷ᠎ᠠ ᠮᠠᠲ᠋ᠧᠷᠢᠶᠠᠯ ᠢᠶᠠᠨ ᠨᠥᠬᠦᠪᠥᠷᠢᠯᠡᠭᠦᠯᠬᠦ ᠪᠠᠷ ᠱᠠᠭᠠᠷᠳᠠᠬᠤ ᠪᠤᠶᠤ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠳᠤ ᠪᠤᠴᠠᠭᠠᠵᠤ | ᠮᠠᠲ᠋ᠧᠷᠢᠶᠠᠯ ᠢᠶᠠᠨ ᠨᠦᠬᠦᠪᠦᠷᠢᠯᠡᠭᠰᠡᠨ ᠤ ᠳᠠᠷᠠᠭ᠎ᠠ ᠳᠠᠬᠢᠨ ᠲᠤᠰᠢᠶᠠᠯᠭᠠᠬᠤ ᠪᠠᠷ ᠱᠠᠭᠠᠷᠳᠠᠵᠤ ᠪᠣᠯᠤᠨ᠎ᠠ᠃ | ᠭᠤᠴᠢᠳᠤᠭᠠᠷ ᠵᠦᠢᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠳᠣᠤᠷᠠᠬᠢ ᠮᠡᠲᠦ ᠠᠭᠤᠯᠭ᠎ᠠ ᠳᠤ ᠬᠠᠤᠯᠢ ᠳᠦᠷᠢᠮ ᠤᠨ ᠬᠢᠨᠠᠨ | ᠬᠠᠷᠭᠤᠭᠤᠯᠤᠯᠲᠠ ᠬᠢᠬᠦ ᠬᠡᠷᠡᠭᠲᠡᠶ᠄ ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠨᠢ ᠬᠠᠤᠯᠢ ᠬᠡᠷᠡᠭᠵᠢᠭᠦᠯᠬᠦ ᠬᠢᠷᠢ ᠭᠡᠮ ᠢ ᠪᠦᠷᠢᠳᠦᠭᠦᠯᠦᠭᠰᠡᠨ ᠡᠰᠡᠬᠦ︔ ︵ᠬᠤᠶᠠᠷ︶ ᠲᠤᠰ ᠰᠠᠯᠠᠭ᠎ᠠ ᠮᠥᠴᠢᠷ ᠤᠨ ᠬᠠᠤᠯᠢ ᠪᠠᠷ | ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠡᠰᠡᠬᠦ︔ ︵ᠭᠤᠷᠪᠠ︶ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ ᠨᠢ ᠬᠠᠤᠯᠢ ᠳᠤ | ᠨᠡᠶᠢᠴᠡᠬᠦ ᠪᠠ ᠪᠦᠷᠢᠨ ᠭᠦᠢᠴᠡᠳ ᠡᠰᠡᠬᠦ︔ ︵ᠲᠦᠷᠪᠡ︶ ᠲᠤᠬᠢᠷᠠᠭᠤᠯᠤᠨ ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠨᠢ ᠵᠦᠪ | ᠣᠨᠣᠪᠴᠢᠲᠠᠶ ᠡᠰᠡᠬᠦ︔ ︵ᠲᠠᠪᠤ︶ ᠲᠤᠬᠢᠷᠠᠭᠤᠯᠤᠨ ᠬᠡᠷᠡᠭᠯᠡᠭᠰᠡᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠲᠣᠬᠢᠷᠠᠮᠵᠢᠲᠠᠶ ᠡᠰᠡᠬᠦ︔ ︵ᠵᠢᠷᠭᠤᠭ᠎ᠠ︶ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔ ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ | ᠬᠠᠷ᠎ᠠ ᠨᠢ ᠪᠦᠷᠢᠨ ᠭᠦᠢᠴᠡᠳ᠂ ᠵᠢᠷᠤᠮᠵᠢᠭᠤᠨ ᠡᠰᠡᠬᠦ︔ ︵ᠨᠠᠢᠮᠠ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠳᠤ ᠰᠡᠵᠢᠭᠯᠡᠭᠳᠡᠭᠡᠳ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠴᠢᠬᠤᠯᠠᠲᠠᠶ ᠪᠠᠶᠢᠬᠤ ᠡᠰᠡᠭᠦ︔ ︵ᠶᠢᠰᠦ︶ ᠬᠢᠨᠠᠨ ᠬᠠᠷᠭᠤᠭᠤᠯᠬᠤ ᠬᠡᠷᠡᠭᠲᠡᠢ ᠪᠤᠰᠤᠳ ᠠᠭᠤᠯᠭ᠎ᠠ᠃ | ᠭᠤᠴᠢᠨ ᠨᠢᠭᠡᠳᠦᠭᠡᠷ ᠵᠦᠢᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠶᠢᠨ | ᠬᠢᠨᠠᠭᠤᠯᠬᠤ ᠪᠠᠷ ᠬᠦᠷᠭᠡᠭᠰᠡᠨ ᠮᠠᠲ᠋ᠧᠷᠢᠶᠠᠯ ᠢ ᠭᠠᠷᠳᠠᠵᠤ ᠠᠪᠤᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠠᠤᠯᠢ ᠳᠦᠷᠢᠮ ᠤᠨ ᠬᠢᠨᠠᠨ | ᠬᠠᠷᠭᠤᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ᠪᠠᠶᠢᠳᠠᠯ ᠨᠢ ᠪᠤᠳᠤᠯᠢᠶᠠᠨᠲᠠᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ | ᠳᠦᠷᠢᠮ ᠤᠨ ᠠᠵᠢᠯ ᠢ ᠭᠤᠤᠯᠴᠢᠯᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠲᠠᠪᠤᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃ | ᠮᠠᠲ᠋ᠧᠷᠢᠶᠠᠯ ᠨᠦᠬᠦᠪᠦᠷᠢᠯᠡᠬᠦ ᠴᠠᠭ ᠬᠤᠭᠤᠴᠠᠭ᠎ᠠ ᠶᠢ ᠬᠢᠨᠠᠨ ᠬᠠᠷᠭᠤᠭᠤᠯᠬᠤ ᠴᠠᠭ ᠬᠤᠭᠤᠴᠠᠭᠠᠨ ᠳᠤ ᠪᠣᠳᠣᠵᠤ ᠤᠷᠤᠭᠤᠯᠬᠤ ᠦᠭᠡᠶ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠨᠢ ᠬᠠᠤᠯᠢ ᠳᠦᠷᠢᠮ ᠢ ᠬᠢᠨᠠᠨ | ᠬᠠᠷᠭᠤᠭᠤᠯᠬᠤ ᠪᠠᠶᠢᠭᠤᠯᠤᠮᠵᠢ ᠶᠢᠨ ᠭᠠᠷᠭᠠᠭᠰᠠᠨ ᠬᠢᠨᠠᠨ ᠬᠠᠷᠭᠤᠭᠤᠯᠤᠭᠰᠠᠨ ᠰᠠᠨᠠᠯ ᠢ ᠬᠦᠯᠢᠶᠡᠨ ᠠᠪᠬᠤ ᠬᠡᠷᠡᠭᠲᠡᠢ᠂ ᠣᠨᠳᠣᠣ ᠰᠠᠨᠠᠯ ᠲᠠᠢ ᠪᠠᠶᠢᠪᠠᠯ᠂ ᠬᠠᠤᠯᠢ | ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠲᠠᠢ ᠵᠦᠪᠳᠡᠯᠴᠡᠨ ᠨᠡᠪᠲᠡᠷᠡᠯᠴᠡᠵᠦ᠂ ᠨᠡᠪᠲᠡᠷᠡᠯᠴᠡᠭᠡᠳ ᠮᠥᠨ ᠬᠦ ᠰᠠᠨᠠᠯ ᠨᠢᠭᠡᠳᠦᠭᠰᠡᠨ ᠦᠭᠡᠶ ᠪᠠᠶᠢᠪᠠᠯ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠮᠡᠳᠡᠭᠦᠯᠦᠨ ᠲᠤᠭᠲᠠᠭᠠᠯᠭᠠᠬᠤ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠲᠠᠯᠪᠢᠯᠲᠠ ᠪᠠ ᠬᠠᠷᠢᠭᠤᠴᠠᠯᠭ᠎ᠠ | ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠲᠤᠰ ᠠᠷᠭ᠎ᠠ ᠶᠢᠨ | ᠲᠣᠭᠲᠠᠭᠠᠯ ᠠᠴᠠ ᠵᠦᠷᠢᠴᠡᠵᠦ᠂ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠲᠤᠰ ᠱᠠᠲᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠬᠠᠤᠯᠢ ᠬᠡᠷᠡᠭᠵᠢᠭᠦᠯᠬᠦ ᠠᠵᠢᠯᠲᠠᠨ ᠤ | ᠬᠠᠷᠢᠶ᠎ᠠ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠬᠦᠨᠳᠦ ᠬᠡᠴᠡᠭᠦᠦ ᠦᠷ᠎ᠡ ᠳ᠋ᠦᠩ ᠲᠠᠢ | ᠪᠤᠯᠤᠭᠰᠠᠨ ᠪᠤᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ | ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ | ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢ ᠲᠣᠭᠲᠠᠭᠠᠯ ᠶᠣᠰᠣᠭᠠᠷ ᠬᠢᠭᠰᠡᠨ ᠦᠭᠡᠶ︔ ︵ᠬᠤᠶᠠᠷ︶ ᠨᠢᠭᠡᠨᠲᠡ ᠵᠠᠷᠯᠠᠨ ᠨᠡᠶᠢᠲᠡᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠮᠡᠳᠡᠭᠡ ᠵᠠᠩᠭᠢ ᠨᠢ ᠣᠨᠣᠪᠴᠢ ᠦᠭᠡᠶ ᠪᠠᠶᠢᠲᠠᠯ᠎ᠠ ᠴᠠᠭ ᠲᠤᠬᠠᠢ ᠳᠤ ᠨᠢ ᠵᠠᠯᠠᠷᠠᠭᠤᠯᠤᠭᠰᠠᠨ ᠦᠭᠡᠶ︔ ︵ᠭᠤᠷᠪᠠ︶ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠰᠢᠩᠭᠡᠭᠡᠨ ᠲᠡᠮᠳᠡᠭᠯᠡᠭᠰᠡᠨ ᠮᠠᠲ᠋ᠧᠷᠢᠶᠠᠯ ᠢ ᠬᠠᠤᠯᠢ ᠶᠣᠰᠣᠭᠠᠷ ᠬᠠᠳᠠᠭᠠᠯᠠᠭᠰᠠᠨ ᠦᠭᠡᠶ︔ ︵ᠳᠥᠷᠪᠡ︶ ᠬᠠᠤᠯᠢ | ᠬᠡᠷᠡᠭᠵᠢᠭᠦᠯᠬᠦ ᠶᠠᠪᠤᠴᠠ ᠶᠢᠨ ᠠᠩᠬᠠᠨ ᠤ ᠲᠡᠮᠳᠡᠭᠯᠡᠯ ᠢ ᠬᠠᠭᠤᠷᠮᠠᠭᠯᠠᠨ ᠵᠣᠬᠢᠶᠠᠭᠰᠠᠨ᠂ ᠵᠠᠰᠠᠪᠤᠷᠢ ᠣᠷᠣᠭᠤᠯᠤᠭᠰᠠᠨ᠂ ᠨᠠᠶᠢᠷᠠᠭᠤᠯᠤᠭᠰᠠᠨ᠂ ᠡᠰᠭᠡᠭᠰᠡᠨ᠂ ᠬᠠᠰᠤᠭᠰᠠᠨ | ᠪᠤᠶᠤ ᠬᠠᠤᠯᠢ ᠪᠠᠷ ᠲᠣᠭᠲᠠᠭᠠᠭᠰᠠᠨ ᠬᠠᠳᠠᠭᠠᠯᠠᠬᠤ ᠬᠤᠭᠤᠴᠠᠭᠠᠨ ᠤ ᠳᠣᠲᠣᠷ᠎ᠠ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ | ᠲᠡᠮᠳᠡᠭᠯᠡᠯ ᠤᠨ ᠮᠠᠲ᠋ᠧᠷᠢᠶᠠᠯ ᠢ ᠤᠰᠠᠳᠬᠠᠭᠰᠠᠨ︔ ︵ᠲᠠᠪᠤ︶ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠢᠨᠠᠨ ᠬᠠᠷᠭᠤᠭᠤᠯᠬᠤ ᠶᠠᠪᠤᠴᠠ ᠳᠤ | ᠬᠤᠳᠠᠯ ᠬᠠᠭᠤᠷᠮᠠᠭᠯᠠᠨ ᠵᠤᠬᠢᠶᠠᠭᠰᠠᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠤᠰᠤᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠭᠰᠡᠨ᠂ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ ᠪᠣᠯᠵᠤ ᠰᠢᠢᠳᠪᠦᠷᠢ ᠶᠢᠨ ᠠᠯᠳᠠᠭ᠎ᠠ ᠭᠠᠷᠭᠠᠭᠰᠠᠨ︔ ︵ᠵᠢᠷᠭᠤᠭ᠎ᠠ︶ ᠲᠤᠰ ᠠᠷᠭ᠎ᠠ ᠶᠢᠨ ᠲᠣᠭᠲᠠᠭᠠᠯ ᠠᠴᠠ | ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ 2020 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |