ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2023/7/28
       — ᠲᠡᠷᠢᠭᠦᠯᠡᠭᠴᠢ ᠰᠢ ᠶᠢᠨ ᠫᠢᠩ ᠤᠨ ᠰᠢᠶᠠᠩᠭᠠᠩ ᠤᠨ ᠫᠧᠢ ᠴᠢᠶᠣᠤ ᠳᠤᠮᠳᠠᠳᠤ ᠰᠤᠷᠭᠠᠭᠤᠯᠢ ᠶᠢᠨ ᠦᠨᠳᠦᠷ ᠨᠢᠭᠡᠳᠦᠭᠡᠷ ᠣᠨ ᠤ ᠪᠦᠬᠦ ᠰᠤᠷᠤᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠰᠢᠶᠠᠩᠭᠠᠩ ᠤᠨ ᠡᠯ᠎ᠡ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠪᠠ        ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 24 ᠤ ᠡᠳᠦᠷ ᠰᠢᠶᠠᠩᠭᠠᠩ ᠤᠨ ᠫᠧᠶ ᠴᠢᠶᠤᠤ ᠳᠤᠮᠳᠠᠳᠤ ᠰᠤᠷᠭᠠᠭᠤᠯᠢ ᠶᠢᠨ ᠦᠨᠳᠦᠷ ᠨᠢᠭᠡᠳᠦᠭᠡᠷ ᠣᠨ ᠤ ᠪᠥᠬᠦ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠫᠧᠢ ᠴᠢᠶᠤᠤ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ᠂ ᠰᠢᠶᠠᠩᠭᠠᠩ ᠤᠨ ᠰᠤᠷᠭᠠᠨ ᠬᠥᠮᠦᠵᠢᠯ ᠤᠨ ᠠᠵᠢᠯᠲᠠᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠳᠤᠮᠳᠠ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠰᠢᠶᠠᠩᠭᠠᠩ ᠤᠨ ᠵᠠᠯᠠᠭᠤᠴᠤᠳ ᠪᠠᠭᠠᠴᠤᠳ ᠢ ᠲᠤᠳᠤᠨᠤ ᠪᠠᠷ ᠬᠠᠯᠠᠮᠵᠢᠯᠠᠨ ᠨᠠᠨᠳᠢᠨ ᠬᠦᠰᠡᠯ ᠲᠠᠯᠪᠢᠵᠤ ᠪᠠᠶᠢᠬᠤ ᠶᠢ ᠭᠦᠢᠴᠡᠳ ᠬᠠᠷᠠᠭᠤᠯᠵᠤ ᠪᠤᠢ᠂ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ᠂ ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃        ︽ᠲᠡᠷᠢᠭᠦᠯᠡᠭᠴᠢ ᠰᠢ ᠶᠢᠨ ᠫᠢᠩ ᠶᠠᠭᠠᠷᠠᠯᠲᠠᠢ ᠠᠵᠢᠯ ᠤᠨ ᠳᠤᠮᠳᠠ ᠪᠠᠨ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠪᠡ᠂ ᠡᠨᠡ ᠪᠣᠯ ᠲᠡᠳᠡᠨ ᠳᠤ ᠦᠭᠭᠦᠭᠰᠡᠨ ᠯᠤᠲᠤ ᠶᠡᠭᠡ ᠵᠣᠷᠢᠭᠵᠢᠭᠤᠯᠤᠯ ᠪᠣᠯᠬᠤ ᠪᠥᠭᠡᠳ ᠪᠠᠰᠠ ᠴᠤ ᠫᠧᠢ ᠴᠢᠶᠤᠤ ᠳᠤᠮᠳᠠᠳᠤ ᠰᠤᠷᠭᠠᠭᠤᠯᠢ ᠶᠢᠨ ︿ᠴᠢᠳᠠᠪᠤᠷᠢᠲᠠᠨ ᠢ ᠬᠦᠮᠦᠵᠢᠭᠦᠯᠭᠦ ᠳᠤ ᠤᠯᠤᠰ ᠲᠠᠭᠠᠨ ᠵᠢᠳᠬᠦᠬᠦ ᠶᠢ ᠪᠤᠳᠤᠬᠤ﹀ ᠰᠤᠷᠭᠠᠭᠤᠯᠢ ᠡᠷᠬᠢᠯᠡᠬᠦ ᠤᠢᠢᠯᠠᠭᠠᠭᠳᠠᠬᠤᠨ ᠢ ᠨᠤᠳᠠᠯᠠᠨ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠤᠨ᠎ᠠ︾ ᠭᠡᠵᠦ ᠰᠢᠶᠠᠩᠭᠠᠩ ᠤᠨ ᠫᠸᠢ ᠴᠢᠶᠣᠤ ᠳᠤᠮᠳᠠᠳᠤ ᠰᠤᠷᠭᠠᠭᠤᠯᠢ ᠶᠢᠨ ᠵᠠᠬᠢᠷᠤᠯ ᠦ᠋ ᠬᠤᠸᠠᠨ ᠵᠢᠶᠧ ᠬᠡᠯᠡᠭᠰᠡᠨ ᠢᠶᠠᠨ ᠵᠠᠯᠭᠠᠭᠠᠳ᠂ ᠰᠤᠷᠭᠠᠭᠤᠯᠢ ᠨᠢ ᠶᠡᠷᠦ ᠠᠴᠠ ᠲᠦᠮᠡᠨ ᠪᠣᠲᠢ ᠨᠣᠮ ᠤᠩᠰᠢᠬᠤ ᠶᠢ ᠲᠦᠮᠡᠨ ᠭᠠᠵᠠᠷ ᠠᠶᠠᠯᠠᠬᠤ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢᠳ ᠢ ᠵᠣᠬᠢᠶᠠᠨ ᠪᠠᠶᠢᠭᠤᠯᠵᠤ ᠳᠣᠲᠣᠷ ᠭᠠᠵᠠᠷ ᠲᠤ ᠬᠦᠷᠴᠦ ᠪᠡᠶᠡᠴᠢᠯᠡᠨ ᠤᠶᠢᠯᠠᠭᠠᠭᠤᠯᠬᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠲᠣᠭᠲᠠᠴᠠ ᠶᠢ ᠪᠦᠷᠢᠯᠳᠦᠭᠦᠯᠪᠡ︔ ᠰᠤᠷᠭᠠᠭᠤᠯᠢ ᠨᠢ ᠪᠠᠰᠠ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠤ ᠲᠤᠳᠤᠷ ᠭᠠᠵᠠᠷ ᠤᠨ ᠬᠤᠳᠠ ᠶᠢᠨ ᠤᠯᠠᠨ ᠰᠤᠷᠭᠠᠭᠤᠯᠢ ᠲᠠᠢ ᠡᠭᠡᠴᠢ ᠳᠡᠭᠦᠦ ᠰᠤᠷᠭᠠᠭᠤᠯᠢ ᠪᠠᠶᠢᠭᠤᠯᠵᠤ᠂ ᠦᠷᠭᠦᠯᠵᠢ ᠡᠭᠡᠴᠢ ᠳᠡᠭᠦᠦ ᠰᠤᠷᠭᠠᠭᠤᠯᠢ ᠪᠣᠯᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠰᠣᠯᠢᠯᠴᠠᠭ᠎ᠠ ᠬᠢᠯᠭᠡᠵᠦ᠂ ᠰᠤᠷᠤᠭᠴᠢᠳ ᠲᠤ ᠤᠯᠤᠰ ᠤᠨ ᠬᠥᠭᠵᠢᠯᠲᠡ ᠲᠠᠪᠰᠢᠯᠳᠠ ᠶᠢ ᠤᠶᠢᠯᠠᠭᠠᠭᠤᠯᠤᠬᠰᠠᠨ ᠶᠤᠮ ᠬᠡᠪᠡ᠃ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠭᠰᠡᠨ ᠰᠤᠷᠤᠭᠴᠢᠳ ᠤᠨ ᠲᠥᠯᠥᠭᠡᠯᠡᠭᠴᠢ ᠴᠧᠨ ᠮᠠᠨ ᠯᠢᠨ ᠬᠡᠯᠡᠭᠦ ᠳᠡᠭᠡᠨ᠂ ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠢ ᠲᠤᠰᠤᠭᠠᠳ ᠲᠦᠢᠯ ᠢᠶᠠᠷ ᠤᠷᠮᠠᠰᠢᠨ ᠵᠤᠷᠢᠬᠵᠢᠬᠰᠠᠨ ᠶᠤᠮ᠂ ᠦᠷᠭᠦᠯᠵᠢᠯᠡᠨ ᠢᠳᠡᠪᠬᠢᠲᠡᠢ᠂ ᠰᠠᠨᠠᠭᠠᠴᠢᠯᠠᠭ᠎ᠠ ᠲᠠᠢ᠂ ᠬᠠᠯᠠᠭᠤᠨ ᠰᠡᠳᠬᠢᠯᠭᠡ ᠲᠠᠢ ᠪᠠᠶᠢᠵᠤ᠂ ᠡᠷᠳᠡᠮ ᠴᠢᠳᠠᠪᠤᠷᠢ ᠪᠠᠨ ᠴᠢᠷᠮᠠᠶᠢᠨ ᠨᠡᠮᠡᠭᠳᠡᠭᠦᠯᠵᠦ᠂ ᠰᠢᠶᠠᠩᠭᠠᠩ ᠳᠤ ᠰᠠᠭᠤᠷᠢᠯᠠᠭᠰᠠᠨ᠂ ᠬᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠪᠤᠲᠤᠬᠤ ᠪᠥᠭᠡᠳ ᠳᠡᠯᠡᠬᠡᠢ ᠶᠢᠨ ᠬᠠᠷᠠᠭᠠᠰᠤ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠨ᠎ᠠ ᠭᠡᠪᠡ᠃        ᠹᠦᠳᠠᠨ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠫᠧᠢ ᠴᠢᠶᠣᠤ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠵᠢᠶᠠᠩ ᠹᠧᠢ ᠹᠠᠨ ᠶᠠᠭ ᠭᠦᠢᠵᠧᠦ ᠶᠢᠨ ᠳ᠋ᠤᠤ ᠵᠧᠨ ᠤ ᠭᠧᠯᠤᠤ ᠦᠨᠳᠦᠰᠦᠲᠡᠨ ᠮᠢᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠱᠠᠩᠪᠠ ᠦᠨᠳᠦᠰᠦᠲᠡᠨ ᠤ ᠪᠠᠭ᠎ᠠ ᠰᠤᠷᠭᠠᠭᠤᠯᠢ ᠳᠤ ᠪᠠᠭᠰᠢᠯᠠᠵᠤ ᠪᠠᠶᠢᠨ᠎ᠠ᠃ ︽ᠲᠡᠷᠢᠭᠦᠯᠡᠭᠴᠢ ᠰᠢ ᠶᠢᠨ ᠫᠢᠩ ᠵᠠᠬᠢᠳᠠᠯ ᠳᠠᠭᠠᠨ᠂ ︿ᠲᠦᠮᠡᠨ ᠪᠤᠳᠢ ᠨᠣᠮ ᠤᠩᠰᠢᠬᠤ ᠶᠢ ᠲᠦᠮᠡᠨ ᠭᠠᠵᠠᠷ ᠠᠶᠠᠯᠠᠬᠤ ᠲᠠᠢ ᠤᠶᠠᠯᠳᠤᠭᠤᠯᠵᠤ᠁ ᠡᠭᠡ ᠤᠯᠤᠰ ᠤᠨ ᠢᠶᠠᠨ ᠲᠡᠦᠬᠡ ᠰᠣᠶᠣᠯ ᠪᠣᠯᠤᠨ ᠣᠳᠣᠬᠢ ᠤᠯᠤᠰ ᠤᠨ ᠪᠠᠶᠢᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ﹀ ᠭᠡᠪᠡ᠃ ᠬᠡᠷᠪᠡ ᠥᠪᠡᠷ ᠤᠨ ᠪᠡᠶ᠎ᠡ ᠪᠠᠷ ᠢᠶᠠᠨ ᠡᠬᠡ ᠤᠯᠤᠰ ᠤᠨ ᠬᠥᠳᠡᠭᠡ ᠲᠣᠰᠬᠤᠨ ᠳᠤ ᠢᠷᠡᠭᠰᠡᠨ ᠦᠭᠡᠢ ᠪᠣᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠳᠦᠯᠭᠡ ᠡᠶᠢᠮᠦ ᠭᠠᠯ ᠬᠠᠯᠠᠭᠤᠨ ᠪᠠᠶᠢᠬᠤ ᠶᠢ ᠪᠢ ᠲᠦᠰᠦᠭᠡᠯᠡᠵᠦ ᠲᠡᠶᠢᠯᠭᠦ ᠦᠭᠡᠢ ᠶᠤᠮ︾᠃ ᠭᠦᠢᠵᠧᠦ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠨᠢᠳᠦ ᠪᠠᠷ ᠢᠶᠠᠨ ᠦᠵᠡᠭᠰᠡᠨ ᠤ ᠲᠠᠷᠠᠭ᠎ᠠ᠂ ᠵᠢᠶᠠᠩ ᠹᠸᠢ ᠹᠠᠨ ᠲᠡᠷᠢᠭᠦᠯᠡᠭᠴᠢ ᠰᠢ ᠶᠢᠨ ᠫᠢᠩ ᠤᠨ ᠵᠠᠬᠢᠳᠠᠯ ᠳᠠᠬᠢ ᠵᠣᠷᠢᠭᠵᠢᠭᠤᠯᠤᠯ ᠦᠭᠡ ᠳᠤ ᠨᠡᠩ ᠭᠦᠨ ᠲᠦᠷᠦᠭᠳᠡᠯ ᠲᠠᠢ ᠪᠣᠯᠵᠠᠢ᠃ ᠲᠡᠷᠡ ᠡᠬᠡ ᠰᠤᠷᠭᠠᠭᠤᠯᠢ ᠶᠢᠨ ᠢᠶᠠᠨ ᠨᠣᠮ ᠤᠨ ᠳᠡᠭᠦᠦ ᠨᠡᠷ ᠤᠨ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠣᠰᠣᠭᠠᠷ᠂ ᠰᠢᠷᠭᠠᠭᠤ ᠬᠠᠲᠠᠭᠤᠵᠢᠯᠲᠠᠢ ᠰᠤᠷᠤᠯᠴᠠᠬᠤ ᠶᠢᠨ ᠳᠠᠭᠠᠤ ᠠᠵᠠ ᠲᠣᠬᠢᠶᠠᠯ ᠢ ᠠᠮᠵᠢᠵᠤ᠂ ᠠᠳᠠᠯᠢ ᠪᠤᠰᠤ ᠠᠷᠭ᠎ᠠ ᠬᠡᠯᠪᠡᠷᠢ ᠪᠠᠷ ᠡᠬᠡ ᠤᠯᠤᠰ ᠢᠶᠠᠨ ᠭᠦᠨᠵᠡᠭᠡᠢ ᠣᠶᠢᠯᠠᠭᠠᠵᠤ᠂ ᠤᠯᠤᠰ ᠤᠨ ᠪᠠᠶᠢᠳᠠᠯ ᠢ ᠣᠶᠢᠯᠠᠭᠠᠬᠤ᠂ ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠴᠢᠳᠠᠪᠤᠷᠢᠲᠠᠨ ᠪᠣᠯᠬᠤ ᠶᠢ ᠬᠦᠰᠡᠪᠡ᠃        ᠰᠢᠶᠠᠩᠭᠠᠩ ᠤᠨ ᠵᠠᠰᠠᠭ ᠵᠠᠬᠢᠷᠭᠠᠨ ᠤ ᠤᠨᠴᠠᠭᠠᠢ ᠣᠷᠣᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠼᠠᠢ ᠷᠦᠸᠧ ᠯᠢᠶᠠᠨ ᠤᠨ ᠦᠵᠡᠭᠦ ᠪᠠᠷ᠂ ︽ᠲᠡᠷᠢᠭᠦᠯᠡᠭᠴᠢ ᠰᠢ ᠶᠢᠨ ᠫᠢᠩ ᠰᠢᠶᠠᠩᠭᠠᠩ ᠤᠨ ᠵᠠᠯᠠᠭᠤᠴᠤᠳ ᠤᠨ ᠬᠥᠭᠵᠢᠯᠲᠡ ᠶᠢ ᠢᠮᠠᠭᠲᠠ ᠬᠠᠯᠠᠮᠵᠢᠯᠠᠵᠤ᠂ ᠳᠡᠳᠡᠨ ᠢ ᠰᠠᠶᠢᠨ ᠰᠠᠶᠢᠬᠠᠨ ᠰᠢᠶᠠᠩᠭᠠᠩ ᠢ ᠪᠦᠳᠦᠬᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯᠤᠭᠰᠠᠨ ᠤ ᠬᠤᠪᠢ ᠳᠤ᠂ ᠯᠠᠪᠳᠠᠢ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠴᠢᠷᠮᠠᠶᠢᠵᠤ᠂ ᠥᠪᠡᠷ ᠢ ᠪᠠᠨ ᠴᠢᠷᠮᠠᠶᠢᠨ ᠲᠡᠭᠦᠯᠳᠡᠷᠵᠢᠭᠦᠯᠵᠦ᠂ ᠬᠤᠪᠢ ᠬᠥᠮᠦᠨ ᠤ ᠳᠠᠪᠠᠭᠤᠯᠢᠭ ᠢᠶᠠᠷ ᠢᠶᠠᠨ ᠤᠯᠤᠰ ᠤᠨ ᠬᠡᠷᠡᠭᠴᠡᠭᠡ ᠳᠤ ᠦᠢᠯᠡᠴᠢᠯᠡᠨ᠎ᠡ︾ ᠭᠡᠪᠡ᠃        ᠰᠢᠶᠠᠩᠭᠠᠩ ᠤᠨ ᠬᠠᠤᠯᠢ ᠲᠣᠭᠲᠠᠭᠠᠬᠤ ᠬᠤᠷᠠᠯ ᠤᠨ ᠴᠢᠳᠠᠮᠵᠢᠳᠦ ᠪᠦᠯᠬᠦᠮ ᠤᠨ ᠡᠲᠡᠭᠡᠳ ᠤᠨ ᠢᠯᠭᠠᠯ ᠤᠨ ᠰᠤᠷᠭᠠᠨ ᠬᠥᠮᠦᠵᠢᠯ ᠤᠨ ᠡᠲᠡᠭᠡᠳ ᠤᠨ ᠵᠥᠪᠯᠡᠯᠭᠡᠨ ᠤ ᠭᠡᠰᠢᠭᠦᠨ ᠵᠦ ᠭᠦᠸᠧ ᠴᠢᠶᠠᠩ ᠬᠡᠯᠡᠭᠦ ᠳᠡᠭᠡᠨ᠂ ᠲᠡᠷᠢᠭᠦᠯᠡᠭᠴᠢ ᠰᠢ ᠶᠢᠨ ᠫᠢᠩ ᠤᠨ ᠰᠤᠷᠤᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠨᠢ ᠵᠣᠷᠢᠭᠵᠢᠭᠤᠯᠤᠯ ᠪᠣᠯᠬᠤ ᠪᠥᠭᠡᠳ ᠪᠠᠰᠠ ᠰᠢᠶᠠᠩᠭᠠᠩ ᠤᠨ ᠰᠤᠷᠭᠠᠨ ᠬᠥᠮᠦᠵᠢᠯ ᠤᠨ ᠡᠲᠡᠭᠡᠳ ᠤᠨ ᠬᠢᠨ ᠳᠤ ᠲᠠᠯᠪᠢᠭᠰᠠᠨ ᠬᠦᠰᠡᠯ ᠡᠷᠡᠮᠡᠯᠵᠡᠯ ᠪᠤᠯᠬᠤ ᠶᠤᠮ ᠭᠡᠪᠡ᠃ ᠲᠡᠭᠦᠨ ᠤ ᠦᠵᠡᠬᠦ ᠪᠠᠷ᠂ ᠰᠢᠶᠠᠩᠭᠠᠩ ᠤᠨ ᠵᠠᠯᠠᠭᠤ ᠰᠤᠷᠤᠭᠴᠢᠳ ᠳᠣᠲᠣᠷ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠪᠣᠯ ᠡᠬᠡ ᠤᠯᠤᠰ ᠤᠨ ᠲᠡᠦᠬᠡ ᠰᠣᠶᠣᠯ ᠪᠠ ᠤᠯᠤᠰ ᠤᠨ ᠪᠣᠳᠠᠲᠤ ᠪᠠᠶᠢᠳᠠᠯ ᠢ ᠣᠶᠢᠯᠠᠭᠠᠬᠤ ᠬᠠᠮᠤᠭ ᠤᠨ ᠰᠠᠶᠢᠨ ᠠᠷᠭ᠎ᠠ ᠵᠠᠮ ᠮᠥᠨ᠂ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢᠨ ᠠᠭᠢᠬᠤ ᠶᠢ ᠳᠠᠭᠠᠯᠳᠤᠨ᠂ ᠢᠯᠠᠩᠭᠤᠶ᠎ᠠ ︽ᠠᠷᠠᠳ ᠢᠷᠭᠡᠨ ᠬᠢᠭᠡᠳ ᠨᠡᠶᠢᠭᠡᠮ ᠤᠨ ᠬᠥᠭᠵᠢᠯᠲᠡ ᠶᠢᠨ ᠰᠢᠨᠵᠢᠯᠡᠭᠡᠨ︾ ᠳᠣᠲᠣᠷ ᠭᠠᠵᠠᠷ ᠤᠨ ᠪᠠᠶᠢᠴᠠᠭᠠᠨ ᠰᠤᠳᠤᠯᠤᠯᠲᠠ ᠶᠢ ᠬᠢᠴᠢᠶᠡᠯ ᠳᠤ ᠣᠷᠣᠭᠤᠯᠪᠠᠯ ︽ᠡᠬᠡ ᠣᠷᠣᠨᠴᠢ ᠬᠠᠶᠢᠷ᠎ᠠ ᠰᠡᠳᠬᠢᠯᠭᠡ ᠶᠢ ᠨᠠᠩ ᠰᠠᠶᠢᠨ ᠵᠤᠵᠠᠭᠠᠳᠬᠠᠵᠤ ᠴᠢᠳᠠᠨ᠎ᠠ︾ ᠭᠡᠵᠦ ᠢᠲᠡᠭᠡᠵᠦ ᠪᠠᠶᠢᠨ᠎ᠠ ᠬᠡᠪᠡ᠃ ᠰᠢᠶᠠᠩᠭᠠᠩ ᠤᠨ ᠰᠤᠷᠭᠠᠨ ᠬᠥᠮᠦᠵᠢᠯ ᠤᠨ ᠠᠵᠢᠯᠲᠠᠳ ᠤᠨ ᠬᠤᠯᠪᠣᠭᠠᠲᠤ ᠬᠤᠷᠠᠯ ᠢᠯᠡᠷᠬᠡᠶᠢᠯᠡᠯᠲᠡ ᠨᠡᠶᠢᠲᠡᠯᠡᠵᠦ᠂ ᠲᠡᠷᠢᠭᠦᠯᠡᠭᠴᠢ ᠰᠢ ᠶᠢᠨ ᠫᠢᠩ ᠰᠢᠶᠠᠩᠭᠠᠩ ᠤᠨ ᠵᠠᠯᠠᠭᠤᠴᠤᠳ ᠢ ᠣᠨᠴᠠᠭᠠᠢ ᠬᠠᠯᠠᠮᠵᠢᠯᠠᠨ ᠬᠠᠶᠢᠷᠠᠯᠠᠵᠤ ᠪᠠᠶᠢᠨ᠎ᠠ᠂ ᠰᠢᠶᠠᠩᠭᠠᠩ ᠤᠨ ᠰᠤᠷᠭᠠᠨ ᠬᠥᠮᠦᠵᠢᠯ ᠤᠨ ᠠᠵᠢᠯᠲᠠᠳ ᠤᠨ ᠬᠤᠯᠪᠣᠭᠠᠲᠤ ᠬᠤᠷᠠᠯ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠵᠠᠰᠠᠭ ᠵᠠᠬᠢᠷᠭᠠᠨ ᠤ ᠤᠨᠴᠠᠭᠠᠢ ᠣᠷᠣᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠪᠴᠢᠶ᠎ᠠ ᠲᠠᠢ ᠨᠢᠭᠲᠠ ᠬᠠᠮᠲᠤᠷᠠᠯᠴᠠᠵᠤ᠂ ᠬᠤᠶᠢᠴᠢ ᠦᠶ᠎ᠡ ᠶᠢᠨ ᠬᠢᠨ ᠤ ᠤᠯᠤᠰ ᠤᠨ ᠦᠵᠡᠯᠲᠡ ᠲᠠᠨᠢᠯᠳᠠ ᠶᠢᠨ ᠬᠥᠮᠦᠵᠢᠯ ᠢ ᠴᠢᠩᠭᠠᠳᠬᠠᠵᠤ᠂ ᠰᠢᠶᠠᠩᠭᠠᠩ ᠤᠨ ᠵᠠᠯᠠᠭᠤᠴᠤᠳ ᠢ ᠡᠷᠲᠡᠬᠡᠨ ᠶᠡᠭᠡ ᠡᠭᠦᠷᠭᠡ ᠶᠢ ᠪᠡᠶᠡᠯᠡᠭᠦᠯᠬᠦ ᠲᠤᠯᠭᠠᠭᠤᠷᠢ ᠬᠦᠴᠦᠨ ᠪᠣᠯᠭᠠᠨ ᠬᠥᠮᠦᠵᠢᠭᠦᠯᠦᠨ᠎ᠡ ᠭᠡᠪᠡ᠃       ︽ᠲᠡᠷᠢᠭᠦᠯᠡᠭᠴᠢ ᠰᠢ ᠶᠢᠨ ᠫᠢᠩ ᠤᠨ ᠫᠧᠢ ᠴᠢᠶᠤᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠨᠢ ᠴᠥᠮ ᠰᠢᠶᠠᠩᠭᠠᠩ ᠢ ᠴᠢᠬᠤᠯᠠᠴᠢᠯᠠᠵᠤ᠂ ᠰᠢᠶᠠᠩᠭᠠᠩ ᠤᠨ ᠵᠠᠯᠠᠭᠤᠴᠤᠳ ᠢ ᠬᠠᠶᠢᠷᠠᠯᠠᠵᠤ ᠪᠠᠶᠢᠬᠤ ᠶᠢ ᠢᠯᠡᠳᠬᠡᠵᠡᠢ︾᠃ ᠰᠢᠶᠠᠩᠭᠠᠩ ᠳᠤ ᠪᠠᠶᠢᠭ᠎ᠠ 23 ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠠᠴᠠ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠪᠢᠴᠢᠭᠰᠡᠨ ᠰᠢᠶᠠᠩᠭᠠᠩ ᠤᠨ ᠠᠩᠬᠠᠳᠠᠭᠴᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠢᠶᠠᠩᠭᠠᠩ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠫᠷᠤᠹᠧᠰᠰᠤᠷ ᠴᠧᠨ ᠴᠢᠩ ᠴᠢᠤᠸᠠᠨ ᠡᠷᠭᠢᠴᠡᠭᠦᠯᠬᠦ ᠳᠡᠭᠡᠨ᠂ ᠨᠢᠳᠤᠨᠤᠨ ᠤ 6 ᠰᠠᠷ᠎ᠠ ᠶᠢᠨ 30 ᠤ ᠡᠳᠦᠷ᠂ ᠲᠡᠷᠢᠭᠦᠯᠡᠭᠴᠢ ᠰᠢ ᠶᠢᠨ ᠫᠢᠩ ᠰᠢᠶᠠᠩᠭᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠰᠢᠶᠠᠩᠭᠠᠩ ᠤᠨ ᠬᠤᠶᠠᠷ ᠬᠦᠷᠢᠶᠡᠯᠡᠩ ᠤᠨ ᠠᠺᠠᠳᠧᠮᠢᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ᠂ ᠰᠢᠨ᠎ᠡ ᠶᠢ ᠡᠭᠦᠳᠬᠦ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶ᠋ᠶᠠᠨ ᠳᠠᠭᠠᠨ᠂ ᠣᠨᠴᠠᠭᠠᠶᠢᠯᠠᠨ ᠵᠠᠯᠠᠭᠤᠴᠤᠳ ᠢ ᠵᠣᠷᠢᠭᠵᠢᠭᠤᠯᠪᠠ᠃ ᠴᠧᠨ ᠴᠢᠩ ᠴᠢᠤᠸᠠᠨ ᠬᠡᠯᠡᠭᠦ ᠳᠡᠭᠡᠨ᠂ ᠰᠢᠶᠠᠩᠭᠠᠩ ᠤᠨ ᠵᠠᠯᠠᠭᠤᠴᠤᠳ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠦᠢᠯᠡᠳᠦᠯᠭᠡᠵᠢᠭᠦᠯᠵᠦ᠂ ᠡᠬᠡ ᠣᠷᠣᠨᠴᠢ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠰᠠᠶᠢᠨ ᠰᠠᠶᠢᠬᠠᠨ ᠰᠢᠶᠠᠩᠭᠠᠩ ᠢ ᠪᠦᠳᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃        ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠨᠠᠶᠢᠷᠠᠮᠳᠠᠯ ᠢᠶᠠᠷ ᠨᠢᠭᠡᠳᠭᠡᠭᠦ ᠶᠢ ᠠᠬᠢᠭᠤᠯᠬᠤ ᠬᠤᠷᠠᠯ ᠤᠨ ᠰᠢᠶᠠᠩᠭᠠᠩ ᠤᠨ ᠶᠡᠷᠦᠩᠬᠡᠢ ᠬᠤᠷᠠᠯ ᠤᠨ ᠳᠠᠷᠤᠭ᠎ᠠ ᠶᠣᠣ ᡁᠢ ᠱᠧᠩ ᠬᠡᠯᠡᠭᠦ ᠳᠡᠭᠡᠨ᠂ ᠲᠡᠷᠢᠭᠦᠯᠡᠭᠴᠢ ᠰᠢ ᠶᠢᠨ ᠫᠢᠩ ᠤᠨ ᠬᠠᠷᠢᠭᠤ ᠵᠠᠬᠢᠳᠠᠯ ᠳᠤ ᠰᠢᠶᠠᠩᠭᠠᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠶᠠᠩᠭᠠᠩ ᠤᠨ ᠵᠠᠯᠠᠭᠤᠴᠤᠳ ᠢ ᠬᠠᠯᠠᠮᠵᠢᠯᠠᠨ ᠬᠠᠶᠢᠷᠠᠯᠠᠵᠤ᠂ ᠰᠢᠶᠠᠩᠭᠠᠩ ᠤᠨ ᠰᠤᠷᠭᠠᠨ ᠬᠥᠮᠦᠵᠢᠯ ᠤᠨ ᠡᠲᠡᠭᠡᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠪᠡ᠃ ︽ᠪᠢᠳᠡ ᠡᠷᠬᠡᠪᠰᠢ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ ᠶᠢᠨ ᠬᠠᠮᠲᠤ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠰᠢᠶᠠᠩᠭᠠᠩ ᠤᠨ ᠵᠠᠯᠠᠭᠤᠴᠤᠳ ᠤᠨ ᠤᠯᠤᠰ ᠤᠨ ᠦᠵᠡᠯᠲᠡ ᠶᠢ ᠬᠦᠴᠦᠯᠡᠨ ᠬᠥᠮᠦᠵᠢᠭᠦᠯᠬᠦ ᠬᠡᠷᠡᠭᠲᠡᠢ︾ ᠭᠡᠵᠦ ᠶᠣᠣ ᡁᠢ ᠱᠧᠩ ᠬᠡᠯᠡᠭᠰᠡᠨ ᠢᠶᠠᠨ ᠵᠠᠯᠭᠠᠭᠠᠳ᠂ ᠰᠢᠶᠠᠩᠭᠠᠩ ᠤᠨ ᠵᠠᠯᠠᠭᠤᠴᠤᠳ ᠢ ᠬᠠᠪᠰᠤᠷᠤᠨ ᠰᠢᠶᠠᠩᠭᠠᠩ ᠤᠨ ︽ᠡᠬᠡ ᠤᠯᠤᠰ ᠲᠠᠭᠠᠨ ᠲᠦᠰᠢᠭᠯᠡᠵᠦ᠂ ᠳᠡᠯᠡᠬᠡᠶ ᠳ᠋ᠠᠬᠢᠨ ᠲᠠᠢ ᠬᠤᠯᠪᠣᠯᠳᠤᠨ ᠨᠡᠪᠲᠡᠷᠡᠯᠴᠡᠬᠦ︾ ᠥᠪᠡᠷᠮᠢᠴᠡ ᠳᠠᠪᠠᠭᠤᠯᠢᠭ ᠢ ᠭᠦᠢᠴᠡᠳ ᠲᠠᠨᠢᠭᠤᠯᠵᠤ᠂ ᠲᠡᠳᠡᠨ ᠢ ᠬᠠᠪᠰᠤᠷᠤᠨ ᠦᠰᠦᠨ ᠪᠤᠶᠢᠵᠢᠭᠤᠯᠵᠤ ᠴᠢᠳᠠᠪᠤᠷᠢᠲᠠᠨ ᠪᠣᠯᠭᠠᠵᠤ᠂ ᠵᠠᠯᠠᠭᠤᠴᠤᠳ ᠢ ᠰᠢᠶᠠᠩᠭᠠᠩ ᠤᠨ ᠣᠷᠳᠣ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠡᠶᠡᠯᠡᠭᠦᠯᠬᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠯᠠᠪᠳᠠᠭᠤᠨ ᠢᠶᠠᠷ ᠠᠯᠤᠰ ᠠᠶᠠᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠬᠦᠴᠦᠨ ᠪᠣᠯᠭᠠᠨ ᠬᠥᠮᠦᠵᠢᠭᠦᠯᠬᠦ ᠬᠡᠷᠡᠭᠲᠡᠶ ᠭᠡᠪᠡ᠃  
ᠢᠷᠡᠯᠲᠡ᠄ ᠠᠷᠠᠳ ᠤᠨ ᠮᠤᠩᠭᠤᠯ ᠰᠦᠯᠵᠢᠶ᠎ᠡ